ᠬᠦᠩᠵᠤ ᠶᠢᠨ ᠤᠷᠳᠤᠨ ᠤ ᠲᠤᠭᠤᠷ ᠤᠨ ᠴᠡᠴᠡᠭ ᠲᠡᠯᠭᠡᠷᠡᠵᠡᠢ
ᠨᠡᠶᠢᠲᠡᠯᠡᠭᠰᠡᠨ ᠴᠠᠭ᠄
2021/4/7
20210407-1.jpg
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠰᠠᠷᠭᠠᠢ︶ ᠣᠶᠢᠷ᠎ᠠ ᠳᠤ᠂ ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ᠂ ᠬᠥᠬᠡᠬᠤᠲᠠ ᠶᠢᠨ ᠭᠦᠩᠵᠦ ᠶᠢᠨ ᠣᠷᠳᠣᠨ ᠤ ᠴᠡᠴᠡᠷᠯᠢᠭ ᠤᠨ ᠬᠠᠮᠢᠶᠠᠷᠤᠯᠲᠠ ᠶᠢᠨ ᠭᠠᠵᠠᠷ ᠬᠠᠮᠲᠤᠷᠠᠨ ︽ᠬᠥᠬᠡᠬᠤᠲᠠ ᠶᠢᠨ ᠭᠦᠩᠵᠦ ᠶᠢᠨ ᠣᠷᠳᠣᠨ ᠤ ᠴᠡᠴᠡᠷᠯᠢᠭ ᠤᠨ ᠲᠤᠭᠤᠷ ᠤᠨ ᠴᠡᠴᠡᠭ ᠤᠨ ᠦᠵᠡᠮᠵᠢ ᠶᠢᠨ ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠤᠷᠢᠳᠴᠢᠯᠠᠭᠰᠠᠨ ᠮᠡᠳᠡᠭᠡ︾ ᠨᠡᠶᠢᠳᠡᠯᠡᠵᠤ᠂ 24- 25 ᠤ ᠡᠳᠦᠷ ᠤᠨ ᠬᠤᠭᠤᠷᠤᠨᠳᠤ ᠲᠤᠭᠤᠷ ᠤᠨ ᠴᠡᠴᠡᠭ ᠡᠬᠢᠯᠡᠨ ᠲᠡᠯᠭᠡᠷᠡᠬᠦ ᠬᠤᠭᠤᠴᠠᠭᠠᠨ ᠳᠤ ᠤᠷᠤᠭᠰᠠᠨ ᠢ ᠨᠡᠶᠢᠳᠡᠯᠡᠵᠡᠢ᠃      ᠡᠨᠡ ᠵᠢᠯ ᠤᠨ ᠭᠦᠩᠵᠦ ᠶᠢᠨ ᠣᠷᠳᠣᠨ ᠤ ᠴᠡᠴᠡᠷᠯᠢᠭ ᠤᠨ ᠲᠤᠭᠤᠷ ᠤᠨ ᠴᠡᠴᠡᠭ 4 ᠰᠠᠷ᠎ᠠ ᠶᠢᠨ 5 ᠤ ᠡᠳᠦᠷ ᠤᠨ ᠪᠠᠷᠤᠭ ᠢᠶᠠᠷ ᠲᠤᠭᠤᠷ ᠤᠨ ᠴᠡᠴᠡᠭ ᠪᠠᠳᠠᠷᠠᠨ ᠲᠡᠯᠭᠡᠷᠡᠬᠦ ᠬᠤᠭᠤᠴᠠᠭ᠎ᠠ ᠪᠤᠯᠵᠤ᠂ 70% ᠠᠴᠠ ᠳᠡᠭᠡᠭᠰᠢ ᠨᠢ ᠳᠡᠯᠬᠡᠷᠡᠵᠦ᠂ ᠲᠤᠭᠤᠷ ᠤᠨ ᠴᠡᠴᠡᠭ ᠰᠤᠨᠢᠷᠬᠠᠬᠤ ᠬᠠᠮᠤᠭ ᠤᠨ ᠰᠠᠶᠢᠬᠠᠨ ᠴᠠᠭ ᠪᠤᠯᠵᠤ ᠂ ᠰᠣᠨᠢᠷᠬᠠᠬᠤ ᠳᠤ ᠮᠠᠰᠢ ᠲᠣᠬᠢᠷᠠᠮᠵᠢᠲᠠᠢ᠃      ᠴᠠᠭ ᠠᠭᠤᠷ ᠤᠨ ᠨᠥᠬᠦᠴᠡᠯ ᠲᠠᠢ ᠤᠶᠠᠯᠳᠤᠭᠤᠯᠤᠨ ᠵᠠᠳᠠᠯᠪᠠᠯ᠂ ᠡᠨᠡ ᠵᠢᠯ ᠤᠨ ᠲᠤᠭᠤᠷ ᠤᠨ ᠴᠡᠴᠡᠭ ᠤᠨ ᠳᠡᠯᠬᠡᠷᠡᠬᠦ ᠬᠤᠭᠤᠴᠠᠭ᠎ᠠ ᠨᠢ 4 ᠰᠠᠷ᠎ᠠ ᠶᠢᠨ 10 ᠤ ᠡᠳᠦᠷ ᠤᠨ ᠣᠷᠴᠢᠮ ᠪᠣᠯᠲᠠᠯ᠎ᠠ ᠦᠷᠭᠦᠯᠵᠢᠯᠡᠨ᠎ᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠫᠧᠩ ᠶᠤᠸᠠᠨ ᠰᠡᠭᠦᠳᠡᠷᠯᠡᠪᠡ
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ