2021 ᠣᠨ ᠤ ᠠᠷᠪᠠᠨ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠵᠡᠭᠦᠯᠭᠡ ᠪᠣᠯᠪᠠ
ᠨᠡᠶᠢᠲᠡᠯᠡᠭᠰᠡᠨ ᠴᠠᠭ᠄
2021/4/7
20210407.jpg
      2021 ᠣᠨ ᠤ ᠠᠷᠪᠠᠨ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠵᠡᠭᠦᠯᠭᠡ ᠣᠷᠴᠢᠮ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠃ ᠦᠵᠡᠭᠦᠯᠭᠡ ᠨᠢ ︽ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠥᠭᠵᠢᠭᠦᠯᠵᠦ᠂ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠣᠯᠵᠤ᠂ ᠬᠥᠳᠡᠭᠡ ᠲᠣᠰᠬᠤᠨ ᠤ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠶ᠎ᠡ︾ ᠪᠠᠷ ᠰᠡᠳᠦᠪᠯᠡᠵᠦ᠂ ᠲᠤᠰᠬᠠᠢ ᠮᠡᠷᠭᠡᠵᠢᠯ ᠤᠨ ᠦᠵᠡᠭᠴᠢ ᠶᠢ ᠨᠡᠶᠢᠲᠡ 5.1 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠠᠬᠤᠢ ᠲᠠᠯᠠᠪᠠᠢ ᠳᠡᠭᠡᠷ᠎ᠡ 3230 ᠭᠠᠷᠤᠢ ᠭᠡᠷ᠎ᠡ ᠲᠣᠭᠲᠠᠵᠤ᠂ ᠠᠬᠤᠢ ᠲᠠᠯᠠᠪᠠᠢ ᠳᠡᠭᠡᠷᠡᠬᠡᠢ ᠠᠷᠠᠯᠵᠢᠶᠠᠨ ᠤ ᠲᠤᠭ᠎ᠠ 2.3 ᠳ᠋ᠦᠩᠰᠢᠭᠤᠷ ᠲᠥᠭᠦᠷᠢᠭ ᠬᠦᠷᠴᠦ᠂ ᠲᠣᠬᠢᠷᠠᠭᠰᠠᠨ ᠠᠷᠠᠯᠵᠢᠶᠠᠨ ᠤ ᠲᠤᠭ᠎ᠠ 2 ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃ ᠰᠤᠷᠪᠤᠯᠵᠢᠯᠠᠭᠴᠢ ᠴᠡᠪᠡᠷᠬᠠᠰ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ