ᠰᠠᠶᠢᠬᠠᠨ ᠪᠣᠭᠤᠮᠲᠠ ᠶᠢᠨ ᠲᠤᠭ᠎ᠠ ᠪᠦᠷᠢᠳᠬᠡᠯ ᠠᠴᠠ ᠦᠵᠡᠪᠡᠯ᠂ ᠬᠥᠬᠡᠬᠤᠲᠠ ᠶᠢᠨ ᠡᠨᠡ ᠵᠢᠯ ᠤᠨ ᠨᠢᠭᠡᠳᠦᠭᠡᠷ ᠤᠯᠠᠷᠢᠯ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠶᠡᠷᠦᠩᠬᠡᠶ ᠥᠷᠲᠡᠭ 45.7 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 5% ᠪᠠᠷ ᠨᠡᠮᠡᠭᠳᠡᠵᠡᠶ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠠᠷᠠᠯᠵᠢᠶᠠᠨ ᠤ ᠥᠷᠲᠡᠭ 26.5 ᠳ᠋ᠦᠩᠰᠢᠭᠤᠷ | ᠲᠥᠭᠦᠷᠢᠭ ᠲᠤ ᠬᠦᠷᠴᠦ᠂ 6.6% ᠶᠢᠨ ᠪᠠᠭ᠎ᠠ ᠪᠠᠭᠤᠷᠠᠭᠰᠠᠨ ᠪᠠᠶᠢᠳᠠᠯ ᠢᠯᠡᠷᠡᠵᠦ᠂ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 19.2 | ᠳ᠋ᠦᠩᠰᠢᠭᠤᠷ ᠲᠥᠭᠦᠷᠢᠭ ᠲᠤ ᠬᠦᠷᠴᠦ᠂ 26.7% ᠶᠢᠨ ᠶᠡᠬᠡᠪᠡᠷ ᠨᠡᠮᠡᠭᠳᠡᠭᠰᠡᠨ ᠪᠠᠶᠢᠳᠠᠯ ᠢᠯᠡᠷᠡᠪᠡ᠃ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠠᠵᠤ | ᠠᠬᠤᠢ ᠬᠦᠴᠢᠷᠳᠡᠯ ᠢ ᠢᠯᠠᠨ ᠳᠠᠪᠠᠵᠤ᠂ ᠲᠣᠭᠲᠠᠭᠤᠨ ᠤ ᠳᠤᠮᠳᠠ ᠤᠷᠤᠭᠰᠢᠯᠠᠵᠤ᠂ ᠨᠢᠭᠡᠳᠦᠭᠡᠷ ᠤᠯᠠᠷᠢᠯ ᠳᠤ ᠡᠶᠡᠷᠬᠦ ᠨᠡᠮᠡᠭᠳᠡᠯ ᠢ ᠤᠭᠲᠤᠨ ᠠᠪᠴᠢᠷᠠᠵᠤ᠂ | ᠠᠮᠵᠢᠯᠲᠠ ᠲᠠᠢ ᠡᠬᠢᠯᠡᠯᠲᠡ ᠶᠢ ᠪᠡᠶᠡᠯᠡᠭᠦᠯᠵᠡᠢ᠃ | ︽ᠬᠥᠭᠵᠢᠯᠲᠡ ᠶᠢᠨ ᠬᠠᠨᠳᠤᠰᠢ ᠠᠴᠠ ᠦᠵᠡᠪᠡᠯ᠂ 2021 ᠣᠨ ᠳᠤ᠂ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶ ᠲᠦᠷᠦᠭᠦᠤ | ᠬᠤᠶᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ ᠪᠠᠨ ᠪᠠᠭᠤᠷᠠᠭᠰᠠᠨ ᠤ ᠳᠠᠷᠠᠭ᠎ᠠ᠂ 3 ᠳ᠋ᠤᠭᠠᠷ ᠰᠠᠷ᠎ᠠ ᠳᠤ ᠲᠣᠭᠲᠠᠭᠤᠨ ᠢᠶᠠᠷ ᠳᠡᠭᠡᠭᠰᠢᠯᠡᠵᠦ᠂ | ᠭᠠᠭᠴᠠ ᠰᠠᠷ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ ᠴᠥᠮ ᠨᠡᠮᠡᠭᠳᠡᠬᠦ ᠬᠠᠨᠳᠤᠰᠢ ᠲᠠᠢ ᠪᠣᠯᠵᠣ᠂ ᠨᠡᠮᠡᠭᠳᠡᠯ ᠤᠨ | ᠬᠡᠮᠵᠢᠶ᠎ᠡ ᠨᠢ ᠲᠣᠰ ᠲᠣᠰ 4% ᠪᠠ 18.5% ᠬᠦᠷᠴᠡᠶ︾᠃ ᠰᠠᠶᠢᠬᠠᠨ ᠪᠣᠭᠤᠮᠲᠠ ᠶᠢᠨ ᠶᠡᠷᠦᠩᠬᠡᠶᠢᠯᠡᠭᠰᠡᠨ ᠠᠵᠢᠯ ᠤᠨ ᠰᠠᠯᠠᠭᠠᠨ ᠤ ᠰᠠᠯᠠᠭᠠᠨ ᠳᠠᠷᠤᠭ᠎ᠠ | ᠯᠢᠦ ᠴᠦᠨ ᠶᠢᠩ ᠤᠨ ᠲᠠᠨᠢᠯᠴᠠᠭᠤᠯᠤᠭᠰᠠᠨ ᠢᠶᠠᠷ᠂ ᠭᠤᠤᠯᠳᠠᠭᠤ ᠢᠯᠡᠷᠡᠵᠦ ᠪᠠᠶᠢᠭ᠎ᠠ ᠣᠨᠴᠠᠯᠢᠭ ᠭᠡᠪᠡᠯ᠂ ᠨᠢᠭᠡ ᠳᠤ ᠬᠥᠬᠡᠬᠤᠲᠠ ᠶᠢᠨ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠭᠠᠳᠠᠭᠠᠳᠤ ᠠᠷᠠᠯᠵᠢᠶ᠎ᠠ ᠶᠢᠨ ᠨᠡᠮᠡᠭᠳᠡᠯ ᠤᠨ ᠬᠠᠨᠳᠤᠰᠢ ᠴᠢᠩᠭ᠎ᠠ ᠪᠠᠶᠢᠨ᠎ᠠ᠃ ᠨᠢᠭᠡᠳᠦᠭᠡᠷ ᠤᠯᠠᠷᠢᠯ ᠳᠤ᠂ ᠶᠡᠷᠦᠩᠬᠡᠶᠢᠯᠡᠭᠰᠡᠨ | ᠭᠠᠶᠢᠯᠢ ᠪᠠᠳᠤᠯᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 16.7 ᠳ᠋ᠦᠩᠰᠢᠭᠤᠷ ᠲᠥᠭᠦᠷᠢᠭ ᠲᠤ | ᠬᠦᠷᠴᠦ᠂ 7089% ᠪᠠᠷ ᠨᠡᠮᠡᠭᠳᠡᠵᠡᠶ᠃ ᠬᠤᠶᠠᠷ ᠲᠤ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷ ᠭᠤᠣᠯ | ᠪᠣᠯᠭᠠᠵᠤ᠂ ᠭᠠᠶᠢᠯᠢ ᠪᠠᠲᠤᠯᠠᠬᠤ ᠡᠳ᠋ ᠪᠠᠷᠠᠭᠠᠨ ᠤ ᠭᠦᠢᠯᠭᠡᠭᠡᠨ ᠤ ᠠᠷᠠᠯᠵᠢᠶ᠎ᠠ ᠦᠳᠲᠡᠷ ᠲᠦᠷᠭᠡᠨ ᠨᠡᠮᠡᠭᠳᠡᠪᠡ᠃ ᠭᠤᠷᠪᠠ ᠳᠤ᠂ ᠰᠢᠨ᠎ᠡ ᠽᠢᠯᠠᠨᠳ᠋᠂ ᠠᠮᠧᠷᠢᠺᠠ᠂ | ᠮᠣᠩᠭᠤᠯ᠂ ᠰᠸᠧᠳᠧᠨ ᠪᠣᠯ ᠬᠥᠬᠡᠬᠤᠲᠠ ᠶᠢᠨ ᠭᠤᠣᠯ ᠪᠣᠯᠬᠤ ᠠᠷᠠᠯᠵᠢᠶᠠᠨ ᠤ ᠬᠠᠨᠢᠲᠠᠨ ᠤᠯᠤᠰ ᠪᠣᠯᠤᠨ᠎ᠠ᠂ ︽ᠨᠢᠭᠡ ᠪᠦᠰᠡ ᠨᠢᠭᠡ ᠵᠠᠮ︾ ᠳᠠᠭᠠᠤ ᠶᠢᠨ | ᠤᠯᠤᠰ ᠤᠳ ᠯᠤᠭ᠎ᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠳᠡᠭᠡᠭᠰᠢᠯᠡᠵᠡᠢ᠃ ᠲᠦᠷᠪᠡ ᠳᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠣᠯᠪᠠ᠃ ᠨᠢᠭᠡᠳᠦᠭᠡᠷ ᠤᠯᠠᠷᠢᠯ ᠳᠤ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ 27.2 ᠳ᠋ᠦᠩᠰᠢᠭᠤᠷ ᠲᠥᠭᠦᠷᠢᠭ ᠲᠤ | ᠬᠦᠷᠴᠦ᠂ 238.3% ᠪᠠᠷ ᠨᠡᠮᠡᠭᠳᠡᠨ᠂ ᠠᠷᠠᠯᠵᠢᠶᠠᠨ ᠤ ᠶᠡᠷᠦᠩᠬᠡᠶ ᠥᠷᠲᠡᠭ ᠤᠨ 59.6% ᠶᠢ ᠡᠵᠡᠯᠡᠪᠡ᠃ ᠲᠠᠪᠤ ᠳᠤ ᠭᠠᠳᠠᠭᠠᠳᠤ ᠤᠷᠤᠭᠤᠯᠤᠯᠲᠠ ᠴᠠᠭᠠᠨ | ᠢᠳᠡᠭᠡᠨ ᠢᠶᠠᠷ ᠭᠤᠣᠯ ᠪᠣᠯᠭᠠᠵᠤ᠂ ᠭᠠᠳᠠᠭᠠᠳᠤ ᠭᠠᠷᠭᠠᠯᠲᠠ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ᠂ ᠦᠨᠳᠦᠰᠦᠨ ᠣᠷᠭᠠᠨᠢᠭ ᠬᠢᠮᠢ ᠶᠢᠨ ᠪᠤᠳᠠᠰ ᠢᠶᠠᠷ | ᠭᠤᠣᠯ ᠪᠤᠯᠭᠠᠵᠤ ᠪᠤᠢ᠃ ᠭᠠᠳᠠᠭᠠᠳᠤ ᠠᠴᠠ ᠣᠷᠣᠭᠤᠯᠤᠭᠰᠠᠨ ᠴᠠᠭᠠᠨ ᠢᠳᠡᠭᠡ 17 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠠᠴᠠ | ᠣᠷᠣᠭᠤᠯᠤᠭᠰᠠᠨ ᠶᠡᠷᠦᠩᠬᠡᠶ ᠥᠷᠲᠡᠭ ᠤᠨ 64.2% ᠢ ᠡᠵᠡᠯᠡᠪᠡ᠃ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠪᠠ ᠦᠨᠳᠦᠰᠦᠨ ᠣᠷᠭᠠᠨᠢᠭ ᠬᠢᠮᠢ ᠶᠢᠨ | ᠪᠣᠳᠠᠰ ᠭᠠᠳᠠᠭᠠᠳᠤ ᠭᠠᠷᠭᠠᠯᠲᠠ 10.1 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠭᠠᠷᠭᠠᠯᠲᠠ ᠶᠢᠨ ᠶᠡᠷᠦᠩᠬᠡᠶ ᠦᠷᠳᠡᠭ ᠤᠨ 52.6% ᠶᠢ | ᠡᠵᠡᠯᠡᠪᠡ᠃ | ᠡᠨᠡ ᠵᠢᠯ ᠠᠴᠠ ᠨᠠᠰᠢ᠂ ᠰᠠᠶᠢᠬᠠᠨ ᠪᠣᠭᠤᠮᠲᠠ ᠭᠠᠳᠠᠭᠠᠳᠤ ᠠᠷᠠᠯᠵᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠪᠦᠬᠦ | ᠬᠦᠴᠦᠨ ᠢᠶᠠᠷ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠭᠦᠨᠵᠡᠭᠡᠢ ᠤᠢᠢᠯᠠᠭᠠᠨ ᠦᠢᠯᠡᠳᠦᠯᠭᠡᠵᠢᠭᠦᠯᠵᠦ᠂ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠢ ᠬᠠᠪᠰᠤᠷᠤᠨ | ᠬᠢᠵᠢᠭ ᠤᠨ ᠠᠰᠢᠭ ᠦᠭᠡᠢ ᠨᠥᠯᠥᠭᠡ ᠪᠣᠯᠤᠨ ᠠᠵᠤ ᠠᠬᠤᠢ ᠶᠢᠨ ᠤᠷᠤᠭᠤᠳᠠᠯ ᠤᠨ ᠲᠦᠭᠰᠢᠭᠦᠷᠢ ᠶᠢ ᠢᠯᠠᠨ ᠲᠠᠪᠠᠵᠤ᠂ ᠣᠷᠣᠨ ᠤ ᠲᠥᠪ ᠤᠨ ᠭᠠᠳᠠᠭᠠᠳᠤ | ᠠᠷᠠᠯᠵᠢᠶᠠᠨ ᠤ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠵᠡᠢ᠃ ︵ᠰᠤᠷᠪᠤᠯᠵᠢᠯᠠᠭᠴᠢ ᠵᠧᠩ ᠰᠢᠤᠸᠠᠢ ᠯᠢᠶᠠᠩ︶ | | | |