ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠳᠤ ᠢᠯᠡᠷᠡᠭᠰᠡᠨ ᠢᠶᠠᠷ ᠥᠪᠥᠷ ᠮᠣᠩᠭᠤᠯ ᠤᠨ ᠪᠠᠶᠢᠩᠭᠤ ᠰᠠᠭᠤᠭ᠎ᠠ ᠬᠥᠮᠦᠨ ᠠᠮᠠ 2404.9 ᠲᠦᠮᠡ ᠪᠠᠶᠢᠨ᠎ᠠ
ᠨᠡᠶᠢᠲᠡᠯᠡᠭᠰᠡᠨ ᠴᠠᠭ᠄
2021/5/13
      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ 5 ᠳ᠋ᠤᠭᠠᠷ ᠰᠠᠷ᠎ᠠ ᠶᠢᠨ 11 ᠤ ᠡᠳᠦᠷ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢ ᠨᠡᠶᠢᠳᠡᠯᠡᠪᠡ᠃ ᠠᠯᠪᠠᠨ ᠮᠡᠳᠡᠭᠡ ᠠᠴᠠ ᠦᠵᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ 24049155 ᠪᠠᠶᠢᠵᠤ᠂ ᠪᠦᠬᠦ ᠤᠯᠤᠰ ᠤᠨ ᠬᠥᠮᠦᠨ ᠠᠮᠠ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ 1.70% ᠳᠤ ᠬᠦᠷᠴᠦ᠂ 2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳ᠋ᠦᠩ ᠲᠠᠢ ᠬᠠᠷᠢᠴᠠᠭᠤᠯᠪᠠᠯ᠂ ᠬᠤᠪᠢ ᠶᠢᠨ ᠵᠢᠩ ᠨᠢ 0.14 ᠵᠠᠭᠤᠨ ᠤ ᠨᠢᠭᠡᠴᠢ ᠳᠣᠷᠣᠭᠰᠢᠯᠠᠵᠠᠶ᠃       ᠬᠥᠮᠦᠨ ᠠᠮᠠ ᠶᠢᠨ  ᠬᠦᠢᠰᠦ ᠶᠢᠨ ᠢᠯᠭᠠᠯ ᠤᠨ ᠪᠦᠷᠢᠯᠳᠦᠯ ᠠᠴᠠ ᠦᠵᠡᠪᠡᠯ᠂ ᠥᠪᠥᠷ ᠮᠣᠩᠭᠤᠯ ᠤᠨ ᠬᠥᠮᠦᠨ ᠠᠮᠠ ᠶᠢᠨ ᠳᠣᠲᠣᠷ᠎ᠠ᠂ ᠡᠷᠡᠭᠲᠡᠶ ᠬᠥᠮᠦᠨ ᠠᠮᠠ 51.04% ᠶᠢ ᠡᠵᠡᠯᠡᠵᠦ᠂ ᠡᠮᠡᠭᠲᠡᠶ ᠬᠥᠮᠦᠨ ᠠᠮᠠ 48.96% ᠶᠢ ᠡᠵᠡᠯᠡᠵᠦ ᠪᠠᠶᠢᠨ᠎ᠠ᠃ ᠬᠥᠮᠦᠨ ᠠᠮᠠ ᠶᠢᠨ ᠨᠠᠰᠤᠨ ᠤ ᠪᠦᠷᠢᠯᠳᠦᠯ ᠠᠴᠠ ᠦᠵᠡᠪᠡᠯ᠂ ᠪᠥᠬᠦ ᠣᠷᠣᠨ ᠤ 0 — 14 ᠨᠠᠰᠤᠨ ᠤ ᠬᠥᠮᠦᠨ ᠠᠮᠠ ᠶᠢᠨ ᠬᠤᠪᠢ ᠶᠢᠨ ᠵᠢᠩ 14.04%᠂ 15 — 59 ᠨᠠᠰᠤᠨ ᠤ ᠬᠥᠮᠦᠨ ᠠᠮᠠ ᠶᠢᠨ ᠬᠤᠪᠢ ᠶᠢᠨ ᠵᠢᠩ 66.17%᠂ 60 ᠨᠠᠰᠤ ᠵᠢᠴᠢ 60 ᠨᠠᠰᠤᠨ ᠠᠴᠠ ᠳᠡᠭᠡᠭᠰᠢᠬᠢ ᠬᠥᠮᠦᠨ ᠠᠮᠠ ᠶᠢᠨ ᠬᠤᠪᠢ ᠶᠢᠨ ᠵᠢᠩ 19.78% ᠪᠣᠯᠤᠨ᠎ᠠ᠃ ᠬᠥᠮᠦᠨ ᠠᠮᠠ ᠶᠢᠨ ᠰᠤᠷᠭᠠᠨ ᠬᠥᠮᠦᠵᠢᠯ ᠭᠥᠷᠳᠡᠭᠰᠡᠨ ᠪᠠᠶᠢᠳᠠᠯ ᠠᠴᠠ ᠦᠵᠡᠪᠡᠯ᠂ ᠪᠥᠬᠦ ᠣᠷᠣᠨ ᠤ 10 ᠲᠦᠮᠡᠨ ᠬᠥᠮᠦᠨ ᠤ ᠳᠣᠲᠣᠷ᠎ᠠ᠂ ᠶᠡᠭᠡ ᠲᠡᠭᠡᠳᠦ ᠰᠤᠷᠭᠠᠭᠤᠯᠢ ︵ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢ︶ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ ᠠᠮᠠ 18688 ᠪᠠᠶᠢᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ ᠠᠮᠠ 14814 ᠪᠠᠶᠢᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ ᠠᠮᠠ 33861 ᠪᠠᠶᠢᠵᠤ᠂ ᠪᠠᠭ᠎ᠠ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠦᠨ ᠠᠮᠠ 23627 ᠪᠠᠶᠢᠨ᠎ᠠ᠃       ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠲᠠᠢ ᠬᠠᠷᠢᠴᠠᠭᠤᠯᠪᠠᠯ᠂ ᠮᠠᠨ ᠤ ᠣᠷᠣᠨ ᠤ 15 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ ᠠᠮᠠ ᠶᠢᠨ ᠰᠤᠷᠭᠠᠨ ᠬᠥᠮᠦᠵᠢᠯ ᠭᠥᠷᠳᠡᠬᠦ ᠳᠤᠮᠳᠠᠴᠢ ᠵᠢᠯ ᠬᠤᠭᠤᠴᠠᠭ᠎ᠠ ᠨᠢ 9.22 ᠵᠢᠯ ᠪᠠᠶᠢᠭᠰᠠᠨ ᠠᠴᠠ ᠪᠠᠨ 10.08 ᠵᠢᠯ ᠪᠣᠯᠵᠣ ᠳᠡᠭᠡᠭᠰᠢᠯᠡᠪᠡ᠃ ︵ᠰᠤᠷᠪᠤᠯᠵᠢᠯᠠᠭᠴᠢ ᠶᠠᠩ ᠹᠠᠨ︶
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ