︵ᠰᠤᠷᠪᠤᠯᠵᠢᠯᠠᠭᠴᠢ ᠮᠢᠶᠣᠣ ᠴᠢᠩ︶ 5 ᠳ᠋ᠤᠭᠠᠷ ᠰᠠᠷ᠎ᠠ ᠶᠢᠨ 13 ᠤ ᠡᠳᠦᠷ᠂ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠲᠠᠯ᠎ᠠ ᠨᠤᠲᠤᠭ ᠲᠤ ᠲᠠᠬᠢᠨ ᠤᠴᠠᠷᠠᠶ᠎ᠠ︾ ᠬᠥᠬᠡᠬᠤᠲᠠ ᠶᠢᠨ ᠰᠣᠶᠣᠯ | ᠵᠢᠭᠤᠯᠴᠢᠯᠠᠯ ᠤᠨ ᠰᠠᠶᠢᠨ ᠰᠠᠶᠢᠬᠠᠨ ᠠᠮᠢᠳᠤᠷᠠᠯ ᠤᠨ ᠤᠯᠠᠷᠢᠯ ᠤᠨ ᠰᠢᠷᠢᠰ ᠠᠵᠢᠯᠯᠠᠭ᠎ᠠ ᠶᠢ ᠨᠡᠶᠢᠲᠡᠯᠡᠪᠡ᠃ | ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠲᠠ ᠶᠢᠨ | ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠸᠠ ᠢ ᠴᠢ ᠮᠢᠩ ᠳ᠋ᠦᠩ ᠹᠠᠩ ᠴᠧᠩ ᠱᠢ ᠰᠣᠶᠣᠯ ᠤᠨ ᠬᠥᠭᠵᠢᠯᠲᠡ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠨ᠎ᠡ᠃ | ︽ᠲᠠᠯ᠎ᠠ ᠨᠤᠲᠤᠭ ᠲᠤ ᠲᠠᠬᠢᠨ ᠤᠴᠠᠷᠠᠶ᠎ᠠ︾ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠰᠠᠶᠢᠨ ᠰᠠᠶᠢᠬᠠᠨ ᠠᠮᠢᠳᠤᠷᠠᠯ ᠤᠨ ᠤᠯᠠᠷᠢᠯ ᠤᠨ ᠰᠢᠷᠢᠰ | ᠠᠵᠢᠯᠯᠠᠭ᠎ᠠ ᠳᠤ ᠵᠢᠷᠭᠤᠭᠠᠨ ᠭᠤᠣᠯ ᠠᠭᠤᠯᠭ᠎ᠠ ᠪᠠᠭᠲᠠᠨ᠎ᠠ᠄ 5 ᠳ᠋ᠤᠭᠠᠷ ᠰᠠᠷ᠎ᠠ ᠶᠢᠨ 19 ᠤ ᠡᠳᠦᠷ ᠴᠡᠯᠡᠭᠡᠷ ᠲᠠᠯ᠎ᠠ ᠶᠢᠨ ᠮᠢᠩᠭᠠᠨ ᠬᠥᠮᠦᠨ ᠤ ᠬᠤᠷᠠᠯ | ᠦᠵᠡᠰᠬᠦᠯᠡᠩ ᠤᠨ ᠲᠥᠪ ᠲᠤ ᠤᠮᠠᠷᠠᠲᠤ ᠣᠷᠣᠨ ᠤ ᠲᠠᠪᠤᠨ ᠮᠤᠵᠢ ᠬᠤᠳᠠ ᠣᠷᠣᠨ ᠤ ᠠᠩᠬᠠᠳᠤᠭᠠᠷ ᠬᠤᠭᠤᠴᠠᠭᠠᠨ ᠤ ᠪᠡᠭᠡᠵᠢᠩ ᠢ ᠲᠣᠭᠤᠷᠢᠭᠰᠠᠨ | ᠵᠢᠭᠤᠯᠴᠢᠯᠠᠯ ᠤᠨ ᠬᠠᠮᠲᠤᠷᠠᠯᠴᠠᠭᠠᠨ ᠤ ᠲᠦᠷᠦᠭᠦᠴᠦᠳ ᠤᠨ ᠬᠤᠷᠠᠯ ᠢ ᠡᠷᠬᠢᠯᠡᠨ ᠬᠤᠷᠠᠯᠳᠤᠭᠤᠯᠤᠨ᠎ᠠ︔ 5 ᠳ᠋ᠤᠭᠠᠷ ᠰᠠᠷ᠎ᠠ ᠶᠢᠨ 19 ᠤ ᠡᠳᠦᠷ ᠴᠡᠯᠡᠭᠡᠷ | ᠲᠠᠯ᠎ᠠ ᠳᠤ ︽ᠦᠵᠡᠰᠬᠦᠯᠡᠩᠲᠦ ᠰᠠᠶᠢᠬᠠᠨ ᠬᠥᠬᠡᠬᠤᠲᠠ · ᠦᠨᠢᠷ ᠪᠠᠶᠠᠯᠢᠭ ᠲᠠᠯ᠎ᠠ ᠶᠢᠨ ᠬᠤᠳᠠ︾ ᠬᠥᠬᠡᠬᠤᠲᠠ ᠶᠢᠨ ᠠᠩᠬᠠᠳᠤᠭᠠᠷ ᠬᠤᠭᠤᠴᠠᠭᠠᠨ ᠤ | ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠡᠷᠬᠢᠯᠡᠨ᠎ᠡ︔ 6 ᠳ᠋ᠤᠭᠠᠷ ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ ᠴᠡᠯᠡᠭᠡᠷ ᠲᠠᠯ᠎ᠠ | ᠳᠤ ︽ ᠦᠵᠡᠰᠭᠦᠯᠡᠩᠲᠦ ᠬᠥᠬᠡ ᠬᠤᠲᠠ · ᠲᠠᠯ᠎ᠠ ᠨᠤᠲᠤᠭ ᠲᠤ ᠳᠠᠬᠢᠨ ᠤᠴᠠᠷᠠᠶ᠎ᠠ︾ ᠬᠤᠸᠠ ᠢ ᠰᠶᠦ᠋ᠩ ᠳ᠋ᠢ ᠶᠢᠨ ᠴᠡᠯᠡᠭᠡᠷ ᠲᠠᠯ᠎ᠠ ᠣᠳᠣᠨ | ᠵᠦᠴᠦᠭᠡ ᠶᠢᠨ ᠲᠢᠶᠠᠲᠷ ᠬᠤᠨᠳᠠᠭᠠᠲᠤ 20 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠵᠢᠯ ᠮᠡᠷᠭᠡᠵᠢᠯ ᠤᠨ ᠮᠣᠳᠧᠯ ᠤᠨ ᠤᠷᠤᠯᠳᠤᠭᠠᠨ ᠤ | ᠰᠢᠢᠳᠪᠦᠷᠢᠲᠦ ᠤᠷᠤᠯᠳᠤᠭᠠᠨ ᠢ ᠡᠷᠬᠢᠯᠡᠨ᠎ᠡ︔ 6 ᠳ᠋ᠤᠭᠠᠷ ᠰᠠᠷ᠎ᠠ ᠶᠢᠨ 26 ᠤ ᠡᠳᠦᠷ ᠬᠤᠸᠠ ᠢ ᠰᠢᠶᠦ᠋ᠩ ᠳ᠋ᠢ ᠶᠢᠨ ᠴᠡᠯᠡᠭᠡᠷ ᠲᠠᠯ᠎ᠠ ᠤᠳᠤᠨ ᠵᠦᠴᠦᠭᠡ ᠶᠢᠨ | ᠲᠢᠶᠠᠲᠷ ᠲᠤ ︽ᠰᠠᠶᠢᠨ ᠰᠠᠶᠢᠬᠠᠨ ᠠᠮᠢᠳᠤᠷᠠᠯ · ᠡᠭᠡ ᠤᠯᠤᠰ ᠲᠠᠭᠠᠨ ᠪᠡᠯᠡᠭ ᠪᠠᠷᠢᠶ᠎ᠠ︾ ᠬᠤᠸᠠ ᠢ ᠰᠢᠶᠦ᠋ᠩ ᠳ᠋ᠢ ᠶᠢᠨ ᠴᠡᠯᠡᠭᠡᠷ ᠲᠠᠯ᠎ᠠ ᠤᠳᠤᠨ | ᠵᠦᠴᠦᠭᠡ ᠶᠢᠨ ᠲᠢᠶᠠᠲᠷ ᠤᠨ ᠨᠡᠭᠡᠭᠡᠯᠲᠡ ᠶᠢᠨ ᠶᠣᠰᠣᠯᠠᠯ ᠢ ᠶᠠᠪᠤᠭᠳᠠᠭᠤᠯᠤᠨ᠎ᠠ︔ 7 ᠳ᠋ᠤᠭᠠᠷ ᠰᠠᠷ᠎ᠠ ᠶᠢᠨ 3 ᠤ ᠡᠳᠦᠷ ᠬᠤᠸᠠ ᠢ ᠰᠢᠶᠦ᠋ᠩ ᠳ᠋ᠢ ᠶᠢᠨ | ᠴᠡᠯᠡᠭᠡᠷ ᠲᠠᠯ᠎ᠠ ᠣᠳᠣᠨ ᠵᠦᠴᠦᠭᠡ ᠶᠢᠨ ᠲᠢᠶᠠᠲᠷ ᠲᠤ ︽ᠠᠭᠤᠤ ᠶᠡᠭᠡ ᠡᠬᠡ ᠣᠷᠣᠨ ᠢᠶᠠᠨ ᠮᠠᠭᠲᠠᠨ ᠳᠠᠭᠤᠯᠠᠵᠤ᠂ ᠲᠠᠯ᠎ᠠ ᠨᠤᠲᠤᠭ ᠤᠨ ᠠᠷᠠᠳ ᠲᠦᠮᠡᠨ ᠳᠤ | ᠪᠡᠯᠡᠭ ᠪᠠᠷᠢᠶ᠎ᠠ︾ ᠬᠤᠸᠠ ᠢ ᠰᠢᠶᠦ᠋ᠩ ᠳ᠋ᠢ ᠶᠢᠨ ᠴᠡᠯᠡᠭᠡᠷ ᠲᠠᠯ᠎ᠠ ᠣᠳᠣᠨ ᠵᠦᠴᠦᠭᠡ ᠶᠢᠨ ᠲᠢᠶᠠᠲᠷ ᠤᠨ ᠦᠳᠡᠰᠢ — ᠳᠤᠮᠳᠠᠳᠤ ᠤᠯᠤᠰ ᠤᠨ ᠭᠤᠷᠪᠠᠨ | ᠶᠡᠭᠡ ᠴᠡᠭᠡᠯ ᠬᠤᠭᠤᠯᠠᠶ ᠲᠠᠢ ᠡᠷᠡᠭᠲᠡᠢ ᠲᠠᠭᠤᠴᠢᠨ ᠤ ᠲᠠᠯ᠎ᠠ ᠨᠤᠲᠤᠭ ᠤᠨ ᠳᠠᠭᠤᠤ ᠬᠥᠭᠵᠢᠮ ᠤᠨ ᠦᠳᠡᠰᠢᠯᠡᠭᠡ ᠶᠢ ᠡᠷᠬᠢᠯᠡᠨ᠎ᠡ᠃7 ᠳ᠋ᠤᠭᠠᠷ ᠰᠠᠷ᠎ᠠ ᠶᠢᠨ | 31 ᠤ ᠡᠳᠦᠷ ᠬᠤᠸᠠ ᠢ ᠰᠢᠶᠦ᠋ᠩ ᠳ᠋ᠢ ᠶᠢᠨ ᠴᠡᠯᠡᠭᠡᠷ ᠲᠠᠯ᠎ᠠ ᠣᠳᠣᠨ ᠵᠦᠴᠦᠭᠡ ᠶᠢᠨ ᠲᠢᠶᠠᠲᠷ ᠲᠤ ︽ᠲᠠᠯ᠎ᠠ ᠨᠤᠲᠤᠭ ᠲᠤ ᠳᠠᠬᠢᠨ ᠤᠴᠠᠷᠠᠶ᠎ᠠ︾ | ᠦᠪᠡᠳᠡᠭᠰᠢ ᠶᠣᠰᠣᠯᠠᠯ ᠤᠨ ᠠᠵᠢᠯᠯᠠᠭ᠎ᠠ ᠶᠢ ᠪᠦᠬᠦ ᠪᠥᠮᠪᠥᠷᠴᠡᠭ ᠤᠨ ᠠᠩᠬᠠᠨ ᠤ ᠲᠣᠭᠯᠠᠯᠲᠠ ᠶᠢᠨ ᠦᠪᠡᠳᠡᠭᠰᠢ ᠶᠣᠰᠣᠯᠠᠯ ᠤᠨ ᠠᠵᠢᠯᠯᠠᠭ᠎ᠠ ᠶᠢ ᠡᠷᠬᠢᠯᠡᠨ | ᠶᠠᠪᠤᠭᠳᠠᠭᠤᠯᠤᠨ᠎ᠠ᠃ | ᠡᠭᠦᠨ ᠤ ᠬᠠᠮᠲᠤ᠂ 5 ᠳ᠋ᠤᠭᠠᠷ ᠰᠠᠷ᠎ᠠ ᠶᠢᠨ 19 ᠤ ᠡᠳᠦᠷ᠂ ︽ᠪᠣᠬᠢᠷᠲᠤᠯ ᠥᠬᠡᠶ ᠬᠥᠭᠵᠢᠯᠲᠡ ᠶᠢᠨ ᠰᠠᠶᠢᠨ ᠰᠠᠶᠢᠬᠠᠨ ᠠᠮᠢᠳᠤᠷᠠᠯ︾ — | 2021 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠬᠤᠷᠠᠯ ᠤᠨ | ᠲᠠᠯᠠᠪᠠᠶ ᠶᠢ ᠴᠤ ᠴᠡᠯᠡᠭᠡᠷ ᠲᠠᠯ᠎ᠠ ᠳᠤ ᠲᠤᠬᠢᠷᠠᠭᠤᠯᠵᠤ᠂ ᠲᠤᠬᠠᠶ ᠶᠢᠨ ᠦᠶ᠎ᠡ ᠳᠤ ᠠᠷᠠᠳ ᠲᠤ ᠠᠰᠢᠭ ᠬᠦᠷᠲᠡᠭᠡᠬᠦ ᠮᠠᠰᠢ ᠣᠯᠠᠨ ᠠᠵᠢᠯᠯᠠᠭ᠎ᠠ ᠶᠠᠪᠤᠭᠳᠠᠬᠤ | ᠪᠣᠯᠤᠨ᠎ᠠ᠃ | ᠲᠣᠰ ᠤᠳᠠᠭᠠᠨ ᠤ ᠰᠢᠷᠢᠰ ᠠᠵᠢᠯᠯᠠᠭ᠎ᠠ ᠨᠢ 5 ᠳ᠋ᠤᠭᠠᠷ ᠰᠠᠷ᠎ᠠ ᠠᠴᠠ ᠡᠬᠢᠯᠡᠨ 7 ᠳ᠋ᠤᠭᠠᠷ ᠰᠠᠷ᠎ᠠ ᠪᠣᠯᠲᠠᠯ᠎ᠠ ᠦᠷᠭᠦᠯᠵᠢᠯᠡᠬᠦ ᠪᠣᠯᠤᠨ᠎ᠠ᠃ ᠰᠢᠷᠢᠰ | ᠠᠵᠢᠯᠯᠠᠭ᠎ᠠ ᠶᠢ ᠶᠠᠪᠤᠭᠳᠠᠭᠤᠯᠬᠤ ᠪᠠᠷ ᠳᠠᠮᠵᠢᠭᠤᠯᠤᠨ᠂ ᠮᠠᠨ ᠤ ᠬᠤᠲᠠ ᠶᠢᠨ ︽ᠨᠢᠭᠡ ᠤᠮᠠᠷᠠᠲᠤ ᠨᠢᠭᠡ ᠡᠮᠦᠨᠡᠲᠦ︾ ᠶᠢ ᠭᠤᠤᠯᠳᠠᠯᠭ᠎ᠠ ᠲᠠᠢ ᠬᠥᠭᠵᠢᠭᠦᠯᠵᠦ᠂ | ᠤᠮᠠᠷᠠᠲᠤ ᠬᠡᠰᠡᠭ ᠲᠤ ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠣᠷᠣᠨ ᠢ ᠪᠠᠶᠢᠭᠤᠯᠵᠤ᠂ ᠡᠮᠦᠨᠡᠲᠦ ᠬᠡᠰᠡᠭ ᠨᠢ ᠯᠣᠣ ᠨᠢᠤ ᠸᠠᠨ᠂ ᠱᠧᠨ | ᠴᠢᠤᠸᠠᠨ ᠢᠶᠠᠷ ᠭᠤᠣᠯᠳᠠᠯᠭ᠎ᠠ ᠪᠣᠯᠭᠠᠨ᠂ ᠬᠠᠲᠤᠨ ᠭᠤᠣᠯ᠂ ᠤᠷᠲᠤ ᠴᠠᠭᠠᠨ ᠬᠡᠷᠡᠮ ᠤᠨ ᠰᠣᠶᠣᠯ ᠵᠢᠭᠤᠯᠴᠢᠯᠠᠯ ᠤᠨ ᠣᠷᠣᠨ ᠢ ᠪᠦᠲᠦᠭᠡᠨ ᠪᠠᠶᠢᠭᠤᠯᠬᠤ ᠪᠣᠳᠠᠲᠤ | ᠠᠵᠢᠯᠯᠠᠭ᠎ᠠ ᠶᠢ ᠭᠦᠢᠴᠡᠳ ᠬᠠᠷᠠᠭᠤᠯᠪᠠ᠃ ᠡᠭᠦᠨ ᠤ ᠬᠠᠮᠲᠤ ᠡᠨᠡ ᠨᠢ ᠪᠠᠰᠠ ᠴᠤ ᠣᠷᠣᠨ ᠤ ᠲᠥᠪ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠠᠰᠢᠭ ᠬᠦᠷᠲᠡᠭᠡᠵᠦ ᠠᠷᠠᠳ ᠲᠤ ᠦᠢᠯᠡᠴᠢᠯᠡᠬᠦ ᠶᠢᠨ ᠴᠢᠬᠤᠯᠠ ᠢᠯᠡᠷᠡᠯ ᠪᠣᠯᠤᠨ᠎ᠠ᠃ |