ᠮᠠᠨ ᠤ ᠬᠤᠲᠠ ᠨᠡᠭᠦᠷᠡᠰᠦᠨ ᠤ ᠪᠤᠰᠤ ᠠᠭᠤᠷᠬᠠᠢ ᠦᠢᠯᠡᠳᠪᠦᠷᠢ ᠬᠤᠳᠠᠯᠳᠣᠭᠠᠨ ᠤ ᠠᠵᠤ ᠠᠬᠤᠢᠢᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠣ ᠪᠠᠶᠢᠨ᠎ᠠ
ᠨᠡᠶᠢᠲᠡᠯᠡᠭᠰᠡᠨ ᠴᠠᠭ᠄
2021/4/8
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠰᠡᠴᠡᠨ︶ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠠᠰᠢᠭᠯᠠᠨ ᠡᠯ᠎ᠡ ᠬᠤᠰᠢᠭᠤ ᠰᠢᠶᠠᠨ ᠲᠣᠭᠤᠷᠢᠭ ᠲᠠᠭᠠᠨ ᠠᠵᠢᠯ  ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠰᠡᠷᠭᠡᠶᠢᠯᠡᠯᠳᠠ ᠶᠢᠨ ᠰᠠᠨᠠᠭᠤᠯᠤᠮᠵᠢ ᠨᠡᠶᠢᠲᠡᠯᠡᠵᠦ᠂ ᠠᠵᠤ ᠠᠬᠤᠶᠢᠯᠠᠯ ᠢ ᠵᠠᠩᠭᠢᠯᠠᠭ᠎ᠠ ᠶᠢᠨ ᠴᠡᠭ ᠢ ᠡᠵᠡᠮᠳᠡᠵᠦ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠶᠢ ᠱᠠᠯᠠᠪᠳᠠᠭᠤᠯᠤᠨ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠲᠣᠭᠲᠠᠭᠤᠨ ᠠᠶᠤᠯᠭᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢ ᠡᠭᠦᠳᠴᠦ ᠪᠠᠶᠢᠨ᠎ᠠ᠃      ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠰᠡᠷᠭᠡᠶᠢᠯᠡᠯᠳᠠ ᠶᠢᠨ ᠠᠵᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠲᠦᠯᠦᠭᠡ᠂ ᠳᠣᠰ ᠲᠣᠪᠴᠢᠶ᠎ᠠ 2 ᠪᠠᠶᠢᠴᠠᠭᠠᠬᠤ ᠳᠤᠭᠤᠢᠢᠯᠠᠩ ᠪᠠᠶᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠠᠮᠢᠶ᠎ᠠ ᠪᠦᠬᠦᠢ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠰᠢᠯᠭᠠᠨ ᠬᠤᠷᠢᠶᠠᠨ ᠠᠪᠬᠤ ᠠᠵᠢᠯ ᠢ ᠬᠡᠷᠡᠭᠵᠢᠭᠦᠯᠦᠭᠰᠡᠨ ᠪᠠᠶᠢᠳᠠᠯ᠂ ᠠᠮᠤᠷ ᠲᠦᠪᠰᠢᠨ ᠤ ᠳᠠᠯᠳᠠ ᠭᠡᠮ ᠰᠣᠭᠤᠭ ᠢ ᠰᠢᠭᠰᠢᠨ ᠪᠠᠶᠢᠴᠠᠭᠠᠵᠣ ᠴᠡᠭᠴᠡᠯᠡᠨ ᠵᠠᠰᠠᠭᠰᠠᠨ ᠪᠠᠶᠢᠳᠠᠯ ᠢ ᠳᠠᠯᠳᠠᠭᠤᠷ ᠪᠠᠶᠢᠴᠠᠭᠠᠨ ᠨᠢᠭᠤᠴᠠ ᠪᠠᠷ ᠰᠤᠷᠪᠤᠯᠵᠢᠯᠠᠨ ᠱᠠᠯᠠᠪᠳᠠᠭᠤᠯᠤᠨ ᠪᠠᠶᠢᠴᠠᠭᠠᠵᠠᠢ᠃ ᠪᠠᠶᠢᠴᠠᠭᠠᠬᠤ ᠳᠤᠭᠤᠢᠢᠯᠠᠩ ᠤᠨ ᠬᠢᠨ ᠤᠷᠢᠳ ᠬᠤᠵᠢᠳ 6 ᠬᠤᠰᠢᠭᠤ ᠰᠢᠶᠠᠨ ᠲᠣᠭᠤᠷᠢᠭ᠂ 6 ᠨᠡᠭᠦᠷᠡᠰᠦᠨ ᠤ ᠪᠤᠰᠤ ᠠᠭᠤᠷᠬᠠᠢ᠂ 6 ᠦᠢᠯᠡᠳᠪᠦᠷᠢ ᠬᠤᠳᠠᠯᠳᠣᠭᠠᠨ ᠤ ᠠᠵᠤ ᠠᠬᠤᠶᠢᠯᠠᠯ ᠢ ᠰᠤᠭᠤᠴᠢᠨ ᠪᠠᠶᠢᠴᠠᠭᠠᠵᠦ᠂ ᠢᠯᠡᠷᠡᠭᠦᠯᠦᠭᠰᠡᠨ 34 ᠠᠮᠤᠷ ᠲᠦᠪᠰᠢᠨ ᠤ ᠭᠡᠮ ᠰᠤᠭᠤᠭ ᠵᠢᠴᠢ ᠠᠰᠠᠭᠤᠳᠠᠯ ᠢ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠭᠤ ᠲᠤᠰᠬᠠᠭᠰᠠᠨ ᠪᠥᠭᠡᠳ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠴᠡᠭᠴᠡᠯᠡᠭᠦᠯᠦᠨ ᠰᠠᠶᠢᠵᠢᠷᠠᠭᠤᠯᠪᠠ᠃ ᠡᠭᠦᠨ ᠤ ᠬᠠᠮᠲᠤ ᠡᠯ᠎ᠡ ᠬᠤᠰᠢᠭᠤᠰᠢᠶᠠᠨ ᠲᠣᠭᠤᠷᠢᠭ᠂ ᠬᠠᠮᠢᠶ᠎ᠠ ᠪᠦᠬᠦᠢ ᠠᠵᠤ ᠠᠬᠤᠶᠢᠯᠠᠯ ᠤᠨ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠴᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ