ᠯᠢ ᠢᠦᠢ ᡁᠢ᠄ ᠠᠷᠢᠭᠤᠨ ᠴᠢᠰᠤ ᠪᠤᠯᠤᠨ ᠠᠮᠢ ᠨᠠᠰᠤ ᠪᠠᠷ ᠢᠶᠠᠨ ᠮᠠᠭᠲᠠᠨ ᠳᠠᠭᠤᠯᠠᠭᠤᠰᠢᠲᠠᠶ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2021/4/8
20210408.jpg
      ᠲᠤᠮᠳᠠᠳᠤ ᠤᠯᠤᠰ ᠤᠨ ᠡᠪ ᠬᠠᠮᠳᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ᠂ ᠦᠶ᠎ᠡ ᠦᠶ᠎ᠡ ᠶᠢᠨ ᠬᠤᠪᠢᠰᠬᠠᠯ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠦᠪᠦᠷ ᠮᠤᠩᠭᠤᠯ ᠤᠨ ᠴᠢᠯᠦᠭᠡᠯᠡᠯᠲᠡ ᠶᠢᠨ ᠦᠢᠯᠡᠰ ᠲᠤ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠵᠤ᠂ ᠲᠡᠳᠡᠨ ᠤ ᠮᠠᠭᠲᠠᠨ ᠳᠠᠭᠤᠯᠠᠭᠤᠰᠢᠲᠠᠢ ᠦᠯᠢᠭᠡᠷ ᠨᠢ ᠪᠢᠳᠠᠨ ᠢ ᠲᠠᠰᠤᠷᠠᠯᠲᠠ ᠦᠭᠡᠢ ᠰᠡᠩᠬᠡᠷᠡᠭᠦᠯᠦᠨ ᠵᠣᠷᠢᠭᠵᠢᠭᠤᠯᠵᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠠᠶᠠᠨ ᠳᠤ ᠲᠠᠰᠤᠷᠠᠯᠲᠠ ᠦᠭᠡᠢ ᠲᠡᠮᠡᠴᠡᠭᠦᠯᠵᠦ᠂ ᠦᠷᠭᠦᠯᠵᠢᠯᠡᠨ ᠤᠷᠤᠭᠰᠢᠯᠠᠭᠤᠯᠪᠠ᠃      ᠬᠥᠬᠡᠬᠤᠲᠠ ᠶᠢᠨ ᠲᠣᠭᠲᠠᠬᠤ ᠰᠢᠶᠠᠨ ᠳᠤ ᠦᠷᠡᠭᠳᠡᠭᠰᠡᠨ ᠪᠠᠭᠠᠲᠤᠷ ᠯᠢ ᠢᠦᠢ ᡁᠢ ᠶᠢᠨ ᠳᠤᠷᠠᠰᠬᠠᠯ ᠤᠨ ᠬᠥᠰᠢᠶ᠎ᠡ ᠰᠦᠨᠳᠡᠷᠯᠡᠨ ᠳᠤᠷᠠᠰᠬᠠᠯ ᠤᠨ ᠬᠥᠰᠢᠶᠡᠨ ᠤ ᠡᠮᠦᠨ᠎ᠡ ᠵᠣᠭᠰᠣᠬᠤ ᠬᠥᠮᠥᠰ ᠲᠤ ᠲᠡᠷᠡ ᠬᠦ ᠭᠠᠶᠢᠬᠠᠮᠰᠢᠭᠲᠤ ᠣᠨ ᠰᠠᠷ᠎ᠠ ᠶᠢ ᠥᠪᠡᠷ ᠤᠨ ᠡᠷᠬᠡ ᠦᠭᠡᠢ ᠰᠠᠨᠠᠭᠳᠠᠭᠤᠯᠵᠤ ᠪᠠᠶᠢᠯ᠎ᠠ᠃      1901 ᠣᠨ ᠳᠤ᠂ ᠯᠢ ᠢᠦᠢ ᡁᠢ ᠮᠣᠩᠭᠤᠯ ᠦᠨᠳᠦᠰᠦᠲᠡᠨ ᠤ ᠭᠡᠷ ᠪᠦᠯᠢ ᠳᠤ ᠲᠦᠷᠦᠵᠡᠢ᠃ 1923 ᠣᠨ ᠤ ᠨᠠᠮᠤᠷ᠂ ᠲᠡᠷᠡ ᠪᠡᠭᠡᠵᠢᠩ ᠤᠨ ᠮᠣᠩᠭᠤᠯ ᠲᠥᠪᠡᠳ ᠰᠤᠷᠭᠠᠭᠤᠯᠢ ᠳᠤ ᠰᠢᠯᠭᠠᠨ ᠣᠷᠣᠪᠠ᠃ ᠯᠢ ᠢᠦᠢ ᡁᠢ ᠯᠢ ᠳ᠋ᠡ ᠵᠤᠤ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠪᠤᠯᠤᠨ ᠬᠥᠮᠦᠵᠢᠭᠦᠯᠦᠯ ᠳᠣᠣᠷ᠎ᠠ ᠮᠠᠷᠺᠰ ᠤᠨ ᠦᠵᠡᠯ ᠢ ᠬᠦᠯᠢᠶᠡᠨ ᠠᠪᠤᠭᠰᠠᠨ ᠪᠥᠭᠡᠳ 1924 ᠣᠨ ᠳᠤ ᠳᠤᠮᠳᠠᠳᠤ ᠤᠯᠤᠰ ᠤᠨ ᠨᠡᠶᠢᠭᠡᠮ ᠵᠢᠷᠤᠮᠲᠤ ᠵᠠᠯᠠᠭᠤᠴᠤᠳ ᠤᠨ ᠡᠪᠯᠡᠯ ᠳᠤ ᠣᠷᠣᠵᠤ᠂ ᠲᠤᠰ ᠵᠢᠯ ᠳᠡᠭᠡᠨ ᠡᠪ ᠬᠠᠮᠲᠤ ᠨᠠᠮ ᠤᠨ ᠭᠡᠰᠢᠭᠦᠨ ᠪᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠲᠡ ᠦᠶ᠎ᠡ ᠶᠢᠨ ᠮᠣᠩᠭᠤᠯ ᠦᠨᠳᠦᠰᠦᠲᠡᠨ ᠤ ᠨᠠᠮ ᠤᠨ ᠭᠡᠰᠢᠭᠦᠨ ᠤ ᠨᠢᠭᠡ ᠪᠣᠯᠪᠠ᠃      1925 ᠣᠨ ᠤ ᠬᠠᠪᠤᠷ᠂ ᠯᠢ ᠢᠦᠢ ᡁᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ ᠣᠷᠣᠨ ᠤ ᠬᠤᠷᠢᠶ᠎ᠠ ᠶᠢᠨ ᠲᠣᠮᠢᠯᠠᠯᠲᠠ ᠪᠠᠷ ᠪᠤᠭᠤᠲᠤ ᠳᠤ ᠬᠦᠷᠴᠦ ᠠᠵᠢᠯ ᠥᠷᠨᠢᠭᠦᠯᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠶᠢᠨ ᠠᠵᠢᠯᠯᠠᠬᠤ ᠬᠤᠷᠢᠶ᠎ᠠ ᠶᠢ ᠶᠢ ᠵᠣᠬᠢᠶᠠᠨ ᠪᠠᠶᠢᠭᠤᠯᠤᠭᠰᠠᠨ ᠪᠦᠭᠡᠳ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠪᠠ᠃ ᠲᠡᠷᠡ ᠦᠢᠯᠡᠳᠪᠦᠷᠢ᠂ ᠬᠥᠳᠡᠭᠡ ᠲᠣᠰᠬᠤᠨ᠂ ᠮᠠᠯᠵᠢᠬᠤ ᠣᠷᠣᠨ᠂ ᠰᠤᠷᠭᠠᠭᠤᠯᠢ᠂ ᠴᠡᠷᠢᠭ ᠠᠩᠬᠢ᠂ ᠬᠤᠳᠠᠯᠳᠤᠭᠠᠨ ᠤ ᠡᠲᠡᠭᠡᠳ ᠲᠤ ᠭᠦᠨᠵᠡᠭᠡᠶᠢᠷᠡᠵᠦ᠂ ᠤᠬᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠠᠮ ᠡᠪᠯᠡᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ 30 ᠭᠠᠷᠤᠢ ᠨᠠᠮ ᠡᠪᠯᠡᠯ ᠤᠨ ᠭᠡᠰᠢᠭᠦᠨ ᠢ ᠬᠥᠮᠦᠵᠢᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠵᠠᠶᠠᠭᠠᠲᠠᠶ ᠲᠠᠢ ᠬᠠᠮᠲᠤ ᠬᠦᠢᠰᠦᠢ ᠶᠢᠨ ᠡᠯ᠎ᠡ ᠡᠲᠡᠭᠡᠳ ᠤᠨ ᠣᠯᠠᠨ ᠲᠦᠮᠡᠨ ᠤ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠵᠦ ᠤᠯᠤᠰ ᠢᠶᠠᠨ ᠬᠠᠶᠢᠷᠠᠯᠠᠬᠤ ᠲᠡᠮᠡᠴᠡᠯ ᠢ ᠲᠠᠶᠢᠴᠢᠯᠡᠵᠦ ᠤᠳᠤᠷᠢᠳᠤᠨ᠂ ᠰᠦᠷᠲᠦ ᠵᠢᠭᠰᠠᠭᠠᠯ ᠶᠠᠪᠤᠭᠤᠯᠵᠦ᠂ ᠵᠣᠭᠤᠰ ᠴᠤᠭᠯᠠᠭᠤᠯᠬᠤ ᠠᠵᠢᠯᠯᠠᠭ᠎ᠠ ᠦᠷᠨᠢᠬᠦᠯᠬᠦ ᠶᠢᠨ ᠬᠠᠮᠳᠤ ᠣᠶᠢᠷ᠎ᠠ ᠬᠠᠪᠢ ᠶᠢᠨ ᠬᠥᠳᠡᠭᠡ ᠲᠣᠰᠬᠤᠨ ᠳᠤ ᠭᠦᠨᠵᠡᠭᠡᠶᠢᠷᠡᠨ ᠤᠬᠠᠭᠤᠯᠭ᠎ᠠ ᠬᠢᠵᠦ᠂ ᠭᠦᠢᠰᠦᠢ ᠶᠢᠨ ᠬᠤᠲᠠ ᠬᠥᠳᠡᠭᠡ ᠶᠢᠨ ᠡᠯ᠎ᠡ ᠡᠲᠡᠭᠡᠳ ᠤᠨ ᠣᠯᠠᠨ ᠲᠦᠮᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠡᠶ᠃  ᠪᠤᠭᠤᠲᠤ ᠳᠤ᠂ ᠯᠢ ᠢᠦᠢ ᡁᠢ ᠬᠥᠳᠡᠭᠡ ᠲᠣᠰᠬᠤᠨ ᠂ ᠮᠠᠯᠵᠢᠬᠤ ᠣᠷᠣᠨ ᠳᠤ ᠭᠦᠨᠵᠡᠭᠡᠶᠢᠷᠡᠵᠦ᠂ ᠮᠣᠩᠭᠤᠯ ᠬᠢᠲᠠᠳ ᠦᠨᠳᠦᠰᠦᠲᠡᠨ ᠨᠦᠭᠦᠳ ᠤᠨ ᠠᠷᠠᠳ ᠤᠯᠠᠨ ᠳᠤ ᠮᠠᠷᠺᠰ ᠤᠨ ᠦᠵᠡᠯ ᠤᠨ ᠦᠵᠡᠯ ᠰᠠᠨᠠᠭ᠎ᠠ ᠶᠢ ᠤᠬᠠᠭᠤᠯᠵᠤ᠂ ᠬᠤᠪᠢᠰᠬᠠᠯ ᠤᠨ ᠶᠣᠰᠣ ᠤᠴᠢᠷ ᠢ ᠲᠠᠶᠢᠯᠪᠤᠷᠢᠯᠠᠨ᠂ ᠰᠠᠭᠠᠯᠢᠴᠢᠨ ᠵᠡᠷᠭᠡ ᠭᠠᠵᠠᠷ ᠲᠤ ᠲᠠᠷᠢᠶᠠᠴᠢᠨ ᠤ ᠨᠡᠶᠢᠭᠡᠮᠯᠢᠭ ᠢ ᠵᠠᠯᠭᠠᠭ᠎ᠠ ᠪᠠᠷ ᠪᠠᠶᠢᠭᠤᠯᠵᠤ᠂ ᠨᠠᠮ ᠤᠨ ᠨᠥᠯᠥᠭᠡ ᠶᠢ ᠮᠠᠯᠴᠢᠨ ᠲᠠᠷᠢᠶᠠᠴᠢᠨ ᠣᠯᠠᠨ ᠲᠦᠮᠡᠨ ᠤ ᠳᠤᠮᠳᠠ ᠡᠳᠦᠷ ᠢᠷᠡᠬᠦᠶ᠎ᠡ ᠥᠷᠭᠡᠳᠬᠡᠪᠡ᠃      1925 ᠣᠨ ᠤ 9 ᠰᠠᠷ᠎ᠠ ᠳᠤ᠂ ᠯᠢ ᠢᠦᠢ ᡁᠢ ᠰᠢᠭᠤᠶᠢᠲᠤ ᠨᠡᠭᠦᠷᠡᠰᠦᠨ ᠠᠭᠤᠷᠬᠠᠢ ᠳᠤ ᠬᠦᠷᠴᠦ ᠠᠵᠢᠯᠴᠢᠨ ᠤ ᠬᠥᠳᠡᠯᠭᠡᠭᠡᠨ ᠥᠷᠨᠢᠭᠦᠯᠵᠦ᠂ 1000ᠭᠠᠷᠤᠢ ᠬᠥᠮᠦᠨ ᠣᠷᠣᠯᠴᠠᠭᠰᠠᠨ ᠰᠢᠭᠤᠶᠢᠲᠤ ᠨᠡᠭᠦᠷᠡᠰᠦᠨ ᠠᠭᠤᠷᠬᠠᠢ ᠶᠢᠨ ᠶᠡᠭᠡ ᠠᠵᠢᠯ ᠬᠠᠶᠠᠯᠲᠠ ᠶᠢ ᠲᠠᠶᠢᠴᠢᠯᠡᠨ ᠤᠳᠤᠷᠢᠳᠪᠠ᠃ ᠡᠨᠡ ᠤᠳᠠᠭᠠᠨ ᠤ ᠠᠵᠢᠯ ᠬᠠᠶᠠᠯᠲᠠ ᠪᠠᠷ ᠳᠠᠮᠵᠢᠭᠤᠯᠤᠨ ᠠᠵᠢᠯᠴᠢᠨ ᠤ ᠳᠤᠮᠳᠠᠬᠢ ᠨᠠᠮ ᠤᠨ ᠨᠥᠯᠥᠭᠡ ᠶᠢ ᠥᠷᠭᠡᠳᠬᠡᠵᠦ᠂ ᠨᠢᠭᠡ ᠪᠦᠯᠦᠭ ᠠᠵᠢᠯᠴᠢᠨ ᠤ ᠬᠥᠳᠡᠯᠭᠡᠭᠡᠨ ᠤ ᠭᠤᠣᠯᠯᠠᠭᠴᠢ ᠬᠦᠴᠦᠨ ᠢ ᠬᠥᠮᠥᠵᠢᠭᠦᠯᠪᠡ᠃     1926 ᠣᠨ ᠳᠤ᠂ ᠯᠢ ᠢᠦᠢ ᡁᠢ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠴᠡᠷᠢᠭ ᠤᠨ ᠲᠠᠶᠢᠰᠤᠨ ᠲᠠᠢ ᠲᠠᠮᠡᠴᠡᠭᠦ ᠡᠮᠦᠨ᠎ᠡ ᠹᠷᠣᠨᠲ ᠤᠨ ᠳᠡᠳ᠋ ᠶᠡᠷᠦᠩᠬᠡᠢ ᠵᠢᠯᠤᠭᠤᠳᠤᠭᠴᠢ ᠪᠥᠭᠡᠳ ᠨᠢᠭᠡᠳᠦᠭᠡᠷ ᠵᠠᠮ ᠤᠨ ᠴᠡᠷᠢᠭ ᠤᠨ ᠺᠣᠮᠠᠨᠳ᠋ᠯᠠᠭᠴᠢ ᠶᠢᠨ ᠲᠤᠰᠢᠶᠠᠯ ᠢ ᠲᠤᠰᠢᠶᠠᠯᠢ ᠬᠠᠷᠢᠭᠤᠴᠠᠪᠠ᠃ ᠲᠡᠷᠡ ᠦᠷᠭᠦᠯᠵᠢ ᠴᠡᠷᠢᠭ ᠠᠩᠬᠢ ᠳᠤ ᠭᠦᠨᠵᠡᠭᠡᠶᠢᠷᠡᠨ ᠤᠯᠤᠰ ᠲᠦᠷᠦ ᠶᠢᠨ ᠬᠥᠮᠦᠵᠢᠯ ᠪᠣᠯᠣᠨ ᠴᠡᠷᠢᠭ ᠤᠨ ᠶᠠᠪᠤᠳᠠᠯ ᠤᠨ ᠪᠣᠯᠪᠠᠰᠤᠷᠠᠯ ᠢ ᠠᠳᠬᠤᠵᠤ᠂ ᠴᠡᠷᠢᠭ ᠠᠩᠬᠢ ᠶᠢᠨ ᠤᠯᠤᠰ ᠲᠦᠷᠦ᠂ ᠴᠡᠷᠢᠭ ᠤᠨ ᠶᠠᠪᠤᠳᠠᠯ ᠤᠨ ᠬᠡᠪ ᠴᠢᠨᠠᠷ ᠢ ᠳᠡᠭᠡᠭᠰᠢᠯᠡᠭᠦᠯᠦᠭᠰᠡᠨ ᠪᠦᠭᠡᠳ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ ᠤᠯᠠᠭᠠᠨᠴᠠᠪ᠂ ᠴᠠᠬᠠᠷ᠂ ᠲᠦᠮᠡᠳ ᠵᠡᠷᠭᠡ ᠭᠠᠵᠠᠷ ᠲᠤ ᠬᠦᠷᠴᠦ ᠮᠠᠯᠴᠢᠨ ᠲᠠᠷᠢᠶᠠᠴᠢᠨ ᠢ ᠴᠡᠷᠢᠭ ᠲᠤ ᠡᠯᠰᠡᠵᠡᠢ᠃ ᠡᠳᠡᠭᠡᠷ ᠴᠢᠷᠮᠠᠶᠢᠯᠭ᠎ᠠ ᠪᠠᠷ ᠳᠠᠮᠵᠢᠨ᠂ ᠡᠨᠡ ᠬᠦ ᠡᠩᠨᠡᠭᠡ ᠮᠠᠰᠢ ᠲᠦᠷᠭᠡᠨ ᠢᠶᠠᠷ ᠬᠥᠭᠵᠢᠭᠡᠳ ᠭᠤᠷᠪᠠᠨ ᠪᠠᠷᠢᠭᠠᠲᠠ ᠶᠢᠨ ᠪᠠᠶᠢᠭᠤᠯᠤᠮᠵᠢ ᠲᠠᠢ᠂ 2000 ᠰᠢᠬᠠᠮ ᠬᠥᠮᠦᠨ ᠲᠠᠢ ᠬᠤᠪᠢᠰᠬᠠᠯᠲᠤ ᠵᠡᠪᠰᠡᠭᠲᠦ ᠬᠦᠴᠦᠨ ᠪᠣᠯᠤᠭᠰᠠᠨ ᠪᠠᠶᠢᠨ᠎ᠠ᠃     1927 ᠣᠨ ᠤ 4 ᠰᠠᠷ᠎ᠠ ᠳᠤ᠂ ᠭᠤᠮᠢᠨᠳᠠᠩ ᠤᠨ ᠪᠠᠷᠠᠭᠤᠨᠲᠠᠨ ᠬᠤᠪᠢᠰᠬᠠᠯ ᠠᠴᠠ ᠤᠷᠪᠠᠵᠤ᠂ ᠬᠤᠪᠢᠰᠬᠠᠯ ᠤᠨ ᠪᠠᠶᠢᠳᠠᠯ ᠲᠦᠷᠭᠡᠨ ᠬᠤᠪᠢᠷᠠᠪᠠ᠃ ᠥᠪᠥᠷ ᠮᠣᠩᠭᠤᠯ ᠣᠷᠣᠨ ᠤ ᠭᠤᠮᠢᠨᠳᠠᠩ ᠤᠨ ᠲᠡᠷᠰᠯᠡᠭᠦᠦ ᠬᠦᠴᠦᠨ ᠪᠠᠰᠠ ᠢᠯᠡ ᠪᠠᠷ ᠬᠤᠪᠢᠰᠬᠠᠯ ᠠᠴᠠ ᠤᠷᠪᠠᠵᠤ᠂ ᠬᠤᠪᠢᠰᠬᠠᠯ ᠬᠢᠬᠦ ᠪᠠᠷ ᠣᠪᠯᠠᠨ ᠦᠪᠦᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠤᠨ ᠤᠳᠤᠷᠢᠳᠬᠤ ᠡᠷᠬᠡ ᠶᠢ ᠬᠤᠯᠠᠭᠠᠶᠢᠯᠠᠨ ᠠᠪᠤᠭᠰᠠᠨ ᠪᠠᠢ ᠶᠦᠨ ᠲᠢ ᠵᠡᠷᠭᠡ ᠬᠥᠮᠦᠰ ᠭᠤᠮᠢᠨᠳᠠᠩ ᠤᠨ ᠲᠡᠷᠰᠯᠡᠭᠦᠦ ᠬᠦᠴᠦᠨ ᠳᠤ ᠪᠠᠭᠤᠵᠤ ᠥᠭᠴᠡᠢ᠃ 10 ᠰᠠᠷ᠎ᠠ ᠶᠢᠨ 8 ᠤ ᠡᠳᠦᠷ᠂ ᠯᠢ ᠢᠦᠢ ᡁᠢ ᠮᠣᠷᠢᠲᠤ ᠴᠡᠷᠢᠭ ᠳᠠᠭᠠᠭᠤᠯᠤᠨ ᠵᠡᠭᠦᠨᠰᠢ ᠬᠠᠲᠤᠨ ᠭᠤᠣᠯ ᠢ ᠭᠡᠲᠦᠯᠵᠦ᠂ ᠶᠡᠭᠡ ᠵᠣᠣ ᠠᠶᠢᠮᠠᠭ ᠤᠨ ᠦᠦᠰᠢᠨ ᠬᠤᠰᠢᠭᠤᠨ ᠳᠤ ᠣᠴᠢᠬᠤ ᠪᠠᠷ ᠪᠡᠯᠡᠳᠬᠡᠵᠦ ᠪᠠᠶᠢᠲᠠᠯ᠎ᠠ᠂ ᠪᠠᠶ ᠶᠦᠨ ᠲᠢ ᠶᠢᠨ ᠲᠤᠳᠤᠨᠤ ᠬᠦᠮᠦᠨ ᠪᠤᠤ ᠽᠢ ᠴᠢᠩ ᠳᠤ ᠮᠤᠤᠠᠤᠰᠤ ᠶᠢᠨ ᠡᠯᠡᠰᠦᠨ ᠴᠥᠯ ᠳᠤ ᠠᠯᠠᠭᠳᠠᠪᠠ᠃      ᠯᠢ ᠢᠦᠢ ᡁᠢ ᠪᠡᠶ᠎ᠡ ᠦᠷᠡᠭᠳᠡᠬᠦ ᠦᠶ᠎ᠡ ᠳᠤ ᠰᠠᠶ᠋ᠢ 26 ᠨᠠᠰᠤᠲᠠᠢ ᠪᠠᠶᠢᠪᠠ᠃ ᠣᠬᠤᠷᠬᠠᠨ ᠨᠢᠭᠡ ᠨᠠᠰᠤᠨ ᠳᠠᠭᠠᠨ ᠲᠡᠷᠡ ᠨᠠᠮ ᠤᠨ ᠲᠥᠯᠥᠭᠡ᠂ ᠥᠪᠥᠷ ᠮᠣᠩᠭᠤᠯ ᠤᠨ ᠴᠢᠯᠦᠭᠡᠯᠡᠯᠲᠡ ᠶᠢᠨ ᠦᠢᠯᠡᠰ ᠤᠨ ᠲᠥᠯᠥᠭᠡ ᠪᠠᠯᠠᠷᠠᠰᠢ ᠦᠭᠡᠢ ᠭᠠᠪᠢᠶ᠎ᠠ ᠪᠠᠶᠢᠭᠤᠯᠵᠠᠢ᠃ ᠲᠡᠷᠡ ᠥᠪᠡᠷ ᠤᠨ ᠵᠠᠯᠠᠭᠤ ᠠᠮᠢ ᠨᠠᠰᠤ ᠪᠠᠷ ᠢᠶᠠᠨ ᠭᠠᠶᠢᠬᠠᠮᠰᠢᠭᠳᠤ ᠬᠤᠪᠢᠰᠬᠠᠯ ᠤᠨ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃      ᠯᠢ ᠢᠦᠢ ᡁᠢ ᠶᠢᠨ ᠣᠮᠪᠣᠯᠣ ᠯᠢ ᠫᠢᠩ᠄ ︽ᠮᠠᠨ ᠤ ᠡᠳᠡᠭᠡᠷ ᠬᠤᠶᠢᠴᠢ ᠦᠶ᠎ᠡ ᠶᠢᠨ ᠬᠢᠨ ᠪᠦᠷ ᠡᠪᠦᠭᠡ ᠪᠠᠷ ᠢᠶᠠᠨ ᠦᠯᠢᠭᠡᠷ ᠵᠢᠱᠢᠶ᠎ᠡ ᠪᠤᠯᠤᠨ ᠬᠡᠪ ᠳᠠᠭᠤᠷᠢᠶᠠᠯ ᠪᠣᠯᠭᠠᠵᠤ᠂ ᠥᠪᠡᠷ ᠢ ᠪᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠬᠤᠶᠢᠴᠢ ᠦᠶ᠎ᠡ ᠮᠥᠨ ᠭᠡᠳᠡᠭ ᠢᠶᠠᠨ ᠴᠠᠭ ᠢᠮᠠᠭᠲᠠ ᠪᠠᠲᠤ ᠴᠡᠭᠡᠵᠢᠯᠡᠵᠦ᠂ ᠠᠵᠢᠯ ᠳᠤᠮᠳᠠ ᠪᠠᠨ ᠠᠷᠢᠭᠤᠨ ᠴᠢᠬᠡᠴᠢ ᠶᠢ ᠪᠠᠷᠢᠮᠲᠠᠯᠠᠵᠤ᠂ ᠠᠮᠢᠳᠤᠷᠠᠯ ᠳᠤᠮᠳᠠ ᠪᠠᠨ ᠲᠥᠪ ᠴᠢᠬᠡᠴᠢ ᠬᠥᠮᠦᠨ ᠪᠤᠯᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠶᠠᠪᠤᠨ᠎ᠠ︾ ᠭᠡᠪᠡ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ