ᠬᠥᠬᠡᠬᠤᠲᠠ 5G ᠶᠢᠨ ᠰᠠᠭᠤᠷᠢ ᠥᠷᠲᠡᠭᠡ ᠶᠢ 3214 ᠪᠠᠶᠢᠭᠤᠯᠤᠭᠠᠳ ᠪᠣᠢ
ᠨᠡᠶᠢᠲᠡᠯᠡᠭᠰᠡᠨ ᠴᠠᠭ᠄
2021/5/12
      ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠬᠥᠬᠡᠬᠤᠲᠠ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠥᠷᠭᠡᠨ ᠪᠦᠰᠡᠲᠦ ᠬᠥᠬᠡᠬᠤᠲᠠ︾ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠪᠡ᠂ ᠣᠳᠣᠬᠠᠨ ᠳᠤ᠂ ᠬᠥᠬᠡᠬᠤᠲᠠ ᠶᠢᠨ 4G ᠶᠢᠨ ᠰᠦᠯᠵᠢᠶᠡᠨ ᠤ ᠪᠦᠷᠬᠦᠴᠡ ᠶᠢᠨ ᠨᠣᠷᠮ᠎ᠠ 98%  ᠳᠤ ᠬᠦᠷᠴᠦ᠂ 5G ᠶᠢᠨ ᠰᠠᠭᠤᠷᠢ ᠥᠷᠲᠡᠭᠡ ᠶᠢ 3214 ᠪᠠᠶᠢᠭᠤᠯᠵᠤ᠂ ᠬᠤᠲᠠ ᠶᠢᠨ ᠲᠣᠭᠤᠷᠢᠭ ᠤᠨ  ᠭᠤᠤᠯᠳᠠᠯᠭᠠᠳᠤ ᠴᠢᠳᠠᠪᠬᠢᠲᠦ ᠣᠷᠣᠨ ᠳᠤ ᠰᠦᠯᠵᠢᠶ᠎ᠡ ᠶᠢ ᠦᠨᠳᠦᠰᠦᠨ ᠳᠡᠭᠡᠨ ᠨᠡᠶᠢᠳᠡᠮ ᠪᠦᠷᠬᠦᠭᠦᠯᠪᠡ᠃      ᠣᠶᠢᠯᠠᠭᠠᠭᠰᠠᠨ ᠢᠶᠠᠷ᠂ ᠬᠥᠬᠡᠬᠤᠲᠠ ᠤᠷᠢᠳ ᠬᠤᠵᠢᠳ ︽ᠥᠷᠭᠡᠨ ᠪᠦᠰᠡᠲᠦ ᠳᠤᠮᠳᠠᠳᠤ ᠤᠯᠤᠰ︾ ᠤᠨ ᠵᠢᠱᠢᠶ᠎ᠡ ᠦᠵᠡᠭᠦᠯᠬᠦ ᠬᠤᠲᠠ᠂ ᠤᠯᠤᠰ ᠤᠨ ᠲᠦᠷᠦᠭᠦᠤ ᠪᠦᠯᠦᠭ ᠤᠨ ᠬᠤᠳᠠᠯᠳᠤᠭᠠᠨ ᠳᠤ ᠬᠡᠷᠡᠭᠯᠡᠬᠦ 5G  ᠶᠢᠨ ᠬᠤᠲᠠ ᠪᠠᠷ ᠵᠢᠭᠰᠠᠭᠠᠭᠳᠠᠵᠤ᠂ ᠨᠢᠭᠡᠨᠲᠡ ᠪᠥᠬᠦ ᠤᠯᠤᠰ ᠤᠨ 18 ᠰᠢᠭᠤᠳ ᠬᠠᠷᠢᠶ᠎ᠠ ᠬᠤᠲᠠ ᠪᠠ ᠮᠤᠵᠢ ᠶᠢᠨ ᠲᠥᠪ ᠬᠤᠲᠠ ᠳᠤ ᠰᠢᠭᠤᠳ ᠬᠥᠷᠬᠦ  ᠰᠦᠯᠵᠢᠶᠡᠨ ᠵᠠᠮ ᠲᠠᠢ ᠪᠣᠯᠵᠣ᠂ ᠪᠡᠭᠡᠵᠢᠩ ᠳᠤ ᠰᠢᠭᠤᠳ ᠨᠡᠪᠲᠡᠷᠡᠬᠦ   ᠭᠡᠷᠡᠯ ᠲᠠᠲᠠᠯᠭ᠎ᠠ ᠢ  ᠨᠢᠭᠡᠨᠲᠡ4 ᠶᠢ  ᠪᠠᠶᠢᠭᠤᠯᠵᠤ᠂ ᠪᠡᠭᠡᠵᠢᠩ ᠲᠠᠢ ᠬᠠᠷᠢᠯᠴᠠᠨ  ᠰᠦᠯᠵᠢᠶ᠎ᠡ ᠪᠠᠷ ᠵᠠᠯᠭᠠᠨ ᠰᠣᠷᠪᠤᠯᠵᠢᠯᠠᠬᠤ  ᠬᠤᠭᠤᠴᠠᠭᠠᠨ ᠬᠤᠶᠢᠰᠢᠯᠠᠯ ᠵᠦᠪᠬᠡᠨ 10  ᠮᠢᠯᠢᠰᠧᠺᠦ᠋ᠨ᠋ᠳ᠋ ᠪᠠᠶᠢᠵᠤ᠂ ᠳᠣᠲᠣᠭᠠᠳᠤ ᠳᠠᠭᠠᠨ ᠪᠥᠬᠦ ᠤᠯᠤᠰ ᠲᠤ ᠨᠡᠪᠲᠡᠷᠡᠬᠦ᠂ ᠭᠠᠳᠠᠭᠠᠳᠤ ᠳᠠᠭᠠᠨ ᠣᠷᠣᠰ ᠮᠣᠩᠭᠤᠯ ᠧᠦ᠋ᠷᠣᠫᠠ ᠲᠠᠢ ᠨᠡᠪᠲᠡᠷᠡᠬᠦ ᠰᠦᠯᠵᠢᠶᠡᠨ ᠤ ᠰᠢᠰᠲ᠋ᠧᠮ ᠢ ᠪᠦᠷᠢᠯᠳᠦᠭᠦᠯᠦᠭᠰᠡᠨ ᠪᠠᠶᠢᠨ᠎ᠠ᠃ ᠡᠨᠡ ᠵᠢᠯ᠂ ᠬᠥᠬᠡᠬᠤᠲᠠ ᠶᠢᠨ ᠤᠯᠤᠰ ᠤᠨ ᠲᠠᠰ ᠤᠨ  ᠢᠨᠲ᠋ᠧᠷ ᠰᠦᠯᠵᠢᠶᠡᠨ ᠤ ᠭᠤᠤᠯᠯᠠᠭᠴᠢ ᠰᠢᠭᠤᠳ ᠬᠤᠯᠪᠣᠯᠲᠠ ᠶᠢᠨ ᠴᠡᠭ ᠢ ᠴᠦ  ᠪᠠᠶᠢᠭᠤᠯᠵᠤ ᠳᠠᠭᠤᠰᠬᠠᠨ᠂ ᠪᠥᠬᠦ ᠤᠯᠤᠰ ᠤᠨ ᠣᠲᠣ ᠪᠠᠶᠢᠭ᠎ᠠ ᠪᠠᠶᠢᠭᠤᠯᠵᠤ ᠳᠠᠭᠤᠰᠬᠤ ᠦᠶ᠎ᠡ ᠳᠤ ᠨᠡᠪᠲᠡᠷᠡᠭᠦᠯᠦᠭᠰᠡᠨ ᠥᠷᠭᠡᠨ ᠪᠦᠰᠡ  ᠪᠠᠷ ᠬᠠᠮᠤᠭ ᠤᠨ ᠶᠡᠭᠡ ᠰᠢᠭᠤᠳ ᠬᠤᠯᠪᠣᠯᠲᠠ ᠶᠢᠨ ᠴᠡᠭ ᠪᠣᠯᠵᠠᠢ᠃       ᠲᠠᠷᠠᠭᠠᠴᠢ ᠶᠢᠨ ᠠᠯᠬᠤᠮ ᠳᠤ᠂ ᠬᠥᠬᠡᠬᠤᠲᠠ  5G᠂ ᠲᠤᠭ᠎ᠠ ᠪᠠᠷᠢᠮᠲᠠ ᠶᠢᠨ ᠲᠥᠪ᠂ ᠪᠤᠳᠠᠰ ᠤᠨ ᠰᠦᠯᠵᠢᠶ᠎ᠡ ᠵᠡᠷᠭᠡ ᠰᠢᠨ᠎ᠡ ᠨᠢᠭᠡ ᠦᠶ᠎ᠡ ᠶᠢᠨ ᠲᠣᠭᠠᠴᠢᠯᠠᠭᠰᠠᠨ ᠠᠵᠤ ᠠᠬᠤᠶ ᠶᠢᠨ ᠰᠠᠭᠤᠷᠢ  ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠡᠨᠡ ᠵᠢᠯ 5G ᠶᠢᠨ ᠰᠠᠭᠤᠷᠢ ᠥᠷᠲᠡᠭᠡ ᠶᠢ 1300 ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠣᠷᠣᠨ ᠪᠦᠰᠡ ᠶᠢᠨ ᠰᠦᠯᠵᠢᠶᠡᠨ ᠤ ᠴᠢᠬᠤᠯᠠ ᠬᠦᠢᠰᠦ ᠶᠢ  ᠴᠣᠭᠴᠠᠯᠠᠬᠤ ᠪᠤᠯᠤᠨ᠎ᠠ ᠃ ︵ᠯᠢ ᠬᠠᠶ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ