ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ  ︽ᠬᠥᠬᠡᠬᠤᠲᠠ ᠶᠢᠨ ᠵᠠᠰᠠᠭ ᠤᠨ ᠣᠷᠳᠣᠨ ᠤ 2021 ᠣᠨ ᠤ ︿ᠠᠷᠠᠳ ᠲᠤ ᠪᠣᠳᠠᠲᠠᠢ ᠤᠴᠢᠷ ᠬᠢᠬᠦ﹀ ᠵᠦᠢᠯᠡᠰ ᠤᠨ ᠬᠠᠭᠤᠳᠠᠰᠤ︾ ᠵᠡᠷᠭᠡ ᠶᠢ ᠰᠤᠳᠤᠯᠪᠠ
ᠨᠡᠶᠢᠲᠡᠯᠡᠭᠰᠡᠨ ᠴᠠᠭ᠄
2021/4/7
ᠾᠧ ᠬᠠᠢ ᠳ᠋ᠦᠩ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠪᠦᠬᠦ ᠬᠤᠲᠠ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠬᠥᠬᠡᠬᠤᠲᠠ ᠶᠢᠨ ᠵᠠᠰᠠᠭ ᠤᠨ ᠣᠷᠳᠣᠨ ᠤ 2021 ᠣᠨ ᠤ ︿ᠠᠷᠠᠳ ᠲᠤ ᠪᠣᠳᠠᠲᠠᠢ ᠤᠴᠢᠷ ᠬᠢᠬᠦ﹀ ᠵᠦᠢᠯᠡᠰ ᠤᠨ ᠬᠠᠭᠤᠳᠠᠰᠤ︾᠂ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠵᠡᠷᠭᠡ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠪᠦᠬᠦ ᠬᠤᠲᠠ ᠶᠢᠨ ᠣᠳᠣᠬᠠᠨ ᠤ ᠠᠵᠤ ᠠᠬᠤᠢ ᠶᠢᠨ ᠪᠠᠶᠢᠳᠠᠯ ᠲᠣᠭᠲᠠᠭᠤᠨ ᠤ ᠳᠤᠮᠳᠠ ᠳᠠᠪᠰᠢᠯᠲᠠ ᠲᠠᠢ᠂ ᠲᠣᠭᠲᠠᠭᠤᠨ ᠤ ᠳᠤᠮᠳᠠ ᠰᠠᠶᠢᠨ ᠲᠡᠶᠢᠰᠢ ᠬᠠᠨᠳᠤᠵᠤ᠂ ᠡᠭᠦᠨ ᠤ ᠵᠡᠷᠭᠡ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠴᠦ ᠪᠠᠭᠤᠷᠠᠬᠤ ᠳᠠᠷᠤᠯᠲᠠ ᠲᠠᠢ ᠪᠠᠶᠢᠵᠤ᠂ ᠲᠣᠭᠲᠠᠪᠤᠷᠢ ᠦᠭᠡᠢ ᠴᠢᠨᠠᠷ ᠲᠣᠳᠣᠷᠬᠠᠢ ᠪᠤᠰᠤ ᠴᠢᠨᠠᠷ ᠤᠨ ᠡᠯᠧᠮᠧᠨ᠋ᠲ ᠨᠡᠯᠢᠶᠡᠳ ᠣᠯᠠᠨ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠥᠭᠵᠢᠯᠲᠡ ᠶᠢᠨ ᠳᠤᠲᠠᠭᠤᠳᠠᠯ ᠢᠶᠠᠨ ᠨᠥᠬᠦᠪᠦᠷᠢᠯᠡᠨ᠂ ᠠᠰᠠᠭᠤᠳᠠᠯ ᠢ ᠰᠢᠢᠳᠪᠦᠷᠢᠯᠡᠬᠦ ᠬᠠᠨᠳᠤᠯᠭᠠᠲᠤ ᠴᠢᠨᠠᠷ ᠲᠠᠢ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠬᠤᠲᠠ ︽ᠪᠢ ᠣᠯᠠᠨ ᠲᠦᠮᠡᠨ ᠢ ᠪᠣᠳᠠᠲᠠᠢ ᠤᠴᠢᠷ ᠬᠢᠨ᠎ᠡ︾ ᠦᠢᠯᠡᠳᠦᠯᠭᠡ ᠶᠢᠨ ᠠᠵᠢᠯᠯᠠᠭ᠎ᠠ ᠶᠢ ᠴᠠᠭ ᠢᠮᠠᠭᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠴᠢᠬᠤᠯᠠ ᠠᠭᠤᠯᠭ᠎ᠠ ᠪᠣᠯᠭᠠᠵᠤ᠂ ︽ᠬᠥᠬᠡᠬᠤᠲᠠ ᠶᠢᠨ ᠵᠠᠰᠠᠭ ᠤᠨ ᠣᠷᠳᠣᠨ ᠤ 2021 ᠣᠨ ᠤ ︿ᠠᠷᠠᠳ ᠲᠤ ᠪᠣᠳᠠᠲᠠᠢ ᠤᠴᠢᠷ ᠬᠢᠬᠦ ﹀ ᠵᠦᠢᠯᠡᠰ ᠤᠨ ᠬᠠᠭᠤᠳᠠᠰᠤ︾ ᠶᠢ ᠲᠣᠭᠲᠠᠭᠠᠬᠤ ᠨᠢ ᠣᠯᠠᠨ ᠲᠦᠮᠡᠨ ᠤ ᠨᠡᠶᠢᠲᠡ ᠪᠠᠷ ᠢᠶᠠᠨ ᠠᠩᠬᠠᠷᠴᠤ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠦᠷ᠎ᠡ ᠪᠦᠲᠦᠮᠵᠢ ᠶᠢ ᠦᠨᠡᠨᠬᠦ ᠬᠤᠪᠢᠷᠠᠭᠤᠯᠤᠨ ᠠᠷᠠᠳ ᠲᠦᠮᠡᠨ ᠳᠤ ᠦᠢᠯᠡᠴᠢᠯᠡᠬᠦ ᠠᠮᠢᠳᠤᠯᠢᠭ ᠦᠢᠯᠡᠳᠦᠯᠭᠡ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠢᠳᠡᠪᠬᠢᠲᠡᠢ ᠬᠠᠪᠰᠤᠷᠤᠯᠴᠠᠨ᠂ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ︽ᠠᠷᠠᠳ ᠲᠤ ᠪᠣᠳᠠᠲᠠᠢ ᠤᠴᠢᠷ ᠬᠢᠬᠦ︾ ᠵᠦᠢᠯᠡᠰ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠯᠠᠨ ᠲᠦᠮᠡᠨ ᠳᠤ ᠠᠮᠠᠯᠠᠭᠰᠠᠨ ᠢᠶᠠᠨ ᠲᠣᠭᠲᠠᠭᠰᠠᠨ ᠴᠠᠭ ᠲᠠᠭᠠᠨ ᠪᠡᠶᠡᠯᠡᠭᠦᠯᠵᠦ᠂ ᠠᠷᠠᠳ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠭᠰᠠᠨ ᠨᠢ᠂ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠠᠬᠢᠭᠤᠯᠬᠤ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠤᠳᠤᠷᠢᠳᠤᠯᠭ᠎ᠠ ᠠᠴᠠ ᠴᠢᠬᠤᠯᠠ ᠶᠡᠭᠡ ᠲᠥᠷᠥᠯ ᠵᠦᠢᠯ ᠢ ᠳᠠᠭᠠᠭᠠᠴᠢᠯᠠᠨ ᠬᠠᠷᠢᠯᠴᠠᠬᠤ ᠳᠦᠷᠢᠮ ᠢ ᠬᠡᠷᠡᠭᠵᠢᠭᠦᠯᠵᠦ᠂ ᠲᠥᠷᠥᠯ ᠵᠦᠢᠯ ᠳᠤ ᠨᠥᠬᠦᠴᠡᠯ ᠡᠭᠦᠳᠦᠨ ᠡᠷᠲᠡᠬᠡᠨ ᠡᠬᠢᠯᠡᠭᠦᠯᠵᠦ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ︔ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠳᠡᠭᠡᠭᠰᠢ ᠵᠣᠯᠭᠠᠭᠤᠯᠤᠨ ᠪᠡᠯᠡ ᠮᠥᠩᠭᠦ ᠣᠯᠬᠤ ᠪᠠ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠰᠠᠶᠢᠨ ᠬᠢᠵᠦ᠂ ᠴᠢᠬᠤᠯᠠ ᠶᠡᠭᠡ ᠲᠥᠷᠥᠯ ᠵᠦᠢᠯ ᠤᠨ ᠳᠠᠶᠢᠴᠢᠯᠠᠯᠲᠠ ᠶᠢᠨ ᠦᠢᠯᠡᠳᠦᠯ ᠪᠠ ᠲᠤᠯᠭᠠᠭᠤᠷᠢᠯᠠᠯ ᠤᠨ ᠦᠢᠯᠡᠳᠦᠯ ᠢ ᠪᠠᠳᠠᠷᠠᠭᠤᠯᠤᠨ᠂ ᠴᠢᠬᠤᠯᠠ ᠶᠡᠭᠡ ᠲᠥᠷᠥᠯ ᠵᠦᠢᠯ ᠢ ᠰᠡᠳᠦᠨ ᠰᠦᠪᠡᠭᠴᠢᠯᠡᠵᠦ ᠨᠥᠭᠡᠴᠡᠯᠡᠬᠦ ᠶᠢ ᠴᠢᠩᠭ᠎ᠠ ᠠᠳᠬᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠢ ᠰᠠᠶᠢᠬᠠᠨ ᠡᠬᠢᠯᠡᠭᠦᠯᠦᠨ᠂ ᠰᠠᠶᠢᠬᠠᠨ ᠠᠯᠬᠤᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠠ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠳᠡᠭᠡᠷ᠎ᠡ ᠵᠥᠪᠯᠡᠨ ᠲᠣᠭᠲᠠᠭᠠᠭᠰᠠᠨ ᠤᠴᠢᠷ ᠶᠠᠪᠤᠳᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠡᠯᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ