ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ︽ᠨᠠᠮ ᠤᠨ ᠲᠡᠦᠬᠡ ᠶᠢ ᠰᠤᠷᠤᠯᠴᠠᠨ ᠤᠭ ᠰᠠᠨᠠᠭ᠎ᠠ ᠪᠠᠨ ᠰᠠᠨᠠᠵᠤ ᠬᠤᠪᠢᠰᠬᠠᠯ ᠤᠨ ᠭᠧᠨ ᠢ ᠦᠶ᠎ᠡ ᠶᠢᠨ ᠦᠶ᠎ᠡ ᠳᠤ ᠤᠯᠠᠮᠵᠢᠯᠠᠶ᠎ᠠ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/7
      ︵ᠰᠤᠷᠪᠤᠯᠵᠢᠯᠠᠭᠴᠢ ᠮᠢᠶᠥᠥ ᠴᠢᠩ︶ ᠲᠦᠷᠦᠭᠦᠬᠡᠨ᠂ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠬᠦᠷᠴᠦ ︽ᠨᠠᠮ ᠤᠨ ᠲᠡᠦᠬᠡ ᠶᠢ ᠰᠤᠷᠤᠯᠴᠠᠨ ᠤᠭ ᠰᠠᠨᠠᠭ᠎ᠠ ᠪᠠᠨ ᠰᠠᠨᠠᠵᠤ ᠬᠤᠪᠢᠰᠬᠠᠯ ᠤᠨ ᠭᠧᠨ ᠢ ᠦᠶ᠎ᠡ ᠶᠢᠨ ᠦᠶ᠎ᠡ ᠳᠤ ᠤᠯᠠᠮᠵᠢᠯᠠᠶ᠎ᠠ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠳ᠂ ᠲᠣᠪᠴᠢᠶ᠎ᠠ ᠶᠢᠨ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠠᠵᠢᠯᠯᠠᠭ᠎ᠠ ᠳᠤ ᠣᠷᠣᠯᠴᠠᠪᠠ᠃      ᠪᠦᠬᠦ ᠨᠠᠮ ᠤᠨ ᠭᠡᠰᠢᠭᠦᠨ ᠺᠠᠳ᠋ᠷᠴᠤᠳ ᠨᠠᠮ ᠳᠤ ᠣᠷᠣᠬᠤ ᠲᠠᠩᠭᠠᠷᠢᠭ ᠢᠶᠠᠨ ᠳᠠᠬᠢᠨᠲᠠ ᠳᠠᠪᠲᠠᠵᠤ᠂ ᠳᠠᠷᠠᠭ᠎ᠠ ᠨᠢ ᠤᠯᠠᠭᠠᠨᠬᠦᠦ ᠶᠢᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠠᠯᠬᠤᠮ ᠢ ᠲᠠᠭᠠᠨ ᠲᠡᠷᠡ ᠬᠦ ᠰᠦᠷ ᠳᠠᠯᠠᠶᠢᠴᠠᠲᠠᠢ ᠬᠤᠪᠢᠰᠬᠠᠯ ᠤᠨ ᠲᠡᠦᠬᠡ ᠶᠢ ᠡᠷᠭᠢᠴᠡᠭᠦᠯᠵᠦ᠂ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠬᠢ ᠶᠢᠨ ᠬᠤᠪᠢᠰᠬᠠᠯᠴᠢᠳ ᠤᠨ ᠨᠠᠮ ᠪᠣᠯᠤᠨ ᠬᠤᠪᠢᠰᠬᠠᠯ ᠤᠨ ᠦᠢᠯᠡᠰ ᠤᠨ ᠠᠰᠢᠭ ᠲᠤᠰᠠ ᠶᠢ ᠴᠠᠭ ᠢᠮᠠᠭᠲᠠ ᠴᠢᠬᠤᠯᠠᠴᠢᠯᠠᠵᠤ᠂ ᠬᠤᠪᠢ ᠬᠥᠮᠦᠨ ᠤ ᠣᠯᠵᠤ ᠠᠯᠳᠠᠬᠤ ᠶᠢ ᠬᠠᠶᠢᠬᠤᠷᠬᠤ ᠦᠭᠡᠢ ᠪᠠᠶᠢᠭᠰᠠᠨ ᠬᠤᠪᠢᠰᠬᠠᠯ ᠤᠨ ᠥᠩᠭᠡᠷᠡᠯᠲᠡ ᠶᠢ ᠣᠶᠢᠯᠠᠭᠠᠵᠤ᠂ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠬᠢ ᠶᠢᠨ ᠬᠤᠪᠢᠰᠬᠠᠯᠴᠢᠳ ᠤᠨ ᠡᠷᠬᠢᠮ ᠳᠡᠭᠡᠳᠦ ᠬᠤᠪᠢᠰᠬᠠᠯ ᠤᠨ ᠬᠦᠰᠡᠯᠡᠩ᠂ ᠰᠡᠳᠬᠢᠯ ᠬᠥᠳᠡᠯᠭᠡᠮ᠎ᠡ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠪᠣᠯᠤᠨ ᠨᠤᠭᠤᠷᠠᠰᠢ ᠦᠭᠡᠢ ᠲᠡᠮᠡᠴᠡᠯ ᠤᠨ ᠵᠣᠷᠢᠭ ᠰᠠᠨᠠᠭ᠎ᠠ ᠶᠢ ᠣᠶᠢᠯᠠᠭᠠᠪᠠ᠃      ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠨᠢᠭᠡᠪᠦᠷᠢ ᠳᠤ ᠣᠶᠤᠨ ᠰᠠᠨᠠᠭᠠᠨ ᠤ ᠲᠠᠯ᠎ᠠ ᠶᠢᠨ ᠤᠬᠢᠶᠠᠯ ᠬᠦᠷᠲᠡᠭᠡᠵᠦ᠂ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠢᠷᠠᠭᠤ ᠠᠯᠳᠠᠷᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠮᠡᠳᠡᠷᠡᠭᠦᠯᠦᠭᠰᠡᠨ ᠪᠠᠶᠢᠨ᠎ᠠ᠃ ᠪᠦᠬᠦ ᠨᠠᠮ ᠤᠨ ᠭᠡᠰᠢᠭᠦᠨ ᠺᠠᠳ᠋ᠷᠴᠤᠳ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠴᠢᠰᠤᠨ ᠪᠠᠶᠢᠯᠳᠤᠭᠠᠨ ᠬᠢᠵᠦ᠂ ᠨᠤᠭᠤᠷᠠᠰᠢ ᠦᠭᠡᠶ ᠡᠷᠡᠯᠬᠡᠭ ᠪᠠᠭᠠᠲᠤᠷᠯᠢᠭ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ ᠬᠤᠪᠢᠰᠬᠠᠯ ᠤᠨ ᠭᠧᠨ ᠢ ᠰᠠᠶᠢᠲᠤᠷ ᠤᠯᠠᠮᠵᠢᠯᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠶᠤᠨ ᠲᠠᠷᠢᠬᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠶᠢ ᠤᠬᠠᠭᠠᠷᠠᠵᠤ᠂ ᠪᠣᠳᠠᠲᠤ ᠤᠴᠢᠷ ᠬᠢᠵᠦ᠂ ᠰᠢᠨ᠎ᠡ ᠪᠠᠶᠢᠳᠠᠯ ᠢ ᠡᠬᠢᠯᠡᠭᠦᠯᠦᠨ᠂ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠬᠢᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠨ᠎ᠠ ᠭᠡᠵᠦ ᠰᠠᠨᠠᠯ ᠨᠢᠭᠡᠲᠡᠶ ᠢᠯᠡᠷᠬᠡᠶᠢᠯᠡᠵᠡᠭᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ