ᠮᠠᠨ ᠤ ᠬᠤᠲᠠ ᠨᠡᠶᠢᠭᠡᠮ ᠠᠴᠠ ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷᠠᠴᠢᠨ ᠡᠯᠰᠡᠵᠦ ᠪᠠᠶᠢᠨ᠎ᠠ
ᠨᠡᠶᠢᠲᠡᠯᠡᠭᠰᠡᠨ ᠴᠠᠭ᠄
2021/5/14
      ︵ᠰᠤᠷᠪᠤᠯᠵᠢᠯᠠᠭᠴᠢ ᠸᠠᠩ ᠵᠥᠩ ᠵᠧᠤ︶ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠡᠯᠢᠭᠡᠰᠡᠭ ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠥᠮᠦᠨ ᠪᠦᠬᠦᠨ ᠰᠠᠶᠢᠨ ᠳᠤᠷ᠎ᠠ ᠶᠢᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠪᠦᠬᠦ ᠠᠷᠠᠳ ᠤᠨ ᠪᠣᠯᠪᠠᠰᠤᠨ ᠵᠠᠮ ᠬᠠᠷᠢᠯᠴᠠᠭᠠᠨ ᠤ ᠤᠬᠠᠮᠰᠠᠷ ᠢ ᠴᠢᠩᠭᠠᠳᠬᠠᠵᠤ᠂ ᠥᠷᠭᠡᠨ ᠤᠯᠠᠨ ᠬᠤᠳᠠ ᠶᠢᠨ ᠠᠷᠠᠳ ᠤᠨ ᠪᠣᠯᠪᠠᠰᠤᠨ ᠬᠡᠪ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠪᠣᠯᠪᠠᠰᠤᠨ ᠵᠠᠮ ᠬᠠᠷᠢᠯᠴᠠᠭ᠎ᠠ ᠳᠤ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠬᠠᠮᠲᠤᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠦᠭᠡ᠂ 5  ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠨ᠂ ᠮᠠᠨ ᠤ ᠬᠤᠳᠠ ᠨᠡᠶᠢᠭᠡᠮ ᠠᠴᠠ ᠪᠣᠯᠪᠠᠰᠤᠨ ᠵᠠᠮ ᠬᠠᠷᠢᠯᠴᠠᠭᠠᠨ ᠤ ᠰᠠᠶᠢᠨ  ᠲᠤᠷᠠᠴᠢᠨ ᠢ ᠥᠷᠭᠡᠨ ᠢᠶᠠᠷ  ᠡᠯᠰᠡᠵᠦ ᠡᠬᠢᠯᠡᠪᠡ᠃       ᠣᠶᠢᠯᠠᠭᠠᠭᠰᠠᠨ ᠢᠶᠠᠷ᠂ ᠲᠣᠰ ᠤᠳᠠᠭᠠᠨ ᠤ ᠡᠯᠰᠡᠬᠦ ᠠᠵᠢᠯ ᠢ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠡᠪᠯᠡᠯ ᠤᠨ ᠬᠤᠲᠠ ᠶᠢᠨ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠲᠠ ᠶᠢᠨ ᠰᠠᠶᠢᠨ  ᠲᠤᠷᠠᠴᠢᠨ ᠤ ᠬᠤᠯᠪᠣᠭᠠᠲᠤ ᠬᠤᠷᠠᠯ ᠪᠠ ᠬᠤᠲᠠ ᠶᠢᠨ ᠵᠠᠯᠠᠭᠤ ᠰᠠᠶᠢᠨ ᠲᠤᠷᠠᠴᠢᠨ  ᠤ  ᠨᠡᠶᠢᠭᠡᠮᠯᠢᠭ ᠠᠴᠠ ᠭᠤᠤᠯᠯᠠᠨ ᠡᠷᠬᠢᠯᠡᠪᠡ᠂ ᠲᠣᠰ  ᠤᠳᠠᠭ᠎ᠠ  ᠰᠠᠶᠢᠨ ᠲᠤᠷᠠᠴᠢᠨ ᠢᠶᠠᠷ ᠡᠯᠰᠡᠬᠦ ᠬᠦᠮᠦᠨ ᠨᠢ 18 — 60 ᠨᠠᠰᠤᠨ ᠤ ᠬᠤᠭᠤᠷᠣᠨᠳᠣᠬᠢ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠨᠡᠶᠢᠲᠡ ᠶᠢᠨ ᠠᠰᠠᠷᠠᠮᠵᠢ ᠶᠢᠨ  ᠦᠢᠯᠠᠰ ᠲᠤ ᠬᠠᠯᠠᠭᠤᠨ ᠰᠡᠳᠬᠢᠯ ᠲᠠᠢ᠂ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤᠴᠢ ᠴᠢᠨᠠᠷ ᠲᠠᠢ ᠬᠤᠲᠠ ᠶᠢᠨ ᠠᠷᠠᠳ ᠪᠣᠯᠣᠨ᠎ᠠ᠃ ᠠᠵᠢᠯᠯᠠᠭ᠎ᠠ ᠶᠢᠨ ᠴᠠᠭ ᠨᠢ 2021 ᠣᠨ ᠤ ᠪᠥᠬᠦ ᠵᠢᠯ ᠪᠠᠶᠢᠵᠤ᠂ ᠪᠦᠯᠦᠭ ᠤᠳᠠᠭ᠎ᠠ ᠬᠤᠪᠢᠶᠠᠨ ᠥᠷᠨᠢᠭᠦᠯᠦᠨ᠎ᠡ᠃ ᠠᠵᠢᠯᠯᠠᠭ᠎ᠠ  ᠳᠤ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠠᠭᠤᠯᠵᠠᠷ᠂ ᠵᠠᠮ ᠤᠨ ᠬᠡᠰᠡᠭ᠂ ᠥᠷᠲᠡᠭᠡ  ᠳᠤ ᠬᠤᠲᠠ ᠶᠢᠨ ᠠᠷᠠᠳ ᠤᠨ ᠪᠣᠯᠪᠠᠰᠤᠨ ᠢᠶᠠᠷ ᠠᠶᠠᠯᠠᠬᠤ ᠶᠢ ᠬᠥᠲᠥᠯᠦᠨ  ᠵᠢᠯᠤᠭᠤᠳᠬᠤ᠂ ᠵᠠᠮ ᠬᠠᠷᠢᠯᠴᠠᠭᠠᠨ ᠤ ᠴᠠᠭᠳᠠᠭ᠎ᠠ ᠶᠢ ᠬᠠᠪᠰᠤᠷᠤᠨ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠵᠤ᠂ ᠪᠣᠯᠪᠠᠰᠤᠨ ᠪᠤᠰᠤ ᠵᠠᠮ ᠬᠠᠷᠢᠯᠴᠠᠭᠠᠨ ᠤ  ᠦᠢᠯᠡ ᠠᠵᠢᠯᠯᠠᠭ᠎ᠠ ᠶᠢ  ᠢᠳᠬᠠᠬᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠬᠦᠷᠴᠦ ᠪᠣᠯᠪᠠᠰᠤᠨ ᠵᠠᠮ ᠬᠠᠷᠢᠯᠴᠠᠭᠠᠨ ᠤ ᠤᠬᠠᠭᠤᠯᠭ᠎ᠠ  ᠥᠷᠨᠢᠬᠦᠯᠬᠦ᠂ ᠬᠠᠮᠲᠤ ᠪᠠᠷ ᠡᠳ᠋ᠯᠡᠬᠦ ᠳᠤᠭᠤᠶ ᠲᠡᠷᠭᠡ ᠪᠠ ᠲᠤᠰᠠᠯᠠᠬᠤ ᠲᠡᠷᠭᠡ  ᠶᠢ ᠲᠢᠭᠯᠢᠵᠦ ᠲᠠᠯᠪᠢᠬᠤ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃       ᠵᠢᠩᠬᠢᠨᠢ ᠪᠣᠯᠪᠠᠰᠤᠨ ᠵᠠᠮ ᠬᠠᠷᠢᠯᠴᠠᠭᠠᠨ ᠤ ᠰᠠᠶᠢᠨ ᠲᠤᠷᠠᠴᠢᠨ ᠪᠣᠯᠪᠠᠯ ︽ᠰᠠᠶᠢᠨ ᠳᠤᠷ᠎ᠠ ᠶᠢᠨ ᠤᠮᠠᠷᠠᠲᠤ ᠬᠢᠯᠢ︾ ᠮᠡᠳᠡᠭᠡ ᠵᠠᠩᠭᠢ ᠶᠢᠨ ᠰᠢᠰᠲ᠋ᠧᠮ ᠳᠤ ᠰᠠᠶᠢᠨ ᠳᠤᠷ᠎ᠠ  ᠠᠴᠠ ᠪᠠᠨ ᠦᠢᠯᠡᠴᠢᠯᠡᠭᠰᠡᠨ ᠴᠠᠭ ᠪᠠᠨ ᠲᠡᠮᠳᠡᠭᠯᠡᠬᠦ ᠪᠠᠷ ᠭᠤᠶᠤᠴᠢᠯᠠᠵᠤ ᠪᠣᠯᠤᠨ᠎ᠠ᠂ ᠲᠣᠰ ᠰᠢᠰᠲ᠋ᠧᠮ ᠨᠢ ᠪᠣᠯᠪᠠᠰᠤᠨ ᠵᠠᠮ ᠬᠠᠷᠢᠯᠴᠠᠭᠠᠨ ᠳᠤ ᠣᠷᠣᠯᠴᠠᠭᠰᠠᠨ ᠰᠠᠶᠢᠨ ᠳᠤᠷᠠᠴᠢᠨ ᠨᠢᠭᠡᠪᠦᠷᠢ ᠳᠤ ᠰᠠᠶᠢᠨ ᠳᠤᠷ᠎ᠠ ᠶᠢᠨ ᠦᠢᠯᠡᠴᠢᠯᠡᠭᠡ ᠶᠢᠨ ᠬᠤᠭᠤᠴᠠᠭᠠᠨ ᠳᠠᠬᠢ 1 ᠬᠤᠪᠢ ᠳᠠᠭᠠᠳᠬᠠᠯ ᠪᠠ ᠰᠠᠶᠢᠨ ᠳᠤᠷ᠎ᠠ ᠶᠢᠨ ᠦᠢᠯᠡᠴᠢᠯᠡᠭᠡ ᠶᠢᠨ ᠭᠡᠷᠡᠴᠢ ᠬᠠᠩᠭᠠᠬᠤ ᠪᠣᠯᠤᠨ᠎ᠠ᠃ ᠡᠭᠦᠨ ᠤ ᠬᠠᠮᠲᠤ ︽ᠬᠥᠬᠡᠬᠤᠲᠠ ᠶᠢᠨ ᠰᠠᠶᠢᠨ ᠲᠤᠷᠠᠴᠢᠨ ᠤ ᠬᠦᠨᠳᠦᠯᠡᠯ ᠤᠨ ᠠᠷᠭ᠎ᠠ︾ ᠶᠢ ᠦᠨᠳᠦᠰᠦᠯᠡᠨ᠂ ᠰᠢᠯᠢᠳᠡᠭ ᠰᠠᠶᠢᠨ ᠲᠤᠷᠠᠴᠢᠨ ᠢ ᠰᠠᠶᠢᠰᠢᠶᠠᠨ ᠬᠥᠬᠢᠭᠦᠯᠵᠦ᠂ ᠬᠥᠬᠡᠬᠤᠲᠠ ᠶᠢᠨ ᠰᠢᠯᠢᠳᠡᠭ ᠰᠠᠶᠢᠨ  ᠲᠤᠷᠠᠴᠢᠨ ᠢᠶᠠᠷ ᠡᠩ ᠲᠡᠷᠢᠭᠦᠨ ᠳᠤ ᠲᠠᠨᠢᠯᠴᠠᠭᠤᠯᠤᠨ᠎ᠠ᠃      ᠥᠷᠭᠡᠨ ᠤᠯᠠᠨ ᠬᠤᠳᠠ ᠶᠢᠨ ᠠᠷᠠᠳ ᠰᠠᠶᠢᠨ  ᠳᠤᠷᠠᠴᠢᠨ ᠪᠤᠯᠵᠤ ᠪᠣᠯᠪᠠᠰᠤᠨ ᠵᠠᠮ ᠬᠠᠷᠢᠯᠴᠠᠭᠠᠨ ᠤ ᠠᠵᠢᠯ ᠳᠤ ᠣᠷᠣᠯᠴᠠᠬᠤ ᠪᠠᠷ ᠳᠠᠮᠵᠢᠭᠤᠯᠵᠤ᠂  ᠣᠷᠣᠨ ᠤ ᠲᠥᠪ ᠲᠤ ᠬᠠᠮᠲᠤᠪᠠᠷ ᠴᠤᠭ ᠪᠠᠳᠠᠷᠠᠩᠭᠤᠢ ᠢᠳᠡᠪᠬᠢ ᠬᠦᠴᠦᠨ ᠨᠡᠮᠡᠷᠢᠯᠡᠵᠦ᠂ ᠬᠤᠳᠠ ᠶᠢᠨ ᠵᠠᠮ ᠬᠠᠷᠢᠯᠴᠠᠭ᠎ᠠ ᠳᠤ ᠬᠡᠷᠡᠯ ᠭᠢᠯᠪᠠᠭ᠎ᠠ ᠨᠡᠮᠡᠷᠢᠯᠡᠵᠦ᠂ ᠰᠠᠶᠢᠨ ᠰᠠᠶᠢᠬᠠᠨ ᠪᠣᠯᠪᠠᠰᠤᠨ ᠬᠤᠳᠠ ᠶᠢᠨ ᠠᠭᠤᠷ ᠠᠮᠢᠰᠬᠤᠯ ᠢ ᠥᠷᠭᠡᠨ ᠢᠶᠠᠷ ᠪᠤᠢ ᠪᠣᠯᠭᠠᠬᠤ ᠪᠣᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ