| | | ᠭᠤᠣ ᠹᠧᠩ ᠢᠩ ︵1909 ~ 1941︶ ᠬᠤᠪᠢᠰᠬᠠᠯ ᠤᠨ ᠦᠷᠡᠭᠳᠡᠭᠰᠡᠨ ᠪᠠᠭᠠᠲᠤᠷ᠃ ᠦᠭᠡᠷ᠎ᠡ ᠨᠡᠷ᠎ᠡ ᠨᠢ ᠶᠦᠨ ᠵᠢᠢ ᠰᠢᠶᠠᠩ᠂ ᠳᠡᠯᠳᠡᠩ᠃ | ᠬᠦᠬᠡᠬᠤᠳᠠ ᠶᠢᠨ ᠲᠦᠮᠡᠳ ᠵᠡᠭᠦᠨ ᠬᠤᠰᠢᠭᠤᠨ ᠤ ᠬᠦᠮᠦᠨ᠃ 1929 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠵᠤ᠂ ᠮᠦᠨ ᠵᠢᠯ ᠨᠢ | ᠪᠦᠭᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠤᠨ ᠨᠠᠮ ᠤᠨ ᠶᠡᠭᠡ ᠰᠤᠷᠭᠠᠭᠤᠯᠢ ᠳᠤ ᠣᠴᠢᠵᠤ ᠰᠤᠷᠤᠯᠴᠠᠪᠠ᠃ 1935 ᠣᠨ ᠳᠤ ᠨᠡᠷ᠎ᠡ ᠪᠠᠨ ᠭᠤᠣ | ᠹᠧᠩ ᠢᠩ ᠭᠡᠵᠦ ᠪᠤᠷᠤᠭᠤᠯᠠᠨ ᠤᠯᠤᠰ ᠲᠠᠭᠠᠨ ᠪᠤᠴᠠᠵᠤ ᠢᠷᠡᠭᠡᠳ ᠨᠢᠭᠤᠴᠠ ᠲᠡᠮᠡᠴᠡᠯ ᠶᠠᠪᠤᠭᠤᠯᠵᠠᠢ᠃ ᠭᠦᠢᠰᠦ᠋ᠢ ︵ᠬᠦᠬᠡᠬᠤᠳᠠ︶ ᠬᠠᠪᠢ ᠪᠠᠷ ᠨᠢᠭᠤᠴᠠ | ᠠᠵᠢᠯ ᠬᠢᠵᠦ ᠪᠠᠶᠢᠭᠰᠠᠨ ᠵᠠᠶᠠᠭᠠᠲᠠᠢ ︵1901 ~ 1968︶᠂ ᠪᠢᠯᠢᠭᠪᠡᠭᠠᠲᠤᠷ ᠨᠠᠷ ᠲᠠᠢ ᠨᠢᠭᠲᠠ ᠬᠠᠮᠵᠢᠯᠴᠠᠵᠤ᠂ ᠶᠠᠫᠤᠨ ᠪᠠ ᠬᠠᠭᠤᠷᠮᠠᠭ ᠴᠡᠷᠢᠭ ᠤᠨ | ᠮᠡᠳᠡᠭᠡᠯᠡᠯ ᠢ ᠴᠤᠭᠯᠠᠭᠤᠯᠤᠨ᠂ ᠶᠠᠫᠤᠨ ᠢ ᠡᠰᠡᠷᠭᠦᠴᠡᠬᠦ ᠡᠳ᠋ ᠪᠠᠷᠠᠭ᠎ᠠ ᠵᠦᠭᠡᠭᠡᠪᠦᠷᠢᠯᠡᠵᠦ ᠪᠠᠶᠢᠵᠠᠢ᠃ 1938 ᠣᠨ ᠳᠤ ᠰᠦᠢᠶᠤᠸᠠᠨ ᠦᠪᠦᠷ ᠮᠤᠩᠭᠤᠯ ᠤᠨ | ᠫᠠᠷᠲ᠋ᠢᠽᠠᠨ ᠠᠩᠭᠢ ᠶᠢ ᠤᠳᠤᠷᠢᠳᠬᠤ ᠠᠵᠢᠯ ᠳᠤ ᠣᠷᠤᠯᠴᠠᠨ ᠣᠯᠠᠨ ᠤ ᠡᠮᠦᠨ᠎ᠡ ᠭᠠᠪᠰᠢᠭᠠᠶᠢᠯᠠᠨ ᠪᠠᠶᠢᠯᠳᠤᠵᠤ᠂ ᠮᠡᠷᠭᠡᠨ ᠫᠤᠤᠴᠢ ᠭᠡᠵᠦ ᠠᠯᠳᠠᠷᠰᠢᠵᠠᠢ᠃ | 1939 ᠣᠨ ᠳᠤ ᠭᠦᠢᠰᠦ᠋ᠢ ᠦᠴᠤᠸᠠᠨ ᠤ ᠬᠢᠵᠠᠭᠠᠷ ᠨᠤᠲᠤᠭ ᠤᠨ ᠬᠤᠷᠢᠶᠠᠨ ᠳᠤ ᠰᠢᠯᠵᠢᠨ ᠠᠵᠢᠯᠯᠠᠵᠤ᠂ ᠵᠡᠪᠰᠡᠭᠲᠦ ᠠᠩᠭᠢ ᠳᠠᠭᠠᠭᠤᠯᠤᠨ ᠰᠦᠢᠶᠤᠸᠠᠨ ᠤ | ᠵᠡᠭᠦᠨ ᠬᠡᠰᠡᠭ ᠢᠶᠠᠷ ᠲᠡᠮᠡᠴᠡᠯ ᠶᠠᠪᠤᠭᠤᠯᠵᠤ ᠪᠠᠶᠢᠪᠠ᠃ 1940 ᠣᠨ ᠳᠤ ᠲᠦᠮᠡᠳ ᠣᠷᠤᠨ ᠤ ᠮᠣᠩᠭᠤᠯ ᠫᠠᠷᠲ᠋ᠢᠽᠠᠨ ᠠᠩᠭᠢ ᠶᠢᠨ ᠳᠠᠷᠤᠭ᠎ᠠ ᠪᠦᠭᠡᠳ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠬᠤᠰᠢᠭᠤᠨ ᠤ ᠠᠵᠢᠯ ᠤᠨ ᠬᠤᠷᠢᠶᠠᠨ ᠤ ᠭᠡᠰᠢᠭᠦᠨ ᠪᠣᠯᠵᠤ᠂ ᠳᠠᠯᠠᠨ ᠬᠠᠷ᠎ᠠ ᠶᠢᠨ ᠶᠠᠫᠤᠨ ᠢ | ᠡᠰᠡᠷᠭᠦᠴᠡᠬᠦ ᠰᠠᠭᠤᠷᠢᠨ ᠭᠠᠵᠠᠷ ᠢ ᠪᠠᠬᠢᠵᠢᠭᠦᠯᠦᠨ ᠬᠦᠭᠵᠢᠭᠦᠯᠬᠦ ᠳᠤ ᠬᠤᠪᠢ ᠨᠡᠮᠡᠷᠢ ᠣᠷᠤᠭᠤᠯᠵᠠᠢ᠃ 1941 ᠣᠨ ᠤ 10 ᠰᠠᠷ᠎ᠠ ᠶᠢᠨ 28 ᠤ ᠡᠳᠦᠷ | ᠤᠷᠪᠠᠭᠴᠢ ᠨᠢᠭᠤᠴᠠ ᠶᠢ ᠵᠠᠳᠠᠷᠠᠭᠤᠯᠤᠭᠰᠠᠨ ᠠᠴᠠ ᠪᠣᠯᠵᠤ ᠰᠦᠢᠶᠤᠸᠠᠨ — ᠴᠠᠬᠠᠷ ᠣᠷᠤᠨ ᠤ ᠨᠠᠮ ᠤᠨ ᠬᠤᠷᠢᠶᠠᠨ ᠤ ᠨᠡᠶᠢᠭᠡᠮ ᠤᠨ ᠬᠡᠯᠲᠡᠰ ᠤᠨ ᠳᠠᠷᠤᠭ᠎ᠠ | ᠸᠠᠩ ᠵᠢᠦᠢ ᠳ᠋ᠧ ᠨᠠᠷ ᠤᠨ 10 ᠭᠠᠷᠤᠢ ᠬᠦᠮᠦᠨ ᠲᠠᠢ ᠬᠠᠮᠲᠤ ᠳᠠᠯᠠᠳ ᠬᠤᠰᠢᠭᠤᠨ ᠳᠤ ᠳᠠᠶᠢᠰᠤᠨ ᠳᠤ ᠪᠦᠰᠡᠯᠡᠭᠳᠡᠭᠡᠳ ᠰᠣᠮᠣ ᠪᠠ ᠳᠡᠮᠵᠢᠯᠭᠡ ᠳᠤᠲᠠᠵᠤ 32 | ᠨᠠᠰᠤᠲᠠᠢ ᠳᠠᠭᠠᠨ ᠪᠠᠭᠠᠲᠤᠷᠯᠢᠭ ᠢᠶᠠᠷ ᠪᠡᠶ᠎ᠡ ᠦᠷᠡᠭᠳᠡᠵᠡᠢ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠪᠠᠶᠢᠭᠰᠠᠨ | ᠤᠯᠠᠭᠠᠨᠬᠦᠦ ᠲᠡᠭᠦᠨ ᠢ ︽ᠳᠠᠯᠠᠨ ᠬᠠᠷ᠎ᠠ ᠶᠢᠨ ᠳᠠᠶᠢᠴᠢᠨ ᠪᠠᠭᠠᠲᠤᠷ︾ ᠭᠡᠵᠦ ᠬᠡᠯᠡᠵᠡᠢ᠃ |