ᠵᠣᠴᠢᠨ᠄ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠᠸᠧᠨ ᠺᠠᠶ᠂ ᠲᠣᠮᠣ ᠳ᠋ᠠᠶᠢᠲ᠋ᠠ ᠶᠢᠨ | ᠬᠡᠷᠡᠭᠯᠡᠭᠡᠨ ᠤ ᠰᠠᠯᠠᠭ᠎ᠠ ᠶᠢᠨ ᠵᠣᠣ ᠰᠢᠤᠸᠠᠢ ᠵᠢᠶᠤᠤ᠂ ᠥᠪᠥᠷ ᠮᠣᠩᠭᠤᠯ ᠤᠨ ᠤᠶᠤᠨᠲᠤ ᠬᠦᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ ᡁᠢ ᠮᠢᠨ | 1. ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ | ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠠᠴᠠ ᠬᠢᠵᠦ ᠪᠠᠶᠢᠭ᠎ᠠ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ | ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠦᠵᠡᠯᠲᠡ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | 2. ᠬᠥᠲᠥᠯᠥᠭᠴᠢ | ᠣᠳᠣᠬᠠᠨ ᠳᠤ᠂ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠨᠢ ᠬᠤᠳᠠ ᠶᠢᠨ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠰᠢᠰᠲ᠋ᠧᠮ ᠤᠨ | ᠣᠳᠣᠬᠢᠴᠢᠯᠠᠯᠲᠠ ᠶᠢ ᠠᠬᠢᠭᠤᠯᠬᠤ ᠳᠤ ᠵᠠᠪᠠᠯ ᠶᠠᠪᠤᠬᠤ ᠵᠠᠮ ᠪᠣᠯᠤᠭᠰᠠᠨ ᠤ ᠬᠤᠪᠢ ᠳᠤ ᠪᠦᠬᠦ ᠤᠯᠤᠰ ᠤᠨ ᠡᠯ᠎ᠡ ᠭᠠᠵᠠᠷ ᠲᠤ ᠵᠠᠯᠭᠠᠪᠡᠷ ᠶᠠᠪᠤᠭᠳᠠᠵᠤ ᠪᠤᠢ᠃ | ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ ︽ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ︾ ᠡᠭᠦᠷᠭᠡ | ᠬᠠᠷᠢᠭᠤᠴᠠᠯᠭ᠎ᠠ ᠪᠠᠨ ᠪᠠᠳᠠᠷᠠᠭᠤᠯᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠤᠷᠢᠳᠠᠪᠠᠷ ᠡᠬᠢᠯᠡᠭᠦᠯᠦᠭᠰᠡᠨ ᠪᠥᠭᠡᠳ ᠱᠠᠲᠤ ᠦᠶ᠎ᠡ ᠶᠢᠨ | ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠬᠥᠬᠡᠬᠤᠲᠠ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠦᠷᠦᠭᠦᠯᠡᠬᠦ ᠰᠠᠯᠠᠭ᠎ᠠ | ᠮᠥᠴᠢᠷ ᠪᠣᠯᠤᠭᠰᠠᠨ ᠤ ᠬᠤᠪᠢ ᠳᠤ᠂ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠤᠶᠤᠨᠲᠤ ᠬᠥᠬᠡ ᠬᠤᠲᠠ ᠶᠢᠨ ᠪᠥᠲᠥᠭᠡᠨ | ᠪᠠᠶᠢᠭᠤᠯᠤᠯᠲᠠ ᠶᠢ ᠳᠥᠯᠭᠢᠨ ᠠᠬᠢᠭᠤᠯᠬᠤ᠂ ︽ᠨᠢᠭᠡ ᠭᠠᠷ ᠤᠲᠠᠰᠤ ᠪᠠᠷ ᠬᠥᠬᠡᠬᠤᠲᠠ ᠳᠤ ᠶᠠᠪᠤᠬᠤ︾ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠶᠡᠯᠡᠭᠦᠯᠬᠦ | ᠲᠠᠯ᠎ᠠ ᠪᠠᠷ ᠶᠠᠮᠠᠷ ᠶᠠᠮᠠᠷ ᠭᠤᠤᠯ ᠠᠵᠢᠯ ᠬᠢᠭᠰᠡᠨ ᠪᠣᠶ︖ | 3. ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠᠸᠧᠨ ᠺᠠᠶ | | | | ᠶᠡᠷᠦᠩᠬᠡᠢ ᠱᠦᠵᠢ ᠰᠢ ᠶᠢᠨ ᠫᠢᠩ ᠤᠨ ︽ᠬᠤᠳᠠ ᠶᠢ ᠨᠡᠩ ᠰᠡᠴᠡᠨ ᠰᠡᠷᠭᠦᠯᠡᠩ᠂ ᠨᠡᠩ ᠤᠬᠠᠭᠠᠨᠯᠢᠭ ᠪᠣᠯᠭᠠᠬᠤ︾ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠱᠦᠵᠢ ᠱᠢ ᠲᠠᠢ ᠹᠧᠩ ᠤᠨ 2020 ᠣᠨ ᠤ 4 ᠳ᠋ᠤᠭᠡᠷ ᠰᠠᠷ᠎ᠠ ᠳᠤ | ᠮᠠᠨ ᠤ ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠠᠪᠴᠠᠩ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠠᠵᠢᠯ ᠤᠨ ᠱᠠᠭᠠᠷᠳᠠᠯᠭ᠎ᠠ | ᠶᠣᠰᠣᠭᠠᠷ᠂ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠲᠥᠪᠯᠡᠷᠡᠭᠦᠯᠦᠨ ᠪᠠᠶᠢᠷᠢᠯᠠᠭᠤᠯᠵᠤ᠂ | ᠤᠶᠤᠨᠲᠤ ᠬᠥᠬᠡ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠦᠬᠦ ᠲᠠᠯ᠎ᠠ ᠪᠠᠷ ᠨᠡᠭᠡᠭᠡᠵᠡᠢ᠃ | 2020 ᠣᠨ ᠤ 7 ᠳ᠋ᠤᠭᠠᠷ ᠰᠠᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠳᠠᠷᠤᠭ᠎ᠠ ᠪᠦᠯᠬᠦᠮ ᠳᠠᠭᠠᠭᠤᠯᠤᠨ | ᠬᠠᠩᠵᠧᠦ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠲᠡᠷᠡ ᠳᠠᠷᠤᠢ ᠳᠤᠨᠢ ᠪᠠᠶᠢᠩᠭᠤ ᠶᠢᠨ | ᠬᠤᠷᠢᠶ᠎ᠠ ᠶᠢᠨ ᠬᠤᠷᠠᠯ ᠬᠤᠷᠠᠯᠳᠤᠭᠤᠯᠵᠤ ︽ᠬᠥᠬᠡᠬᠤᠲᠠ ᠶᠢᠨ ᠰᠢᠨ᠎ᠡ ᠮᠠᠶ᠋ᠢᠭ ᠤᠨ ᠤᠶᠤᠨᠲᠤ ᠬᠤᠳᠠ ᠶᠢᠨ ᠦᠵᠦ ᠲᠥᠯᠥᠪᠯᠡᠭᠡ ᠶᠢᠨ ᠲᠥᠰᠦᠯ ︵2020 | — 2022︶︾ ᠢ ᠰᠤᠳᠤᠯᠤᠨ ᠲᠣᠭᠲᠠᠭᠠᠭᠰᠠᠨ ᠪᠥᠭᠡᠳ ᠬᠤᠶᠠᠷ ᠡᠳᠦᠷ ᠤᠨ ᠬᠤᠭᠤᠴᠠᠭ᠎ᠠ ᠲᠠᠢ ᠪᠦᠬᠦ ᠬᠤᠳᠠ ᠶᠢᠨ ᠤᠶᠤᠨᠲᠤ ᠬᠤᠳᠠ ᠶᠢᠨ ᠪᠦᠳᠦᠭᠡᠨ | ᠪᠠᠶᠢᠭᠤᠯᠤᠯᠲᠠ ᠶᠢᠨ ᠲᠤᠰᠬᠠᠢ ᠰᠡᠳᠦᠪᠲᠦ ᠰᠤᠷᠤᠯᠴᠠᠨ ᠰᠤᠳᠤᠯᠤᠨ ᠶᠠᠷᠢᠯᠴᠠᠬᠤ ᠠᠩᠬᠢ ᠶᠢ ᠵᠣᠬᠢᠶᠠᠨ ᠪᠠᠶᠢᠭᠤᠯᠵᠤ᠂ ᠬᠠᠩᠵᠧᠦ ᠶᠢᠨ ᠲᠤᠰᠬᠠᠢ ᠮᠡᠷᠭᠡᠵᠢᠯ ᠤᠨ | ᠪᠦᠯᠬᠦᠮ ᠢ ᠤᠷᠢᠵᠤ ᠬᠤᠳᠠ ᠶᠢᠨ ᠵᠠᠰᠠᠯᠲᠠ ᠳᠠᠬᠢ ᠲᠤᠮᠤ ᠳ᠋ᠠᠶᠢᠲ᠋ᠠ ᠶᠢᠨ ᠪᠣᠳᠠᠲᠠᠢ ᠬᠡᠷᠡᠭ ᠤᠨ ᠵᠢᠱᠢᠶ᠎ᠡ ᠶᠢᠨ ᠬᠢᠴᠢᠶᠡᠯ ᠤᠷᠤᠭᠤᠯᠪᠠ᠃ 2020 ᠣᠨ ᠤ 9 | ᠳ᠋ᠤᠭᠠᠷ ᠰᠠᠷ᠎ᠠ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠷ ᠶᠡᠷᠦᠩᠬᠡᠶ ᠵᠢᠯᠣᠭᠤᠳᠣᠭᠴᠢ ᠪᠣᠯᠭᠠᠭᠰᠠᠨ᠂ ᠬᠤᠲᠠ ᠶᠢᠨ ᠳᠠᠷᠤᠭ᠎ᠠ ᠪᠠᠷ ᠨᠢᠭᠡᠳᠦᠭᠡᠷ | ᠳᠡᠳ᠋ ᠶᠡᠷᠦᠩᠬᠡᠶ ᠵᠢᠯᠣᠭᠤᠳᠣᠭᠴᠢ ᠪᠣᠯᠭᠠᠭᠰᠠᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠢ ᠪᠠᠶᠢᠭᠤᠯᠵᠤ᠂ ᠪᠥᠬᠦ | ᠲᠠᠯ᠎ᠠ ᠪᠠᠷ ᠨᠢᠭᠡᠳᠦᠯᠲᠡᠶ ᠲᠥᠯᠥᠪᠯᠡᠨ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠵᠤ᠂ ᠬᠦᠴᠦᠲᠡᠶ ᠳᠥᠯᠭᠢᠨ ᠠᠬᠢᠭᠤᠯᠵᠤ᠂ ᠵᠢᠯᠣᠭᠤᠳᠬᠤ ᠭᠠᠵᠠᠷ ᠤᠨ | ᠠᠯᠪᠠᠨ ᠬᠡᠷ ᠢ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠳᠣᠭᠢᠷᠠᠭᠤᠯᠤᠨ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠬᠢᠭᠤᠯᠬᠤ ᠶᠢ ᠬᠠᠷᠢᠭᠤᠴᠠᠭᠤᠯᠪᠠ︔ ᠤᠯᠤᠰ ᠤᠨ ᠥᠮᠴᠢᠯᠡᠯ ᠤᠨ ᠬᠤᠪᠢᠴᠠᠭᠠᠲᠤ ᠺᠣᠮᠫᠠᠨᠢ ᠶᠢᠨ | ᠥᠪᠥᠷ ᠮᠣᠩᠭᠤᠯ ᠤᠨ ᠤᠶᠤᠨᠲᠤ ᠬᠥᠬᠡ ᠬᠤᠲᠠ ᠶᠢᠨ ᠺᠣᠮᠫᠠᠨᠢ ᠶᠢ ᠪᠠᠶᠢᠭᠤᠯᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ | ᠪᠣᠳᠠᠲᠠᠶ ᠡᠭᠦᠷᠭᠡᠯᠡᠪᠡ᠃ ᠲᠣᠰ ᠰᠠᠷ᠎ᠠ ᠳᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠲᠦᠷᠦᠭᠦᠯᠡᠨ᠂ ᠪᠤᠭᠤᠲᠤ᠂ ᠣᠷᠳᠣᠰ | ᠂ ᠲᠡᠮᠡᠭᠡᠲᠦ ᠵᠢᠴᠢ ᠤᠯᠠᠭᠠᠨᠴᠠᠪ ᠳᠥᠷᠪᠡᠨ ᠬᠤᠲᠠ ᠶᠢ ᠵᠣᠬᠢᠶᠠᠨ ᠪᠠᠶᠢᠭᠤᠯᠤᠨ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ | ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠨᠠᠮ ᠵᠠᠰᠠᠭ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠬᠥᠬᠡᠬᠤᠲᠠ ᠲᠦᠷᠦᠭᠦᠯᠡᠨ ᠨᠠᠶᠢᠷᠠᠭᠤᠯᠤᠨ ᠵᠣᠬᠢᠶᠠᠭᠰᠠᠨ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠤᠶᠤᠨᠲᠤ ᠬᠤᠲᠠ ᠶᠢᠨ | ᠰᠦᠷᠦᠭᠵᠢᠯ ᠢ ᠨᠢᠭᠡ ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ︾ ᠶᠢ ᠰᠤᠳᠤᠯᠤᠨ ᠪᠠᠲᠤᠯᠠᠪᠠ᠃ 2020 ᠣᠨ ᠤ | 10 ᠳ᠋ᠤᠭᠠᠷ ᠰᠠᠷ᠎ᠠ ᠳᠤ᠂ ︽ᠬᠥᠬᠡᠬᠤᠲᠠ ᠶᠢᠨ ᠤᠶᠤᠨᠲᠤ ᠬᠥᠬᠡ ᠬᠤᠲᠠ ᠶᠢᠨ ︵ᠨᠢᠭᠡᠳᠦᠭᠡᠷ ᠬᠤᠭᠤᠴᠠᠭ᠎ᠠ︶ ᠶᠢᠨ ᠪᠥᠲᠥᠭᠡᠨ ᠪᠠᠶᠢᠭᠤᠯᠤᠯᠲᠠ ᠶᠢᠨ | ᠲᠥᠰᠦᠯ︾ ᠢ ᠳᠠᠷᠤᠮᠠᠯᠯᠠᠨ ᠲᠠᠷᠬᠠᠭᠠᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠪᠡ᠃ | 2021 ᠣᠨ ᠤ 1 ᠳ᠋ᠤᠭᠡᠷ ᠰᠠᠷ᠎ᠠ ᠶᠢᠨ 20 ᠤ ᠡᠳᠦᠷ᠂ 100 ᠡᠳᠦᠷ ᠤᠨ ᠴᠠᠭ ᠢ ᠬᠡᠷᠡᠭᠯᠡᠵᠦ᠂ ᠬᠥᠬᠡᠬᠤᠲᠠ ᠶᠢᠨ ᠬᠤᠲᠠ ᠶᠢᠨ ᠶᠡᠭᠡ ᠲᠠᠷᠢᠬᠢ | ᠵᠢᠩᠬᠢᠨᠢ ᠪᠠᠷ ᠠᠰᠢᠭᠯᠠᠯᠲᠠ ᠳᠤ ᠣᠷᠣᠵᠤ᠂ ᠬᠥᠬᠡᠬᠤᠲᠠ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ︽ᠳᠥᠷᠪᠡᠨ ᠨᠢᠷᠤᠭᠤ ᠨᠠᠢᠮᠠᠨ | ᠲᠤᠯᠭᠠᠭᠤᠷᠢ︾ ᠶᠢᠨ ᠦᠨᠳᠦᠰᠦᠨ ᠪᠣᠷᠣ ᠲᠥᠯᠥᠪ ᠢ ᠪᠠᠶᠢᠭᠤᠯᠤᠨ ᠳᠠᠭᠤᠰᠬᠠᠵᠤ᠂ ︽1+4+N︾ ᠪᠥᠲᠥᠭᠡᠨ ᠪᠠᠶᠢᠭᠤᠯᠤᠯᠲᠠ ᠶᠢᠨ ᠰᠢᠰᠲ᠋ᠧᠮᠵᠢ ᠶᠢ | ᠪᠦᠷᠢᠯᠳᠦᠭᠦᠯᠪᠡ᠃ ︽1︾ ᠭᠡᠳᠡᠭ ᠨᠢ ᠬᠤᠲᠠ ᠶᠢᠨ ᠶᠡᠭᠡ ᠲᠠᠷᠢᠬᠢ᠂ ︽4︾ ᠭᠡᠳᠡᠭ ᠨᠢ ᠰᠡᠷᠡᠯ ᠤᠨ ᠰᠢᠰᠲ᠋ᠧᠮ᠂ ᠲᠤᠭ᠎ᠠ ᠪᠠᠷᠢᠮᠲᠠ ᠶᠢᠨ ᠰᠢᠰᠲ᠋ᠧᠮ᠂ | ᠠᠮᠤᠷ ᠲᠦᠪᠰᠢᠨ ᠤ ᠰᠢᠰᠲ᠋ᠧᠮ᠂ ︽ᠠᠶ ᠴᠢᠩ ᠴᠧᠩ︾ APP ᠵᠡᠷᠭᠡ 4 ᠰᠠᠭᠤᠷᠢ ᠲᠤᠯᠭᠠᠭᠤᠷᠢᠯᠠᠯ ᠪᠣᠯᠤᠨ᠎ᠠ᠂ ︽N︾ ᠭᠡᠳᠡᠭ ᠨᠢ ᠬᠤᠲᠠ ᠶᠢᠨ ᠶᠡᠭᠡ | ᠲᠠᠷᠢᠬᠢ ᠶᠢ ᠤᠷᠲᠤᠳᠬᠠᠨ ᠨᠡᠭᠡᠭᠡᠨ ᠬᠥᠭᠵᠢᠭᠦᠯᠬᠦ ᠳᠤ ᠰᠠᠭᠤᠷᠢᠯᠠᠭᠰᠠᠨ N ᠤᠯᠠᠨ ᠤᠶᠤᠨᠲᠤ ᠬᠡᠷᠡᠭᠯᠡᠯᠲᠡ ᠪᠣᠯᠤᠨ᠎ᠠ᠃ | 4 ᠰᠠᠭᠤᠷᠢ ᠲᠤᠯᠭᠠᠭᠤᠷᠢᠯᠠᠯ ᠤᠨ ᠳᠤᠮᠳᠠ᠂ ︽ᠠᠢ ᠴᠢᠩ ᠴᠧᠩ︾ APP ᠪᠣᠯ ᠳᠠᠷᠤᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ︽ᠨᠢᠭᠡ ᠭᠠᠷ ᠤᠲᠠᠰᠤ ᠪᠠᠷ ᠬᠥᠬᠡᠬᠤᠲᠠ ᠳᠤ ᠶᠠᠪᠤᠬᠤ︾ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠤᠬᠠᠭᠠᠨᠯᠢᠭ ᠢᠶᠠᠷ ᠵᠠᠰᠠᠬᠤ︾ ᠠᠷᠭ᠎ᠠ ᠪᠠᠷᠢᠯ ᠢ ᠬᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠪᠠᠷ ᠬᠦᠲᠦᠴᠢ ᠪᠣᠯᠭᠠᠵᠤ᠂ ᠪᠥᠬᠦ ᠬᠤᠲᠠ ᠶᠢᠨ ᠬᠤᠯᠪᠤᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠢ ᠬᠤᠯᠪᠤᠵᠤ ᠤᠷᠤᠭᠤᠯᠬᠤ ᠪᠠᠷ ᠳᠠᠮᠵᠢᠭᠤᠯᠤᠨ᠂ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠤᠶᠤᠨᠲᠤ ᠬᠡᠷᠡᠭᠯᠡᠭᠡ ᠶᠢ ᠲᠦᠪᠯᠡᠷᠡᠭᠦᠯᠦᠨ ᠠᠴᠢᠶᠠᠯᠠᠵᠤ᠂ ᠣᠷᠣᠨ ᠤ ᠲᠥᠪ ᠬᠤᠲᠠ ᠶᠢᠨ ᠠᠷᠠᠳ ᠤᠨ | ᠲᠣᠭᠠᠴᠢᠯᠠᠭᠰᠠᠨ ᠠᠮᠢᠳᠤᠷᠠᠯ ᠤᠨ ᠨᠢᠭᠡᠳᠦᠯᠲᠡᠶ ᠣᠷᠣᠬᠤ ᠡᠭᠦᠳᠡ ᠶᠢ ᠪᠣᠶ ᠪᠣᠯᠭᠠᠵᠤ᠂ ᠨᠠᠩ ᠣᠯᠠᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ | ᠵᠦᠢᠯᠡᠰ ᠢ ︽ᠠᠯᠠᠭᠠᠨ ᠲᠡᠭᠡᠷ᠎ᠡ ᠪᠠᠨ ᠬᠦᠢᠴᠡᠳᠬᠡᠬᠦ︾᠂ ︽ᠬᠤᠷᠤᠭᠤᠨ ᠦᠵᠦᠭᠦᠷ ᠢᠶᠠᠷ ᠢᠶᠠᠨ ᠬᠦᠢᠴᠡᠳᠬᠡᠬᠦ︾ ᠢ ᠪᠡᠶᠡᠯᠡᠭᠦᠯᠪᠡ᠃ | 2021 ᠣᠨ ᠤ 4 ᠳ᠋ᠤᠭᠡᠷ ᠰᠠᠷ᠎ᠠ ᠶᠢᠨ 29 ᠤ ᠡᠳᠦᠷ᠂ ᠬᠤᠶᠠᠷ ᠰᠠᠷ᠎ᠠ ᠶᠢᠨ ᠳᠣᠲᠣᠭᠠᠳᠤ ᠶᠢᠨ ᠲᠤᠷᠰᠢᠯᠲᠠ ᠪᠠᠷ ᠳᠡᠮᠵᠢᠨ᠂ ︽ᠠᠶ ᠴᠢᠩ ᠴᠧᠩ︾ | APP ᠶᠢᠨ ᠬᠤᠲᠠ ᠶᠢᠨ ᠠᠷᠠᠳ ᠲᠤ ᠬᠠᠨᠳᠤᠭᠤᠯᠤᠭᠰᠠᠨ ᠨᠡᠶᠢᠲᠡ ᠶᠢᠨ ᠲᠤᠷᠰᠢᠯᠲᠠ ᠶᠢᠨ 1.0 ᠬᠡᠪᠯᠡᠯ ᠢ ᠨᠢᠭᠡᠨᠲᠡ ᠡᠯ᠎ᠡ ᠲᠥᠷᠥᠯ ᠤᠨ ᠭᠠᠷ ᠤᠲᠠᠰᠤᠨ ᠤ | ᠬᠡᠷᠡᠭᠯᠡᠭᠡᠨ ᠤ ᠳᠡᠯᠭᠡᠭᠦᠷ ᠲᠤ ᠵᠢᠩᠬᠢᠨᠢ ᠪᠠᠷ ᠭᠠᠷᠭᠠᠪᠠ᠃ ᠠᠳᠡ ᠪᠢ ᠪᠠᠰᠠ ᠥᠷᠭᠡᠨ ᠤᠯᠠᠨ ᠨᠠᠶᠢᠵᠠ ᠨᠠᠷ ᠤᠨ ᠢᠳᠡᠪᠬᠢᠲᠡᠢ ᠪᠠᠷ ᠪᠠᠭᠤᠯᠭᠠᠨ ᠠᠪᠴᠤ ᠬᠡᠷᠡᠭᠯᠡᠨ | ᠂ ᠰᠠᠨᠠᠯ ᠰᠠᠨᠠᠭᠤᠯᠭ᠎ᠠ ᠪᠠᠨ ᠳᠤᠷᠠᠳᠬᠤ ᠶᠢ ᠬᠦᠰᠡᠵᠦ ᠪᠠᠶᠢᠨ᠎ᠠ᠂ ᠪᠢᠳᠡ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠵᠦ᠂ ︽ᠨᠢᠭᠡ ᠭᠠᠷ ᠤᠲᠠᠰᠤ ᠪᠠᠷ | ᠬᠥᠬᠡ ᠬᠤᠳᠠ ᠳᠤ ᠶᠠᠪᠤᠬᠤ︾ ᠶᠢ ᠪᠣᠳᠠᠲᠤ ᠶᠠᠪᠤᠳᠠᠯ ᠪᠣᠯᠭᠠᠬᠤ ᠶᠢ ᠪᠡᠶᠡᠯᠡᠭᠦᠯᠦᠨ᠎ᠡ︕ | 4. ᠬᠥᠲᠥᠯᠥᠭᠴᠢ | ᠠᠶ ᠴᠢᠩ ᠴᠧᠩ ︽APP︾ ᠶᠢᠨ1.0 ᠬᠡᠪᠯᠡᠯ ᠨᠢ ᠭᠤᠤᠯᠳᠠᠭᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠠᠯᠢ ᠠᠯᠢ ᠲᠠᠯ᠎ᠠ ᠶᠢ ᠬᠠᠮᠤᠷᠴᠤ | ᠂ ᠶᠠᠮᠠᠷ ᠲᠣᠪᠤᠶᠢᠮ᠎ᠠ ᠳᠠᠪᠠᠭᠤᠯᠢᠭ ᠲᠠᠢ ᠪᠣᠶ︖ | 5. ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠸᠧᠨ ᠺᠠᠶ | ︽ᠠᠶ ᠴᠢᠩ ᠴᠧᠩ︾ APP ᠶᠢᠨ 1.0 ᠬᠡᠪᠯᠡᠯ ᠳᠤ ᠭᠤᠤᠯᠳᠠᠭᠤ᠄ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠵᠠᠰᠠᠭ ᠤᠨ ᠶᠠᠪᠤᠳᠠᠯ ᠤᠨ | ᠤᠴᠢᠷ ᠶᠠᠪᠤᠳᠠᠯ ᠰᠢᠢᠳᠪᠦᠷᠢᠯᠡᠬᠦ᠂ ᠰᠣᠶᠣᠯ ᠰᠤᠷᠭᠠᠨ ᠬᠥᠮᠦᠵᠢᠯ᠂ ᠵᠠᠰᠠᠭ ᠠᠷᠠᠳ ᠬᠠᠷᠢᠯᠴᠠᠨ ᠦᠢᠯᠡᠳᠦᠯᠴᠡᠬᠦ᠂ ᠤᠬᠠᠭᠠᠯᠢᠭ ᠢᠶᠠᠷ ᠶᠠᠪᠤᠵᠤ ᠰᠠᠭᠤᠬᠤ᠂ | ᠣᠶᠤᠨᠴᠢ ᠪᠠᠷ ᠬᠥᠬᠡ ᠬᠤᠲᠠ ᠳᠤ ᠵᠢᠭᠤᠯᠴᠢᠯᠠᠬᠤ᠂ ᠡᠷᠡᠭᠦᠯ ᠮᠡᠨᠳᠦ ᠡᠮᠴᠢᠯᠡᠭᠡ᠂ ᠰᠣᠨᠢᠨ ᠮᠡᠳᠡᠭᠡᠨ ᠤ ᠮᠡᠳᠡᠭᠡ ᠵᠠᠩᠭᠢ ᠵᠡᠷᠭᠡ 8 ᠲᠣᠮᠣ ᠬᠡᠰᠡᠭ ᠢ | ᠪᠠᠭᠲᠠᠭᠠᠵᠤ᠂ ᠠᠷᠠᠳ ᠲᠤ ᠲᠥᠬᠦᠮ ᠦᠵᠡᠭᠦᠯᠬᠦ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠨᠡᠶᠢᠲᠡ 90 ᠪᠣᠶ᠂ ᠡᠲᠡᠭᠡᠷ ᠵᠦᠢᠯᠡᠰ ᠢ ᠴᠥᠮ | ᠰᠦᠯᠵᠢᠶᠡᠨ ᠳᠡᠭᠡᠷ᠎ᠡ ᠬᠦᠢᠴᠡᠳᠬᠡᠬᠦ ᠪᠤᠶᠤ ᠯᠠᠪᠯᠠᠵᠤ ᠪᠣᠯᠤᠨ᠎ᠠ᠃ | ᠴᠢᠳᠠᠪᠬᠢ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ ᠭᠤᠷᠪᠠᠨ ᠶᠡᠭᠡ ᠣᠨᠴᠠᠯᠢᠭ ᠲᠠᠢ᠃ ᠨᠢᠭᠡ ᠳᠤ ᠲᠦᠭᠦᠮ᠃ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠵᠦᠢᠯᠡᠰ ᠢ ᠵᠠᠯᠭᠠᠨ ᠣᠷᠣᠭᠤᠯᠤᠭᠰᠠᠨ ᠰᠠᠭᠤᠷᠢᠨ ᠳᠡᠭᠡᠷ᠎ᠡ ᠡᠮᠬᠢᠳᠬᠡᠨ ᠨᠡᠶᠢᠯᠡᠭᠦᠯᠵᠦ᠂ ︽ᠲᠠᠨ ᠳᠤ ᠡᠷᠢᠵᠦ ᠥᠭᠬᠦ︾᠂ ︽ᠲᠠᠨ ᠳᠤ | ᠯᠠᠪᠯᠠᠵᠤ ᠥᠭᠬᠦ︾᠂ ︽ᠲᠠᠨ ᠳᠤ ᠪᠣᠯᠵᠣᠵᠤ ᠥᠭᠬᠦ︾ ᠵᠡᠷᠭᠡ ᠤᠨᠴᠠᠯᠢᠬᠳᠤ ᠬᠡᠪᠯᠡᠯ ᠢ ᠵᠢᠷᠤᠵᠤ ᠲᠥᠯᠥᠪᠯᠡᠨ᠂ ᠦᠢᠯᠡᠴᠢᠯᠡᠭᠡ ᠡᠷᠢᠬᠦ᠂ ᠤᠴᠢᠷ ᠶᠠᠪᠤᠳᠠᠯ ᠢ | ᠯᠠᠪᠯᠠᠬᠤ᠂ ᠤᠴᠢᠷ ᠶᠠᠪᠤᠳᠠᠯ ᠢ ᠪᠣᠯᠵᠣᠨ ᠰᠢᠢᠳᠪᠦᠷᠢᠯᠡᠬᠦ ᠳᠤ ᠨᠢᠭᠡ ᠯᠡ ᠣᠷᠤᠴᠠ ᠪᠠᠷ ᠪᠡᠶᠡᠯᠡᠭᠦᠯᠴᠢᠬᠡᠨ᠎ᠡ᠃ ᠬᠤᠶᠠᠷ ᠲᠤ᠂ ᠲᠦᠷᠬᠡᠨ᠃ ᠥᠯᠥ ᠬᠥᠳᠡᠯᠬᠦ | ᠬᠥᠷᠥᠩᠭᠡ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠲᠤ ᠲᠥᠬᠦᠮ ᠦᠵᠡᠭᠦᠯᠬᠦ ᠥᠨᠳᠥᠷ ᠲᠠᠪᠳᠠᠮᠵᠢᠳᠤ | ᠦᠢᠯᠡᠴᠢᠯᠡᠭᠡᠨ ᠤ ᠵᠦᠢᠯᠡᠰ ᠢ ᠬᠦᠢᠴᠡᠳᠭᠡᠬᠦ ᠳᠤ ᠨᠠᠰᠢ ᠴᠠᠰᠢ ᠭᠦᠶᠦᠯᠳᠦᠬᠦ ᠴᠢᠬᠤᠯᠠ ᠥᠬᠡᠶ᠂ ᠬᠤᠷᠤᠭᠤ ᠪᠠᠨ ᠬᠦᠳᠡᠯᠭᠡᠪᠡᠯ ᠳᠠᠷᠤᠶ ᠪᠡᠶᠡᠯᠡᠭᠦᠯᠴᠢᠬᠡᠨ᠎ᠡ᠃ | ᠭᠤᠷᠪᠠ ᠳᠤ ᠤᠶᠤᠨᠯᠢᠭ᠃ ᠪᠢᠳᠡ ᠤᠶᠤᠨᠯᠢᠭ ᠢᠶᠠᠷ ᠲᠡᠷᠭᠡ ᠵᠣᠭᠰᠣᠭᠠᠬᠤ᠂ ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ ᠵᠡᠷᠭᠡ ᠤᠨᠴᠠᠯᠢᠭᠳᠤ | ᠬᠡᠷᠡᠭᠯᠡᠭᠡᠨ ᠢ ᠨᠡᠭᠡᠭᠡᠨ ᠬᠥᠭᠵᠢᠭᠦᠯᠪᠡ᠃ ᠬᠡᠷᠡᠭᠯᠡᠯᠲᠡ ᠶᠢ ᠡᠬᠢᠯᠡᠭᠦᠯᠪᠡᠯ ᠳᠠᠷᠤᠶ ᠪᠥᠬᠦ ᠬᠤᠲᠠ ᠶᠢᠨ ᠭᠤᠤᠯ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ | ᠲᠡᠷᠭᠡᠨ ᠵᠣᠭᠰᠣᠭᠠᠯ ᠤᠨ ᠬᠤᠭᠤᠰᠣᠨ ᠣᠷᠣ ᠶᠢ ᠯᠠᠪᠯᠠᠬᠤ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠢ ᠰᠦᠯᠵᠢᠶᠡᠨ ᠳᠡᠭᠡᠷ᠎ᠡ ᠪᠣᠯᠵᠣᠬᠤ᠂ ᠣᠶᠤᠨᠴᠢ | ᠠᠶᠠᠯᠠᠯ ᠢ ᠰᠦᠯᠵᠢᠶᠡᠨ ᠳᠡᠭᠡᠷ᠎ᠡ ᠲᠣᠭᠲᠠᠭᠠᠬᠤ ᠵᠡᠷᠭᠡ ᠴᠢᠳᠠᠮᠵᠢ ᠶᠢ ᠪᠡᠶᠡᠯᠡᠭᠦᠯᠵᠦ ᠴᠢᠳᠠᠨ᠎ᠠ᠃ | 6. ᠬᠥᠲᠥᠯᠥᠭᠴᠢᠬᠤᠲᠠ ᠶᠢᠨ ᠠᠷᠠᠳ ᠤᠨ ᠨᠡᠶᠢᠳᠡᠮ ᠠᠩᠬᠠᠷᠴᠤ ᠪᠠᠶᠢᠭ᠎ᠠ᠂ ᠬᠡᠷᠡᠭᠯᠡᠬᠦ ᠳᠠᠪᠲᠠᠮᠵᠢ ᠨᠢ ᠨᠡᠯᠢᠶᠡᠳ ᠥᠨᠳᠥᠷ ᠨᠡᠶᠢᠭᠡᠮ ᠤᠨ ᠳᠠᠭᠠᠳᠬᠠᠯ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ ᠵᠡᠷᠭᠡ ᠲᠤᠬᠠᠶᠢᠯᠠᠭᠰᠠᠨ ᠠᠵᠢᠯ ᠤᠨ ᠲᠠᠯ᠎ᠠ ᠪᠠᠷ᠂ ︽ ᠠᠢ ᠴᠢᠩ ᠴᠧᠩ︾ | APP ᠨᠢ ᠴᠤᠬᠤᠮ ᠶᠠᠮᠠᠷ ᠶᠠᠮᠠᠷ ᠴᠢᠳᠠᠪᠬᠢ ᠶᠢ ᠬᠠᠮᠤᠷᠴᠤ ᠪᠠᠶᠢᠬᠤ ᠪᠣᠶ︖ | 7. ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠠᠯᠠᠭ᠎ᠠ ᠶᠢᠨ ᠵᠣᠣ ᠰᠢᠤᠸᠠᠢ ᠵᠢᠶᠤᠤ | | | | ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠡᠰᠡᠭ ᠲᠤ᠄ ᠣᠳᠣᠬᠠᠨ ᠳᠤ ᠨᠢᠭᠡᠨᠲᠡ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ | ᠠᠵᠢᠯ ᠤᠨ ᠳᠥᠷᠪᠡᠨ ᠲᠥᠷᠥᠯ ᠤᠨ 17 ᠵᠦᠢᠯ ᠢ ᠵᠠᠯᠭᠠᠨ ᠣᠷᠣᠭᠤᠯᠵᠠᠶ᠂ ᠡᠭᠦᠨ ᠳᠤ᠄ ᠮᠡᠳᠡᠭᠡ ᠵᠠᠩᠭᠢ ᠶᠢ ᠯᠠᠪᠯᠠᠬᠤ ᠲᠥᠷᠥᠯ 5 ᠪᠣᠶ᠄ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠢ ᠰᠢᠯᠵᠢᠭᠦᠯᠬᠦ ᠠᠬᠢᠴᠠ ᠶᠢ ᠯᠠᠪᠯᠠᠬᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠰᠢᠯᠵᠢᠭᠦᠯᠦᠨ ᠤᠷᠤᠭᠤᠯᠬᠤ ᠠᠬᠢᠴᠠ ᠶᠢ | ᠯᠠᠪᠯᠠᠬᠤ᠂ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠢ ᠯᠠᠪᠯᠠᠬᠤ᠂ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠡᠳᠡᠭᠡ | ᠵᠠᠩᠭᠢ ᠶᠢ ᠯᠠᠪᠯᠠᠬᠤ᠂ ᠺᠠᠷᠲ ᠨᠥᠬᠦᠵᠦ ᠰᠣᠯᠢᠬᠤ ᠪᠠᠩᠬᠢ ᠶᠢᠨ ᠮᠡᠳᠡᠭᠡ ᠵᠠᠩᠭᠢ ᠶᠢ ᠯᠠᠪᠯᠠᠬᠤ︔ ᠲᠤᠬᠠᠶᠢᠯᠠᠭᠰᠠᠨ ᠠᠵᠢᠯ ᠬᠦᠢᠴᠡᠳᠬᠡᠬᠦ ᠲᠥᠷᠥᠯ 5 ᠪᠣᠶ᠄ | ᠨᠡᠶᠢᠭᠡᠮ ᠤᠨ ᠳᠠᠭᠠᠳᠬᠠᠯ ᠤᠨ ᠺᠠᠷᠲ ᠢ ᠡᠬᠢᠯᠡᠨ ᠬᠡᠷᠡᠭᠯᠡᠬᠦ᠂ ᠨᠡᠶᠢᠭᠡᠮ ᠤᠨ ᠳᠠᠭᠠᠳᠬᠠᠯ ᠤᠨ ᠺᠠᠷᠲ ᠢᠶᠠᠨ ᠭᠡᠭᠡᠭᠰᠡᠨ ᠢᠶᠠᠨ ᠮᠡᠳᠡᠭᠦᠯᠬᠦ᠂ ᠨᠡᠶᠢᠭᠡᠮ ᠤᠨ | ᠳᠠᠭᠠᠳᠬᠠᠯ ᠤᠨ ᠺᠠᠷᠲ ᠤᠨ ᠨᠢᠭᠤᠴᠠ ᠨᠣᠮᠧᠷ ᠢ ᠵᠠᠰᠠᠬᠤ᠂ ᠨᠡᠶᠢᠭᠡᠮ ᠤᠨ ᠳᠠᠭᠠᠳᠬᠠᠯ ᠤᠨ ᠺᠠᠷᠲ ᠢᠶᠠᠨ ᠲᠠᠶᠢᠯᠬᠤ᠂ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠶᠢ ᠭᠤᠶᠤᠴᠢᠯᠠᠨ ᠠᠪᠬᠤ︔ ᠡᠭᠦᠨ ᠳᠤ ᠭᠡᠷᠡᠴᠢᠯᠡᠯ ᠬᠢᠬᠦ ᠲᠥᠷᠥᠯ 7 ᠪᠣᠶ᠄ ᠬᠤᠪᠢ ᠬᠥᠮᠦᠨ ᠤ ᠨᠡᠶᠢᠭᠡᠮ ᠤᠨ ᠲᠠᠭᠠᠳᠬᠠᠯ ᠳᠤ ᠣᠷᠣᠯᠴᠠᠬᠤ᠂ | ᠨᠠᠰᠤᠵᠢᠯ ᠤᠨ ᠠᠰᠠᠷᠠᠮᠵᠢ ᠶᠢᠨ ᠬᠠᠷᠢᠴᠠᠭ᠎ᠠ ᠶᠢ ᠰᠢᠯᠵᠢᠭᠦᠯᠬᠦ ᠭᠡᠷᠡᠴᠢ ᠪᠠᠷᠢᠮᠲᠠ ᠶᠢ ᠥᠪᠡᠰᠦᠪᠡᠨ ᠳᠠᠷᠤᠮᠠᠯᠯᠠᠬᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠬᠠᠷᠠᠭᠠᠯᠵᠠᠯ ᠢ ᠭᠥᠷᠳᠡᠬᠦ ᠭᠡᠷᠡᠴᠢ ᠪᠠᠷᠢᠮᠲᠠ ᠶᠢ ᠥᠪᠡᠰᠦᠪᠡᠨ ᠳᠠᠷᠤᠮᠠᠯᠯᠠᠬᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠢ ᠥᠯᠥ ᠭᠥᠷᠳᠡᠬᠦ | ᠭᠡᠷᠡᠴᠢ ᠪᠠᠷᠢᠮᠲᠠ ᠶᠢ ᠥᠪᠡᠰᠦᠪᠡᠨ ᠳᠠᠷᠤᠮᠠᠯᠯᠠᠬᠤ᠂ ᠠᠵᠢᠯ ᠠᠯᠳᠠᠯᠲᠠ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠠᠷᠢᠴᠠᠭ᠎ᠠ ᠶᠢ ᠰᠢᠯᠵᠢᠭᠦᠯᠦᠨ | ᠭᠠᠷᠭᠠᠬᠤ ᠶᠢ ᠳᠠᠷᠤᠮᠠᠯᠯᠠᠬᠤ᠂ ᠨᠠᠰᠤᠵᠢᠯ ᠤᠨ ᠠᠰᠠᠷᠠᠮᠵᠢ ᠶᠢᠨ ᠬᠠᠷᠢᠴᠠᠭ᠎ᠠ ᠶᠢ ᠰᠢᠯᠵᠢᠬᠦᠯᠬᠦ ᠬᠠᠷᠢᠯᠴᠠᠬᠤ ᠵᠠᠬᠢᠳᠠᠯ ᠢ ᠯᠠᠪᠯᠠᠬᠤ ᠳᠠᠷᠤᠮᠠᠯᠯᠠᠬᠤ᠂ ᠨᠠᠰᠤᠨ ᠤ | ᠠᠮᠠᠷᠠᠯᠲᠠ ᠶᠢᠨ ᠬᠠᠷᠠᠭᠠᠯᠵᠠᠯ ᠢ ᠬᠢᠨᠠᠨ ᠲᠣᠭᠲᠠᠭᠠᠬᠤ ᠬᠦᠰᠦᠨᠦᠭᠲᠦ ᠶᠢ ᠥᠪᠡᠰᠦᠪᠡᠨ ᠳᠠᠷᠤᠮᠯᠠᠬᠤ ᠪᠣᠯᠤᠨ᠎ᠠ᠃ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠬᠡᠰᠡᠭ ᠲᠤ᠄ ᠣᠳᠣᠬᠠᠨ ᠳᠤ ᠨᠢᠭᠡᠨᠲᠡ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠳᠥᠷᠪᠡᠨ ᠲᠥᠷᠥᠯ ᠤᠨ 20 ᠵᠦᠢᠯ ᠢ ᠵᠠᠯᠭᠠᠨ ᠣᠷᠣᠭᠤᠯᠵᠠᠶ᠂ ᠡᠭᠦᠨ ᠳᠤ᠄ ᠮᠡᠳᠡᠭᠡ | ᠵᠠᠩᠭᠢ ᠶᠢ ᠯᠠᠪᠯᠠᠬᠤ ᠲᠥᠷᠥᠯ 5 ᠪᠣᠶ᠄ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ︵ᠲᠤᠰᠢᠶᠠᠨ ᠬᠠᠳᠠᠭᠠᠯᠠᠭᠰᠠᠨ ᠮᠡᠳᠡᠭᠡ ᠵᠠᠩᠭᠢ᠂ ᠵᠢᠭᠡᠯᠡᠯᠭᠡ ᠶᠢᠨ | ᠮᠡᠳᠡᠭᠡ ᠵᠠᠩᠭᠢ᠂ ᠲᠤᠰᠢᠶᠠᠨ ᠬᠠᠳᠠᠭᠠᠯᠠᠭᠰᠠᠨ ᠨᠠᠷᠢᠨ ᠵᠦᠢᠯᠡᠰ᠂ ᠵᠣᠭᠤᠰ ᠪᠤᠴᠠᠭᠠᠬᠤ ᠨᠠᠷᠢᠨ ᠵᠦᠢᠯᠡᠰ ᠪᠠᠭᠲᠠᠨ᠎ᠠ︶᠂ ᠲᠣᠤᠷ ᠴᠡᠭ ᠢ ᠯᠠᠪᠯᠠᠬᠤ᠂ | ᠬᠤᠷᠰᠢᠭᠰᠠᠨ ᠠᠰᠠᠷ ᠢ ᠯᠠᠪᠯᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠢᠨᠠᠨ ᠵᠥᠪᠰᠢᠶᠡᠷᠡᠯᠲᠡ ᠶᠢᠨ ᠠᠬᠢᠴᠠ ᠶᠢ ᠯᠠᠪᠯᠠᠬᠤ᠂ | ᠲᠤᠬᠠᠶᠢᠯᠠᠭᠰᠠᠨ ᠠᠵᠢᠯ ᠢ ᠬᠦᠢᠴᠡᠳᠬᠡᠭᠰᠡᠨ ᠠᠬᠢᠴᠠ ᠶᠢ ᠯᠠᠪᠯᠠᠬᠤ︔ ᠲᠤᠬᠠᠶᠢᠯᠠᠭᠰᠠᠨ ᠠᠵᠢᠯ ᠢ ᠬᠦᠢᠴᠡᠳᠬᠡᠬᠦ ᠲᠥᠷᠥᠯ 8 ᠪᠣᠶ᠄ ᠭᠠᠷ ᠳᠠᠮᠵᠢᠭᠰᠠᠨ ᠬᠡᠷ | ᠪᠠᠶᠢᠰᠢᠩ ᠢ ᠭᠠᠷᠭᠠᠨ ᠠᠪᠬᠤ᠂ ᠲᠠᠸᠠᠷ ᠤᠨ ᠬᠡᠷ ᠪᠠᠶᠢᠰᠢᠩ ᠢ ᠭᠠᠷᠭᠠᠨ ᠠᠪᠬᠤ᠂ ᠬᠥᠳᠡᠯᠮᠦᠷᠢ ᠶᠢᠨ ᠬᠠᠷᠢᠴᠠᠭ᠎ᠠ ᠶᠢ ᠵᠣᠭᠰᠤᠭᠠᠭᠰᠠᠨ ᠢ ᠭᠠᠷᠭᠠᠨ ᠠᠪᠬᠤ᠂ | ᠥᠪᠡᠰᠦᠪᠡᠨ ᠰᠠᠭᠤᠬᠤ ᠣᠷᠣᠨ ᠰᠠᠭᠤᠴᠠ ᠥᠬᠡᠶ ᠮᠥᠷᠲᠡᠭᠡᠨ ᠲᠦᠷᠢᠶᠡᠰᠦᠯᠡᠭᠰᠡᠨ ᠬᠡᠷ ᠪᠠᠶᠢᠰᠢᠩ ᠢ ᠭᠠᠷᠭᠠᠨ ᠠᠪᠬᠤ᠂ ᠠᠵᠢᠯ ᠠᠴᠠ ᠪᠠᠨ ᠰᠠᠯᠵᠤ ᠠᠮᠠᠷᠠᠭᠰᠠᠨ | ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠢ ᠭᠠᠷᠭᠠᠨ ᠠᠪᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠮᠠᠲ᠋ᠧᠷᠢᠶᠠᠯ ᠢ | ᠬᠤᠪᠢᠷᠠᠭᠤᠯᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠣᠨᠳᠣᠤ ᠭᠠᠵᠠᠷ ᠲᠤ ᠰᠢᠯᠵᠢᠭᠦᠯᠦᠨ ᠣᠷᠣᠭᠤᠯᠬᠤ ᠪᠠᠷ ᠭᠤᠶᠤᠴᠢᠯᠠᠬᠤ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠪᠤᠴᠠᠭᠠᠬᠤ ᠭᠡᠷ᠎ᠡ ᠲᠣᠭᠲᠠᠬᠤ︔ ᠭᠡᠷᠡᠴᠢ ᠬᠢᠵᠦ ᠥᠭᠬᠦ ᠲᠥᠷᠥᠯ 3 ᠪᠣᠶ᠄ ᠲᠤᠰᠢᠶᠠᠨ ᠬᠠᠳᠠᠭᠠᠯᠠᠭᠰᠠᠨ ︵ᠣᠨᠳᠣᠤ ᠭᠠᠵᠠᠷ | ︶ ᠭᠡᠷᠡᠴᠢ ᠶᠢ ᠳᠠᠷᠤᠮᠠᠯᠯᠠᠬᠤ᠂ ᠵᠢᠭᠡᠯᠡᠯᠭᠡ ︵ᠣᠨᠳᠣᠤ ᠭᠠᠵᠠᠷ︶ ᠶᠢᠨ ᠦᠯᠡᠳᠡᠪᠦᠷᠢ ᠶᠢᠨ ᠭᠡᠷᠡᠴᠢ᠂ ᠬᠤᠪᠢ ᠬᠥᠮᠦᠨ ᠤ ᠨᠠᠷᠢᠨ ᠵᠦᠢᠯᠡᠰ ᠢ ᠳᠠᠷᠤᠮᠠᠯᠯᠠᠬᠤ︔ | ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ ᠶᠢᠨ ᠲᠥᠷᠥᠯ 4 ᠪᠣᠶ᠄ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠵᠦᠭᠯᠡᠭᠦᠷ᠂ | ᠵᠢᠭᠡᠯᠡᠯᠭᠡ ᠶᠢᠨ ᠬᠦᠤ ᠶᠢᠨ ᠨᠣᠷᠮ᠎ᠠ᠂ ᠵᠢᠭᠡᠯᠡᠯᠭᠡ ᠶᠢ ᠲᠤᠷᠰᠢᠨ ᠪᠤᠳᠤᠬᠤ᠃ | ᠥᠯᠥ ᠬᠥᠳᠡᠯᠬᠦ ᠬᠥᠷᠥᠩᠭᠡ ᠶᠢᠨ ᠲᠤᠬᠠᠶᠢᠯᠠᠭᠰᠠᠨ ᠠᠵᠢᠯ ᠤᠨ ᠰᠠᠮᠪᠠᠷ᠎ᠠ ᠶᠢᠨ ᠬᠡᠰᠡᠭ ᠲᠤ᠄ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ | ᠭᠤᠷᠪᠠᠨ ᠲᠥᠷᠥᠯ ᠢ ᠨᠢᠭᠡᠨᠲᠡ ᠵᠠᠯᠭᠠᠨ ᠣᠷᠣᠭᠤᠯᠪᠠ᠂ ᠡᠭᠦᠨ ᠳᠤ᠄ ᠨᠢᠭᠡ ᠳᠤ ᠥᠯᠥ ᠬᠥᠳᠡᠯᠬᠦ ᠬᠥᠷᠥᠩᠭᠡ ᠶᠢ ᠯᠠᠪᠯᠠᠬᠤ᠂ ᠵᠢᠱᠢᠶᠡᠯᠡᠪᠡᠯ ᠥᠯᠥ ᠬᠥᠳᠡᠯᠬᠦ | ᠬᠥᠷᠥᠩᠭᠡ ᠶᠢ ᠭᠦᠢᠴᠡᠳᠬᠡᠭᠰᠡᠨ ᠠᠬᠢᠴᠠ ᠶᠢ ᠯᠠᠪᠯᠠᠬᠤ᠂ ᠲᠣᠮᠣ ᠥᠮᠴᠢᠯᠡᠯ ᠤᠨ ᠡᠷᠬᠡ ᠶᠢᠨ ᠦᠨᠡᠮᠯᠡᠯ ᠢ ᠯᠠᠪᠯᠠᠬᠤ᠂ ᠦᠨᠡᠮᠯᠡᠯ ᠭᠡᠷᠡᠴᠢ ᠶᠢᠨ ᠦᠨᠡᠨ ᠬᠤᠳᠠᠯ ᠢ | ᠰᠢᠯᠭᠠᠨ ᠪᠠᠲᠤᠯᠠᠬᠤ ᠪᠠᠷ ᠯᠠᠪᠯᠠᠬᠤ᠂ ᠦᠢᠯᠡᠴᠢᠯᠡᠭᠡᠨ ᠤ ᠲᠣᠤᠷ ᠴᠡᠭ ᠢ ᠯᠠᠪᠯᠠᠬᠤ ᠵᠡᠷᠭᠡ ᠪᠠᠭᠲᠠᠨ᠎ᠠ᠃ ᠬᠤᠶᠠᠷ ᠲᠤ ᠥᠯᠥ ᠬᠥᠳᠡᠯᠬᠦ ᠬᠥᠷᠥᠩᠭᠡ ᠶᠢᠨ | ᠡᠯᠧᠺᠲᠷᠣᠨ ᠭᠡᠷᠡᠴᠢ ᠭᠠᠷᠭᠠᠵᠤ ᠥᠭᠬᠦ᠂ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ᠂ | ᠨᠡᠷ᠎ᠡ ᠳᠡᠭᠡᠷᠡᠬᠢ ᠬᠡᠷ ᠬᠥᠷᠥᠩᠭᠡ ᠪᠠᠨ ᠪᠠᠷᠢᠴᠠᠭᠠᠯᠠᠭᠰᠠᠨ ᠪᠠᠶᠢᠳᠠᠯ ᠵᠡᠷᠭᠡ ᠳᠤ ᠥᠯᠥ ᠬᠥᠳᠡᠯᠬᠦ ᠬᠥᠷᠥᠩᠭᠡ ᠶᠢᠨ ᠡᠯᠧᠺᠲᠷᠣᠨ ᠭᠡᠷᠡᠴᠢ ᠭᠠᠷᠭᠠᠵᠤ ᠥᠭᠭᠦᠨ᠎ᠡ᠃ | ᠭᠤᠷᠪᠠ ᠳᠤ ᠭᠠᠷ ᠳᠠᠮᠵᠢᠭᠰᠠᠨ ᠣᠷᠣᠨ ᠰᠠᠭᠤᠴᠠ ᠶᠢᠨ ᠡᠷᠤᠭᠡ ᠰᠢᠯᠵᠢᠭᠦᠯᠬᠦ᠂ ᠦᠯᠦ ᠬᠥᠳᠡᠯᠬᠦ ᠬᠦᠷᠦᠩᠭᠡ ᠶᠢ ᠬᠤᠪᠢᠷᠠᠭᠤᠯᠬᠤ ᠲᠤᠬᠠᠶᠢᠯᠠᠭᠰᠠᠨ ᠠᠵᠢᠯ ᠢ | ᠭᠦᠢᠴᠡᠳᠬᠡᠨ᠎ᠡ᠂ ᠡᠭᠦᠨ ᠳᠤ ᠡᠷ᠎ᠡ ᠡᠮ᠎ᠡ ᠬᠤᠶᠠᠭᠤᠯᠠ ᠶᠢᠨ ᠨᠡᠷ᠎ᠡ ᠶᠢ ᠰᠣᠯᠢᠬᠤ ᠪᠠ ᠡᠷᠬᠡᠲᠦ ᠬᠥᠮᠦᠨ ᠤ ᠮᠡᠳᠡᠭᠡ ᠵᠠᠩᠭᠢ ᠶᠢ ᠬᠤᠪᠢᠷᠠᠭᠤᠯᠬᠤ ᠪᠠᠭᠲᠠᠨ᠎ᠠ᠃ | ᠳᠡᠭᠡᠷᠡᠬᠢ ᠠᠷᠠᠳ ᠲᠤ ᠲᠥᠬᠦᠮ ᠦᠵᠡᠭᠦᠯᠬᠦ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠢ ᠴᠥᠮ ︽ᠠᠶ ᠴᠢᠩ ᠴᠧᠩ︾ APP ᠶᠢᠨ | ᠬᠠᠷᠠᠭᠠᠯᠵᠠᠭᠰᠠᠨ ᠬᠡᠰᠡᠭ ᠢᠶᠠᠷ ᠰᠢᠭᠤᠳ ᠭᠦᠢᠴᠡᠳᠬᠡᠵᠦ ᠪᠣᠯᠤᠨ᠎ᠠ᠃ | 8. ᠬᠥᠲᠥᠯᠥᠭᠴᠢ︽ᠠᠶ ᠴᠢᠩ ᠴᠧᠩ︾ APP ᠶᠢᠨ1.0 ᠬᠡᠪᠯᠡᠯ ᠤᠨ ᠳᠣᠲᠣᠷᠠᠬᠢ ᠤᠨᠴᠠᠯᠢᠬᠳᠤ ᠲᠤᠰᠬᠠᠶ ᠬᠡᠰᠡᠭ ᠲᠤ ᠤᠶᠤᠨᠯᠢᠭ ᠢᠶᠠᠷ ᠲᠡᠷᠭᠡ | ᠵᠣᠭᠰᠣᠭᠠᠬᠤ᠂ ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ ᠬᠤᠶᠠᠷ ᠤᠨᠴᠠᠯᠢᠬᠳᠤ ᠬᠡᠷᠡᠭᠯᠡᠭᠡ ᠶᠢ ᠵᠠᠯᠭᠠᠵᠤ ᠣᠷᠣᠭᠤᠯᠪᠠ᠂ ᠪᠢᠳᠡᠨ ᠳᠤ ᠳᠥᠭᠦᠮᠬᠡᠨ | ᠲᠠᠨᠢᠯᠴᠠᠭᠤᠯᠤᠭᠠᠳ ᠥᠭᠭᠦᠨ᠎ᠡ ᠤᠤ︖ | 9. ᠥᠪᠥᠷ ᠮᠣᠩᠭᠤᠯ ᠤᠨ ᠤᠶᠤᠨᠲᠤ ᠬᠦᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ ᡁᠢ | ᠮᠢᠨ | | | | ︽ᠣᠶᠤᠨᠴᠢ ᠪᠠᠷ ᠲᠡᠷᠭᠡ ᠵᠣᠭᠰᠣᠭᠠᠬᠤ︾ ᠬᠡᠷᠡᠭᠯᠡᠭᠡ ᠨᠢ ᠬᠤᠲᠠ ᠶᠢᠨ ᠠᠷᠠᠳ ᠣᠯᠠᠨ ᠤ ᠠᠩᠬᠠᠷᠴᠤ ᠬᠠᠯᠠᠮᠵᠢᠯᠠᠵᠤ ᠪᠠᠶᠢᠭ᠎ᠠ ︽ᠲᠡᠷᠭᠡ | ᠵᠣᠭᠰᠣᠭᠠᠬᠤ ᠳᠤ ᠬᠦᠴᠢᠷ︾᠂ ︽ᠰᠦᠢᠳᠬᠡᠯ ᠲᠤᠰᠢᠶᠠᠬᠤ ᠳᠤ ᠲᠦᠪᠡᠭᠲᠡᠶ︾ ᠠᠰᠠᠭᠤᠳᠠᠯ ᠢ ᠰᠢᠢᠳᠪᠦᠷᠢᠯᠡᠬᠦ ᠵᠣᠷᠢᠯᠭ᠎ᠠ ᠪᠠᠷ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ᠂ ᠠᠷᠭ᠎ᠠ ᠪᠠᠷᠢᠯ ᠳᠠᠭᠠᠨ ᠰᠢᠨ᠎ᠡ ᠶᠢ ᠡᠭᠦᠳᠬᠦ᠂ ᠴᠢᠳᠠᠪᠬᠢ ᠶᠢ ᠥᠷᠭᠡᠳᠬᠡᠬᠦ ᠪᠠᠷ ᠳᠠᠮᠵᠢᠭᠤᠯᠤᠨ᠂ ᠲᠥᠯᠥᠪᠵᠢᠭᠦᠯᠭᠡ᠂ ᠲᠤᠭ᠎ᠠ ᠪᠠᠷᠢᠮᠲᠠ᠂ | ᠦᠢᠯᠡᠴᠢᠯᠡᠭᠡ᠂ ᠬᠠᠮᠢᠶᠠᠷᠤᠯᠲᠠ ᠵᠡᠷᠭᠡ ᠲᠠᠯ᠎ᠠ ᠠᠴᠠ ᠪᠥᠬᠦ ᠬᠤᠲᠠ ᠶᠢᠨ ᠲᠡᠷᠭᠡ ᠵᠣᠭᠰᠣᠭᠠᠬᠤ ᠡᠬᠢ ᠪᠠᠶᠠᠯᠢᠭ ᠲᠤ ᠨᠢᠭᠡᠳᠦᠯᠲᠡᠶ ᠬᠠᠮᠢᠶᠠᠷᠤᠯᠲᠠ ᠶᠠᠪᠤᠭᠤᠯᠵᠤ᠂ | ᠬᠤᠲᠠ ᠶᠢᠨ ᠲᠡᠷᠭᠡ ᠵᠣᠭᠰᠣᠭᠠᠬᠤ ᠦᠢᠯᠡᠴᠢᠯᠡᠭᠡᠨ ᠤ ᠵᠠᠭᠪᠤᠷ ᠢ ᠳᠠᠬᠢᠨ ᠪᠠᠶᠢᠭᠤᠯᠪᠠ᠃ ᠨᠢᠭᠡ ᠲᠠᠯ᠎ᠠ ᠪᠠᠷ ᠬᠤᠲᠠ ᠶᠢᠨ ᠠᠷᠠᠳ ᠲᠤ ᠲᠡᠷᠭᠡ ᠵᠣᠭᠰᠣᠬᠤ | ᠡᠬᠢ ᠪᠠᠶᠠᠯᠢᠭ ᠢ ᠯᠠᠪᠯᠠᠬᠤ ᠪᠠ ᠬᠥᠲᠥᠯᠥᠨ ᠵᠢᠯᠣᠭᠤᠳᠬᠤ ᠲᠤᠬᠠᠶ ᠶᠢᠨ ᠴᠠᠭ ᠤᠨ᠂ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ ᠪᠣᠯᠤᠨ᠎ᠠ᠃ ᠪᠣᠳᠠᠲᠠᠶ ᠪᠠᠷ | ᠬᠡᠯᠡᠪᠡᠯ᠄ ᠲᠡᠷᠭᠡᠨ ᠵᠣᠭᠰᠣᠭᠠᠯ ᠤᠨ ᠪᠠᠶᠢᠷᠢᠰᠢᠯ ᠵᠦᠭ ᠵᠠᠮᠴᠢᠯᠠᠬᠤ᠂ ᠲᠡᠷᠭᠡᠨ ᠵᠣᠭᠰᠣᠭᠠᠯ ᠤᠨ ᠵᠣᠭᠰᠣᠭᠠᠯ ᠤᠨ ᠰᠤᠯᠠ ᠪᠠᠶᠢᠭ᠎ᠠ ᠮᠡᠳᠡᠭᠡ ᠵᠠᠩᠭᠢ ᠶᠢ ᠴᠠᠭ | ᠲᠤᠬᠠᠶ ᠳᠤᠨᠢ ᠯᠠᠪᠯᠠᠬᠤ᠂ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ ᠵᠢᠴᠢ ᠰᠡᠮ ᠢᠶᠠᠷ ᠲᠣᠭᠠᠴᠠᠭ᠎ᠠ ᠬᠢᠬᠦ ᠵᠠᠭᠪᠤᠷ ᠵᠡᠷᠭᠡ ᠴᠢᠳᠠᠪᠬᠢ ᠶᠢ ᠪᠠᠭᠲᠠᠭᠠᠨ᠎ᠠ᠃ | ᠨᠥᠭᠦᠭᠡ ᠲᠠᠯ᠎ᠠ ᠪᠠᠷ ᠮᠠᠨ ᠤ ᠬᠤᠲᠠ ᠶᠢᠨ ᠨᠢᠭᠡᠳᠦᠯᠲᠡᠶ ᠬᠤᠲᠠ ᠶᠢᠨ ᠲᠠᠰ ᠤᠨ ᠲᠡᠷᠭᠡ ᠵᠣᠭᠰᠣᠭᠠᠬᠤ ᠲᠣᠮᠣ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ | ᠲᠡᠷᠢᠭᠦᠨ ᠤ ᠮᠡᠷᠭᠡᠵᠢᠯ ᠲᠠᠢ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠲᠠᠢ᠂ ᠪᠣᠳᠠᠲᠤ ᠪᠠᠶᠢᠳᠠᠯ ᠳᠤ ᠲᠤᠰᠠᠲᠠᠶ ᠲᠡᠷᠭᠡ ᠵᠣᠭᠰᠣᠭᠠᠬᠤ ᠬᠠᠮᠢᠶᠠᠷᠤᠯᠲᠠ ᠶᠢᠨ | ᠰᠢᠰᠲ᠋ᠧᠮᠵᠢ ᠶᠢ ᠪᠣᠶ ᠪᠣᠯᠭᠠᠵᠤ᠂ ᠡᠵᠡᠩᠨᠡᠯᠲᠡ ᠶᠢᠨ ᠨᠢᠭᠡᠴᠡ᠂ ᠲᠡᠷᠭᠡ ᠵᠣᠭᠰᠣᠭᠠᠭᠴᠢ ᠶᠢ ᠬᠥᠲᠥᠯᠦᠨ ᠵᠢᠯᠣᠭᠤᠳᠴᠤ ᠪᠠᠶᠢᠭᠠᠳ ᠲᠣᠭᠲᠠᠩᠭᠤᠶ ᠵᠠᠮ | ᠬᠠᠷᠢᠯᠴᠠᠭᠠᠨ ᠤ ᠠᠮᠢ ᠠᠬᠤᠶ ᠶᠢᠨ ᠪᠣᠯᠪᠠᠰᠤᠨ ᠤ ᠰᠢᠰᠲ᠋ᠧᠮᠵᠢ ᠶᠢ ᠬᠠᠮᠲᠤ ᠪᠠᠷ ᠪᠠᠶᠢᠭᠤᠯᠵᠤ᠂ ︽ᠲᠡᠷᠭᠡ ᠵᠣᠭᠰᠣᠭᠠᠬᠤ ᠳᠤ ᠬᠦᠴᠢᠷᠲᠡᠶ᠂ ᠲᠡᠷᠭᠡ | ᠵᠣᠭᠰᠣᠭᠠᠬᠤ ᠡᠷᠦᠶ ᠬᠤᠷᠤᠶ ᠥᠬᠡᠶ ᠪᠠᠶᠢᠬᠤ︾ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠮᠠᠨ ᠤ ᠬᠤᠲᠠ ᠶᠢᠨ ᠲᠣᠭᠲᠠᠩᠭᠤᠶ ᠵᠠᠮ ᠬᠠᠷᠢᠯᠴᠠᠭᠠᠨ ᠤ | ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︽ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ︾ ᠬᠡᠷᠡᠭᠯᠡᠭᠡ ᠶᠢᠨ ᠵᠣᠷᠢᠯᠭ᠎ᠠ ᠨᠢ ᠪᠥᠬᠦ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠵᠢᠴᠢ | ᠡᠷᠬᠢᠨ ᠲᠣᠭᠤᠷᠢᠨ ᠤ ᠬᠤᠯᠪᠤᠭᠳᠠᠯ ᠪᠥᠬᠦᠶ ᠯᠠᠪᠯᠠᠯᠲᠠ ᠶᠢ ᠲᠥᠪᠯᠡᠷᠡᠭᠦᠯᠦᠨ ᠨᠡᠶᠢᠯᠡᠭᠦᠯᠵᠦ᠂ ᠨᠢᠭᠡ ᠳᠡᠯᠭᠡᠴᠡ ᠪᠠᠷ ᠪᠦᠬᠦᠨ ᠢ ᠳᠡᠯᠭᠡᠨ ᠦᠵᠡᠭᠦᠯᠵᠦ᠂ | ᠵᠢᠭᠤᠯᠴᠢᠯᠠᠭᠴᠢᠳ ᠲᠤ ᠪᠥᠬᠦ ᠲᠠᠯ᠎ᠠ ᠶᠢᠨ ᠵᠢᠭᠤᠯᠴᠢᠯᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠵᠤᠭᠠᠴᠠᠭᠰᠠᠳ ᠮᠠᠨ ᠤ ᠬᠤᠲᠠ ᠶᠢᠨ ᠰᠣᠶᠣᠯ | ᠵᠤᠭᠠᠴᠠᠯ ᠤᠨ ᠰᠤᠷᠠᠭ ᠴᠢᠮᠡᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠣᠶᠢᠯᠠᠭᠠᠵᠤ᠂ ᠵᠤᠭᠠᠴᠠᠯ ᠤᠨ ᠠᠷᠭ᠎ᠠ ᠪᠤᠳᠤᠯᠭ᠎ᠠ ᠶᠢ ᠯᠠᠪᠯᠠᠵᠤ ᠂ ᠰᠣᠳᠣᠨ ᠵᠠᠮ | ᠱᠤᠭᠤᠮ ᠢ ᠡᠷᠢᠵᠦ᠂ ᠰᠣᠶᠣᠯ ᠵᠤᠭᠠᠴᠠᠯ ᠤᠨ ᠠᠵᠢᠯᠯᠠᠭ᠎ᠠ ᠳᠤ ᠣᠷᠣᠯᠴᠠᠵᠤ᠂ ᠦᠵᠡᠮᠵᠢ ᠶᠢᠨ ᠣᠷᠣᠨ ᠢ ᠤᠷᠢᠳᠴᠢᠯᠠᠨ ᠪᠣᠯᠵᠣᠵᠤ᠂ ᠰᠣᠶᠣᠯ ᠵᠤᠭᠠᠴᠠᠯ ᠤᠨ | ᠪᠦᠲᠦᠭᠡᠭᠳᠡᠬᠦᠨ ᠢ ᠤᠷᠢᠳᠴᠢᠯᠠᠨ ᠵᠠᠬᠢᠶᠠᠯᠠᠵᠤ᠂ ᠭᠤᠶᠤ ᠦᠵᠡᠮᠵᠢ ᠶᠢ ᠰᠣᠨᠢᠷᠬᠠᠵᠤ᠂ ᠲᠠᠶᠢᠯᠤᠮᠵᠢ ᠶᠢ ᠰᠣᠨᠣᠰᠴᠤ᠂ ᠪᠣᠳᠠᠰ ᠤᠨ ᠪᠤᠰᠤ ᠰᠣᠶᠣᠯ ᠤᠨ ᠥᠪ ᠢ | ᠰᠣᠨᠢᠷᠬᠠᠵᠤ᠂ ᠲᠣᠭᠯᠠᠯᠲᠠ ᠦᠵᠡᠵᠦ ᠪᠣᠯᠤᠨ᠎ᠠ᠂ ᠪᠠᠰᠠ ᠣᠶᠤᠨᠴᠢ ᠠᠶᠠᠯᠠᠯ ᠤᠨ ᠵᠠᠬᠢᠶᠠᠯᠠᠭ᠎ᠠ ᠶᠢᠨ ᠴᠢᠳᠠᠪᠬᠢ ᠶᠢ ᠬᠡᠷᠡᠭᠯᠡᠨ ᠳᠤᠷ᠎ᠠ ᠰᠣᠨᠢᠷᠬᠠᠯ ᠢᠶᠠᠨ | ᠦᠨᠳᠦᠰᠦᠯᠡᠨ ᠵᠤᠭᠠᠴᠠᠯ ᠤᠨ ᠵᠠᠮ ᠱᠤᠭᠤᠮ ᠢ ᠠᠶᠠᠨᠳᠠᠭᠠᠨ ᠪᠤᠢ ᠪᠣᠯᠭᠠᠵᠤ ᠪᠣᠯᠤᠨ᠎ᠠ᠃ ᠡᠭᠦᠨ ᠤ ᠬᠠᠮᠲᠤ᠂ ᠮᠠᠨ ᠤ ᠬᠤᠲᠠ ᠶᠢᠨ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡ ᠶᠢ ᠭᠦᠢᠴᠡᠳ ᠢᠯᠡᠷᠡᠭᠦᠯᠬᠦ ᠶᠢᠨ ᠲᠥᠯᠥᠭᠡ᠂ ᠬᠡᠷᠡᠭᠯᠡᠭᠡᠨ ᠤ ᠳᠤᠮᠳᠠ ᠪᠠᠰᠠ ᠬᠤᠲᠠ ᠶᠢᠨ ᠠᠷᠠᠳ ᠲᠤ ᠬᠤᠨ ᠭᠠᠯᠠᠭᠤ ᠤᠩᠰᠢᠬᠤ | ᠳᠤᠷᠠᠲᠠᠶ ᠨᠣᠮ᠂ ᠲᠣᠭᠠᠴᠢᠯᠠᠭᠰᠠᠨ ᠨᠣᠮ ᠤᠨ ᠰᠠᠩ᠂ ᠲᠣᠭᠠᠴᠢᠯᠠᠭᠰᠠᠨ ᠰᠣᠶᠣᠯ ᠤᠨ ᠣᠷᠳᠣᠨ᠂ ᠲᠣᠭᠠᠴᠢᠯᠠᠭᠰᠠᠨ ᠤᠷᠠᠨ ᠵᠢᠷᠤᠭ ᠤᠨ ᠣᠷᠳᠣᠨ᠂ | ᠤᠯᠠᠭᠠᠨᠮᠥ᠋ᠴᠢᠷ᠂ ᠰᠣᠶᠣᠯ ᠤᠨ ᠦᠵᠡᠰᠬᠦᠯᠡᠩ ᠤᠨ ᠣᠷᠳᠣᠨ ᠤ ᠦᠢᠯᠡᠴᠢᠯᠡᠭᠡ ᠬᠠᠩᠭᠠᠭᠰᠠᠨ ᠪᠠᠶᠢᠨ᠎ᠠ᠃ | ︽ᠨᠢᠭᠡ ᠥᠷᠲᠡᠭᠡ ᠮᠠᠶ᠋ᠢᠭ︾ ᠤᠨ ᠰᠣᠶᠤᠯ ᠤᠨ ᠵᠢᠭᠤᠯᠴᠢᠯᠠᠯ ᠠᠴᠠ ᠭᠠᠳᠠᠨ᠎ᠠ᠂ ᠪᠠᠰᠠ ︽ᠭᠠᠷ ᠢᠶᠠᠷ ᠵᠢᠷᠤᠭᠰᠠᠨ ᠭᠠᠵᠠᠷ ᠤᠨ ᠵᠢᠷᠤᠭ᠂ | ᠣᠶᠤᠨᠴᠢ ᠪᠠᠷ ᠵᠠᠮᠴᠢᠯᠠᠬᠤ︾ ᠴᠢᠳᠠᠪᠬᠢ ᠶᠢ ᠪᠡᠶᠡᠯᠡᠭᠦᠯᠵᠦ᠂ ᠰᠦᠯᠵᠢᠶᠡᠨ ᠳᠠᠬᠢ ᠤᠶᠤᠨᠴᠢᠯᠠᠭᠰᠠᠨ ᠪᠥᠬᠦ ᠦᠵᠡᠮᠵᠢ ᠶᠢᠨ ᠦᠵᠡᠭᠦᠯᠦᠯᠭᠡ᠂ ᠵᠠᠮᠴᠢᠯᠠᠵᠤ | ᠦᠵᠡᠭᠦᠯᠬᠦ᠂ ᠦᠭᠡ ᠶᠠᠷᠢᠶᠠᠨ ᠤ ᠲᠠᠶᠢᠯᠪᠤᠷᠢ᠂ ᠵᠠᠮ ᠱᠤᠭᠤᠮ ᠤᠨ ᠲᠥᠯᠥᠪᠵᠢᠭᠦᠯᠭᠡ ᠵᠡᠷᠭᠡ ᠶᠢ ᠨᠢᠭᠡ ᠴᠤᠭᠴᠠᠵᠢᠭᠤᠯᠤᠭᠰᠠᠨ ᠣᠶᠤᠨᠴᠢ ᠵᠢᠭᠤᠯᠴᠢᠯᠠᠯ ᠤᠨ | ᠦᠢᠯᠡᠴᠢᠯᠡᠭᠡ ᠵᠢᠴᠢ ︽ᠭᠤᠷᠪᠠᠨ ᠨᠣᠮᠧᠷ ᠢ ᠨᠢᠭᠡᠳᠬᠡᠬᠦ᠂ ᠴᠠᠭ ᠬᠤᠪᠢᠶᠠᠨ ᠪᠣᠯᠵᠣᠬᠤ︾ ᠴᠢᠳᠠᠪᠬᠢ ᠶᠢ ᠬᠠᠩᠭᠠᠵᠤ᠂ A ᠲᠠᠰ ᠤᠨ ᠦᠵᠡᠮᠵᠢ ᠶᠢᠨ ᠣᠷᠣᠨ ᠢ | ︽ᠴᠠᠭ ᠬᠤᠪᠢᠶᠠᠨ ᠪᠣᠯᠵᠣᠬᠤ︾ ᠶᠢ ᠨᠡᠶᠢᠳᠡᠮ ᠪᠡᠶᠡᠯᠡᠭᠦᠯᠵᠦ᠂ ᠮᠤᠵᠢ ᠶᠢᠨ ᠳᠣᠲᠣᠨ᠎ᠠ ᠭᠠᠳᠠᠨᠠᠬᠢ ᠵᠢᠭᠤᠯᠴᠢᠯᠠᠭᠴᠢᠳ ᠲᠤ ᠤᠷᠢᠳᠴᠢᠯᠠᠨ ᠪᠣᠯᠵᠣᠬᠤ᠂ | ᠪᠢᠯᠧᠲ ᠬᠤᠳᠠᠯᠳᠤᠨ ᠠᠪᠬᠤ᠂ ᠬᠢᠵᠢᠭ ᠢ ᠰᠡᠷᠭᠡᠶᠢᠯᠡᠬᠦ ᠭᠤᠷᠪᠠᠨ ᠨᠣᠮᠧᠷ ᠢ ᠨᠢᠭᠡᠳᠬᠡᠬᠦ ᠳᠥᠭᠦᠮ ᠳᠥᠲᠡ ᠴᠢᠳᠠᠪᠬᠢ ᠶᠢ ᠬᠠᠩᠭᠠᠭᠰᠠᠨ ᠪᠠᠶᠢᠨ᠎ᠠ᠃ | ᠢᠷᠡᠭᠡᠳᠦᠶ ᠳᠤ᠂ ︽ ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ︾ ᠬᠡᠷᠡᠭᠯᠡᠭᠡ ᠨᠢ ᠦᠢᠯᠡᠴᠢᠯᠡᠭᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ | ᠭᠤᠶᠣ ᠦᠵᠡᠮᠵᠢ ᠶᠢᠨ ᠤᠳᠠᠭᠠᠨ ᠰᠢᠭᠤᠳ ᠨᠡᠪᠲᠡᠷᠡᠭᠦᠯᠭᠡ ᠪᠠ 720° ᠤᠨ ᠪᠥᠬᠦ ᠦᠵᠡᠮᠵᠢ ᠶᠢᠨ ᠵᠢᠭᠤᠯᠴᠢᠯᠠᠯ + VR ᠬᠡᠶᠢᠰᠪᠦᠷᠢ ᠵᠢᠭᠤᠯᠴᠢᠯᠠᠯ ᠢ | ᠰᠦᠯᠵᠢᠶᠡᠨ ᠳᠤ ᠬᠤᠯᠪᠣᠬᠤ ᠪᠠ ᠨᠡᠪᠲᠡᠷᠡᠭᠦᠯᠬᠦ ᠶᠢ ᠵᠠᠯᠭᠠᠪᠡᠷ ᠳᠥᠯᠭᠢᠨ ᠠᠬᠢᠭᠤᠯᠬᠤ ᠪᠣᠯᠤᠨ᠎ᠠ᠃ ᠥᠷᠭᠡᠨ ᠤᠯᠠᠨ ᠬᠤᠳᠠ ᠶᠢᠨ ᠠᠷᠠᠳ ᠪᠣᠯᠤᠨ | ᠵᠤᠭᠠᠴᠠᠭᠰᠠᠳ ᠤᠨ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠨᠠᠷᠢᠨ ᠬᠢᠨᠠᠮᠠᠭᠠᠢ ᠬᠦᠯᠢᠶᠡᠨ ᠠᠪᠴᠤ᠂ | ᠳᠠᠰᠤᠷᠠᠯᠳᠠ ᠦᠭᠡᠢ ᠬᠠᠯᠠᠨ ᠰᠠᠶᠢᠵᠢᠷᠠᠭᠤᠯᠵᠤ᠂ ᠤᠯᠠᠨ ᠲᠦᠮᠡᠨ ᠤ ᠵᠤᠭᠠᠴᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ | 10. ᠬᠥᠲᠥᠯᠥᠭᠴᠢ | ︽ᠠᠶ ᠴᠢᠩ ᠴᠧᠩ︾ APP ᠶᠢᠨ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠲᠤᠬᠠᠶᠢᠯᠠᠭᠰᠠᠨ ᠠᠵᠢᠯ ᠢ | ᠭᠦᠢᠴᠡᠳᠬᠡᠬᠦ ᠳᠤ ᠦᠨᠡᠨ ᠨᠡᠷ᠎ᠡ ᠪᠠᠷ ᠢᠶᠠᠨ ᠭᠡᠷᠡᠴᠢᠯᠡᠬᠦ ᠵᠡᠷᠭᠡ ᠠᠵᠢᠯᠯᠠᠭ᠎ᠠ ᠶᠢ ᠬᠢᠬᠦ ᠴᠢᠬᠤᠯᠠᠲᠠᠶ᠂ ᠪᠢᠳᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠤᠷ | ᠲᠦᠪᠰᠢᠨ ᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | 11. ᠥᠪᠥᠷ ᠮᠣᠩᠭᠤᠯ ᠤᠨ ᠤᠶᠤᠨᠲᠤ ᠬᠦᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ ᡁᠢ | ᠮᠢᠨ | ᠬᠡᠷᠡᠭᠯᠡᠭᠴᠢ ᠶᠢᠨ ᠬᠤᠪᠢ ᠬᠥᠮᠦᠨ ᠤ ᠨᠢᠭᠤᠴᠠ ᠮᠡᠳᠡᠭᠡ ᠵᠠᠩᠭᠢ᠂ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ᠂ ᠪᠢᠳᠡ | ᠭᠤᠤᠯᠳᠠᠭᠤ ᠳᠣᠤᠷᠠᠬᠢ ᠬᠡᠳᠦᠨ ᠵᠦᠢᠯ ᠤᠨ ᠠᠷᠭ᠎ᠠ ᠬᠡᠮᠵᠢᠶ᠎ᠡ ᠶᠢ ᠠᠪᠤᠪᠠ᠄ ᠮᠡᠷᠭᠡᠵᠢᠯ ᠤᠨ ᠲᠠᠯ᠎ᠠ ᠪᠠᠷ᠂ APP ᠶᠢᠨ ᠬᠤᠪᠢ ᠬᠥᠮᠦᠨ ᠤ ᠲᠠᠩᠰᠠᠨ ᠨᠣᠮᠧᠷ | ᠵᠡᠷᠭᠡ ᠮᠡᠳᠡᠭᠡ ᠵᠠᠩᠭᠢ ᠵᠢᠴᠢ APP ᠶᠢᠨ ᠬᠡᠷᠡᠭᠯᠡᠭᠡᠨ ᠤ ᠦᠢᠯᠡᠴᠢᠯᠡᠭᠦᠷ ᠤᠨ ᠠᠮᠤᠷ ᠲᠦᠪᠰᠢᠨ ᠤ ᠲᠠᠯ᠎ᠠ ᠪᠠᠷ᠂ ᠪᠣᠶ ᠪᠥᠬᠦᠶ ᠬᠡᠷᠡᠭᠯᠡᠭᠡ ᠶᠢ ᠴᠥᠮ ᠵᠡᠷᠭᠡ | ᠳᠡᠰ ᠤᠨ ᠬᠠᠮᠠᠭᠠᠯᠠᠯᠲᠠ ᠶᠢᠨ ᠭᠤᠷᠪᠠᠳᠤᠭᠠᠷ ᠳᠡᠰ ᠤᠨ ᠣᠷᠴᠢᠨ ᠳᠤ ᠪᠠᠶᠢᠷᠢᠯᠠᠭᠤᠯᠬᠤ ᠶᠢᠨ ᠬᠠᠮᠲᠤ ᠪᠣᠶ ᠪᠥᠬᠦᠶ ᠰᠦᠯᠵᠢᠶᠡᠨ ᠳᠡᠭᠡᠷᠡᠬᠢ ᠦᠢᠯᠡᠴᠢᠯᠡᠭᠦᠷ ᠢ | ᠴᠥᠮ ᠨᠢᠭᠤᠴᠠ ᠲᠦᠯᠬᠢᠭᠦᠷ ᠢᠶᠠᠷ ᠭᠠᠷᠬᠤ ᠮᠥᠷᠲᠡᠭᠡᠨ ᠦᠢᠯᠡᠴᠢᠯᠡᠭᠡᠨ ᠤ ᠦᠵᠦᠭᠦᠷᠯᠢᠭ ᠲᠤ ᠣᠷᠣ ᠮᠦᠷ ᠥᠯᠥ ᠦᠯᠡᠳᠡᠭᠡᠬᠦ ᠠᠷᠭ᠎ᠠ ᠮᠠᠶ᠋ᠢᠭ ᠢᠶᠠᠷ ᠮᠡᠳᠡᠭᠡ | ᠵᠠᠩᠭᠢ ᠶᠢᠨ ᠠᠮᠤᠷ ᠲᠦᠪᠰᠢᠨ ᠢ ᠪᠠᠲᠤᠯᠠᠨ᠎ᠠ᠃ ᠬᠤᠲᠠ ᠶᠢᠨ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ ᠵᠣᠯᠭᠠᠭᠤᠯᠬᠤ ᠰᠢᠰᠲ᠋ᠧᠮ ᠳᠤ ᠬᠠᠩᠭᠠᠭᠰᠠᠨ ᠬᠤᠪᠢ | ᠬᠥᠮᠦᠨ ᠤ ᠪᠡᠶ᠎ᠡ ᠬᠡᠮ ᠤᠨ ᠮᠡᠳᠡᠭᠡ ᠵᠠᠩᠭᠢ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠭ᠎ᠠ ᠪᠠᠷᠢᠮᠲᠠ᠂ ᠨᠡᠶᠢᠭᠡᠮ ᠤᠨ ᠪᠠᠲᠤᠯᠠᠭ᠎ᠠ ᠶᠢᠨ ᠲᠤᠭ᠎ᠠ | ᠪᠠᠷᠢᠮᠲᠠ ᠵᠡᠷᠭᠡ ᠬᠡᠷᠡᠭᠯᠡᠭᠴᠢ ᠶᠢᠨ ᠵᠠᠩᠭᠢᠯᠠᠭ᠎ᠠ ᠶᠢᠨ ᠲᠤᠭ᠎ᠠ ᠪᠠᠷᠢᠮᠲᠠ ᠳᠤ᠂ ᠪᠢᠳᠡ ᠵᠥᠪᠬᠡᠨ ᠬᠡᠷᠡᠭᠯᠡᠬᠦ ᠠᠴᠠ ᠪᠢᠰᠢ ᠦᠯᠡᠳᠡᠭᠡᠨ ᠬᠠᠳᠠᠭᠠᠯᠠᠬᠤ ᠥᠬᠡᠶ ᠪᠠᠶᠢᠬᠤ | ᠵᠠᠷᠴᠢᠮ ᠢ ᠵᠢᠷᠤᠮᠯᠠᠨ᠂ ᠬᠡᠷᠡᠭᠯᠡᠭᠴᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠲᠤᠭ᠎ᠠ ᠪᠠᠷᠢᠮᠲᠠ ᠶᠢᠨ ᠳᠠᠮᠵᠢᠭᠤᠯᠬᠤ | ᠳᠠᠪᠬᠤᠷᠭ᠎ᠠ ᠳᠤ᠂ ᠲᠤᠭ᠎ᠠ ᠪᠠᠷᠢᠮᠲᠠ ᠶᠢᠨ ᠬᠠᠷᠰᠢᠮᠠᠲᠠᠭᠠᠶ ᠶᠢ ᠲᠠᠶᠢᠯᠬᠤ᠂ ᠨᠢᠭᠤᠴᠠᠯᠠᠨ ᠳᠠᠮᠵᠢᠭᠤᠯᠬᠤ᠂ ᠬᠡᠪ ᠤᠨ ᠪᠤᠰᠤ ᠶᠢ ᠴᠠᠭ ᠲᠤᠬᠠᠶ ᠳᠤᠨᠢ ᠪᠠᠶᠢᠴᠠᠭᠠᠨ | ᠰᠢᠯᠭᠠᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠥᠬᠦ ᠲᠠᠯ᠎ᠠ ᠪᠠᠷ᠂ ᠪᠥᠬᠦ | ᠡᠳᠦᠷ ᠢᠶᠠᠷ ᠢᠶᠠᠨ ᠪᠠᠲᠤᠯᠠᠨ᠎ᠠ᠃ ᠬᠠᠮᠢᠶᠠᠷᠤᠯᠲᠠ ᠶᠢᠨ ᠲᠠᠯ᠎ᠠ ᠪᠠᠷ᠂ ᠪᠢᠳᠡ ᠬᠡᠷᠡᠭᠯᠡᠭᠡᠨ ᠤ ᠵᠠᠯᠭᠠᠯᠲᠠ ᠶᠢᠨ ᠵᠢᠷᠤᠮᠵᠢᠯ᠂ ᠲᠤᠭ᠎ᠠ ᠪᠠᠷᠢᠮᠲᠠ ᠶᠢᠨ ᠵᠠᠯᠭᠠᠯᠲᠠ ᠶᠢᠨ | ᠵᠢᠷᠤᠮᠵᠢᠯ᠂ ᠲᠤᠭ᠎ᠠ ᠪᠠᠷᠢᠮᠲᠠ ᠶᠢᠨ ᠳᠠᠮᠵᠢᠭᠤᠯᠭ᠎ᠠ ᠶᠢᠨ ᠵᠢᠷᠤᠮᠵᠢᠯ᠂ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ ᠵᠢᠷᠤᠮᠵᠢᠯ᠂ ᠨᠢᠭᠤᠴᠠ ᠶᠢ ᠬᠠᠮᠠᠭᠠᠯᠠᠬᠤ | ᠵᠢᠷᠤᠮᠵᠢᠯ ᠵᠡᠷᠭᠡ ᠵᠢᠷᠤᠮᠵᠢᠯ ᠤᠨ ᠲᠦᠷᠢᠮ ᠢ ᠨᠠᠶᠢᠷᠠᠭᠤᠯᠤᠨ ᠵᠣᠬᠢᠶᠠᠪᠠ᠂ ᠵᠢᠱᠢᠶᠡᠯᠡᠪᠡᠯ ᠨᠡᠭᠡᠭᠡᠨ ᠬᠥᠭᠵᠢᠭᠦᠯᠬᠦ ᠺᠣᠮᠫᠠᠨᠢ ᠲᠠᠢ ᠠᠮᠤᠷ ᠲᠦᠪᠰᠢᠨ ᠤ ᠨᠢᠭᠤᠴᠠ ᠶᠢ | ᠬᠠᠮᠠᠭᠠᠯᠠᠬᠤ ᠬᠡᠯᠡᠯᠴᠡᠭᠡᠷ ᠲᠣᠭᠲᠠᠬᠤ ᠶᠢᠨ ᠬᠠᠮᠲᠤ᠂ ᠰᠢᠰᠲ᠋ᠧᠮ ᠤᠨ ᠨᠡᠭᠡᠭᠡᠨ ᠬᠥᠭᠵᠢᠭᠦᠯᠦᠯᠲᠡ ᠵᠢᠴᠢ ᠠᠵᠢᠯᠯᠠᠭᠤᠯᠵᠤ ᠬᠠᠮᠠᠭᠠᠯᠠᠬᠤ ᠳᠤ ᠣᠷᠣᠯᠴᠠᠭᠰᠠᠨ ᠪᠣᠶ | ᠪᠥᠬᠦᠶ ᠮᠡᠷᠭᠡᠵᠢᠯ ᠤᠨ ᠠᠵᠢᠯᠲᠠᠨ ᠢ ᠴᠥᠮ ᠨᠢᠭᠤᠴᠠ ᠶᠢ ᠬᠠᠮᠠᠭᠠᠯᠠᠬᠤ ᠠᠮᠠᠯᠠᠯᠲᠠ ᠶᠢᠨ ᠪᠢᠴᠢᠭ ᠲᠣᠭᠲᠠᠬᠤ ᠶᠢ ᠱᠠᠭᠠᠷᠳᠠᠪᠠ︔ ᠲᠤᠭ᠎ᠠ ᠪᠠᠷᠢᠮᠲᠠ ᠳᠤ | ᠬᠤᠯᠪᠣᠭᠳᠠᠭᠰᠠᠨ ᠳᠠᠮᠵᠢᠭᠤᠯᠬᠤ ᠰᠣᠯᠢᠯᠴᠠᠭ᠎ᠠ ᠶᠢ ᠡᠷᠬᠡᠪᠰᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠲᠦᠰᠢᠭᠯᠡᠨ ᠶᠠᠪᠤᠭᠳᠠᠭᠤᠯᠵᠤ᠂ | ᠢᠨᠲ᠋ᠧᠷ ᠰᠦᠯᠵᠢᠶᠡᠨ ᠤ ᠣᠷᠴᠢᠨ ᠲᠣᠭᠤᠷᠢᠨ ᠤ ᠳᠠᠮᠵᠢᠭᠤᠯᠬᠤ ᠲᠤᠭ᠎ᠠ ᠪᠠᠷᠢᠮᠲᠠ ᠳᠤ ᠣᠷᠣᠰᠢᠵᠤ ᠪᠠᠶᠢᠭ᠎ᠠ ᠯᠡᠪᠡᠷᠡᠬᠦ ᠲᠦᠭᠰᠢᠭᠦᠷᠢ ᠵᠡᠷᠭᠡ ᠶᠢ ᠲᠠᠰᠤ | ᠬᠤᠷᠢᠭᠯᠠᠵᠤ᠂ ᠵᠣᠯᠭᠠᠭᠤᠯᠬᠤ ᠲᠤᠭ᠎ᠠ ᠪᠠᠷᠢᠮᠲᠠ ᠶᠢᠨ ᠡᠬᠢ ᠰᠤᠷᠪᠤᠯᠵᠢ ᠠᠴᠠ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠨ᠎ᠠ᠃ | 12. ᠬᠥᠲᠥᠯᠥᠭᠴᠢ ᠣᠳᠣᠬᠠᠨ ᠳᠤ᠂ ᠮᠠᠨ ᠤ ︽ᠠᠶ ᠴᠢᠩ ᠴᠧᠩ︾ APP ᠶᠢ ᠨᠢᠭᠡᠨᠲᠡ ᠵᠢᠩᠬᠢᠨᠢ ᠪᠠᠷ ᠰᠦᠯᠵᠢᠶᠡᠨ ᠳᠤ ᠨᠡᠶᠢᠲᠡᠯᠡᠵᠦ ᠪᠠᠶᠢᠨ᠎ᠠ᠂ | ᠤᠬᠠᠭᠤᠯᠤᠨ ᠳᠡᠯᠭᠡᠷᠡᠭᠦᠯᠬᠦ ᠲᠠᠯ᠎ᠠ ᠪᠠᠷ ᠶᠠᠮᠠᠷ ᠲᠥᠯᠥᠪᠯᠡᠭᠡ ᠲᠣᠬᠢᠷᠠᠭᠤᠯᠤᠯᠲᠠ ᠲᠠᠢ ᠪᠣᠶ︖ | 13. ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠸᠧᠨ ᠺᠠᠶ ᠬᠥᠬᠡᠬᠤᠲᠠ ᠶᠢᠨ ᠠᠩᠬᠠᠳᠠᠭᠴᠢ | ᠬᠤᠲᠠ ᠶᠢᠨ ᠲᠠᠰ ᠤᠨ APP ᠪᠣᠯᠤᠭᠰᠠᠨ ᠤ ᠬᠤᠪᠢ ᠳᠤ᠂ ᠬᠡᠷᠬᠢᠨ ᠨᠠᠩ ᠣᠯᠠᠨ ᠬᠤᠲᠠ ᠶᠢᠨ ᠠᠷᠠᠳ ᠲᠤ ᠤᠬᠠᠭᠤᠯᠭ᠎ᠠ ᠬᠢᠵᠦ᠂ ᠦᠢᠯᠡᠴᠢᠯᠡᠭᠡ ᠬᠠᠩᠭᠠᠵᠤ | ᠂ ᠰᠠᠶᠢᠨ ᠦᠨᠡᠯᠡᠯᠲᠡ ᠶᠢ ᠬᠥᠷᠲᠡᠬᠦ ᠪᠣᠯ ᠮᠠᠨ ᠤ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠮᠥᠨ᠃ ᠡᠶᠢᠮᠦ ᠠᠴᠠ ᠪᠢᠳᠡ ᠭᠤᠷᠪᠠᠨ | ᠲᠠᠯ᠎ᠠ ᠪᠠᠷ ᠠᠵᠢᠯ ᠢᠶᠠᠨ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃ | ᠨᠢᠭᠡ ᠨᠢ ᠤᠬᠠᠭᠤᠯᠭ᠎ᠠ ᠶᠢᠨ ᠲᠠᠯ᠎ᠠ ᠪᠠᠷ᠃ ᠪᠢᠳᠡ ︽ᠠᠶ ᠴᠢᠩ ᠴᠧᠩ︾ APP ᠶᠢᠨ ᠰᠦᠯᠵᠢᠶᠡᠨ ᠳᠤ ᠭᠠᠷᠤᠭᠰᠠᠨ ᠰᠣᠨᠢᠨ ᠮᠡᠳᠡᠭᠡ ᠨᠡᠶᠢᠲᠡᠯᠡᠬᠦ | ᠬᠤᠷᠠᠯ ᠢᠶᠠᠷ ᠠᠵᠠ ᠲᠣᠬᠢᠶᠠᠯ ᠪᠣᠯᠭᠠᠵᠤ᠂ ᠵᠠᠭᠤᠴᠢᠯᠠᠭᠤᠷ ᠤᠨ ᠬᠦᠴᠦᠨ ᠢ ᠠᠰᠢᠭᠯᠠᠨ᠂ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠠᠷᠭ᠎ᠠ ᠵᠠᠮ ᠢᠶᠠᠷ ᠤᠬᠠᠭᠤᠯᠤᠨ ᠮᠡᠳᠡᠭᠡᠯᠡᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ︽ᠠᠶ ᠴᠢᠩ | ᠴᠧᠩ︾ APP ᠨᠢ ᠶᠠᠭᠤ ᠪᠣᠯᠬᠤ᠂ ᠶᠠᠮᠠᠷ ᠲᠥᠬᠦᠮ ᠨᠥᠬᠦᠴᠡᠯ ᠠᠪᠴᠢᠷᠠᠵᠤ ᠳᠡᠶᠢᠯᠬᠦ᠂ ᠬᠡᠷᠬᠢᠨ ᠪᠠᠭᠤᠯᠭᠠᠵᠤ ᠠᠪᠬᠤ ᠶᠢ ᠬᠦᠬᠡᠬᠤᠲᠠ ᠶᠢᠨ ᠠᠷᠠᠳ ᠲᠤ | ᠲᠦᠷᠭᠡᠨ ᠣᠶᠢᠯᠠᠭᠠᠭᠤᠯᠵᠤ᠂ ᠨᠠᠩ ᠣᠯᠠᠨ ᠬᠤᠲᠠ ᠶᠢᠨ ᠠᠷᠠᠳ ᠲᠤ ︽ᠠᠶ ᠴᠢᠩ ᠴᠧᠩ︾ APP ᠶᠢ ᠲᠠᠨᠢᠭᠤᠯᠵᠤ ᠲᠡᠳᠡᠨ ᠲᠠᠢ ᠣᠶᠢᠷᠠᠲᠤᠭᠤᠯᠤᠨ᠎ᠠ᠃ | ᠬᠤᠶᠠᠷ ᠲᠤ ᠬᠡᠷᠡᠭᠯᠡᠭᠡᠨ ᠤ ᠲᠠᠯ᠎ᠠ ᠪᠠᠷ᠃ ᠪᠢᠳᠡ ᠨᠢᠭᠡ ᠪᠦᠯᠦᠭ ᠥᠨᠳᠥᠷ ᠲᠠᠪᠳᠠᠮᠵᠢᠳᠤ ᠠᠷᠠᠳ ᠲᠤ ᠲᠥᠬᠦᠮ ᠦᠵᠡᠭᠦᠯᠬᠦ ᠬᠡᠷᠡᠭᠯᠡᠭᠡ ᠶᠢ | ᠰᠦᠯᠵᠢᠶᠡᠨ ᠳᠤ ᠵᠠᠯᠭᠠᠬᠤ ᠶᠢ ᠲᠦᠷᠭᠡᠳᠬᠡᠨ᠎ᠡ᠂ ᠵᠢᠱᠢᠶᠡᠯᠡᠪᠡᠯ᠄ ᠰᠢᠯᠭᠠᠯᠲᠠ ᠳᠤ ᠨᠡᠷ᠎ᠡ ᠮᠡᠳᠡᠭᠦᠯᠬᠦ᠂ ᠤᠷᠤᠯᠳᠤᠭᠠᠨ ᠤ ᠶᠠᠪᠤᠳᠠᠯ ᠳᠤ ᠨᠡᠷ᠎ᠡ ᠮᠡᠳᠡᠭᠦᠯᠬᠦ᠂ ᠬᠢᠷᠢ | ᠪᠦᠲᠦᠮᠵᠢ ᠶᠢ ᠯᠠᠪᠯᠠᠬᠤ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠯᠠᠪᠯᠠᠬᠤ ᠵᠡᠷᠭᠡ︔ ᠪᠠᠰᠠ ᠡᠯ᠎ᠡ ᠬᠤᠯᠪᠣᠭᠳᠠᠯ ᠪᠥᠬᠦᠶ ᠨᠢᠭᠡᠴᠡ᠂ ᠰᠠᠯᠠᠭ᠎ᠠ | ᠮᠥᠴᠢᠷ ᠲᠠᠢ ᠬᠠᠮᠵᠢᠯᠴᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠢᠭᠡ ᠪᠦᠯᠦᠭ ᠬᠠᠯᠠᠮᠰᠢᠯ ᠠᠵᠢᠯᠯᠠᠭ᠎ᠠ ᠶᠢ ᠰᠦᠯᠵᠢᠶᠡᠨ ᠳᠤ ᠭᠠᠷᠭᠠᠨ᠎ᠠ᠂ | ᠵᠢᠱᠢᠶᠡᠯᠡᠪᠡᠯ᠄ ᠬᠡᠷᠡᠯ ᠵᠢᠷᠤᠭ ᠤᠨ ᠤᠷᠤᠯᠳᠤᠭᠠᠨ᠂ ᠡᠬᠡ ᠪᠢᠴᠢᠭ ᠡᠯᠰᠡᠬᠦ ᠤᠷᠤᠯᠳᠤᠭᠠᠨ ᠵᠡᠷᠭᠡ᠂ ᠡᠲᠡᠭᠡᠷ ᠥᠨᠳᠥᠷ ᠳᠠᠪᠲᠠᠮᠵᠢ ᠶᠢᠨ ᠬᠡᠷᠡᠭᠯᠡᠭᠡ ᠪᠠ ᠬᠠᠯᠠᠮᠰᠢᠯ | ᠠᠵᠢᠯᠯᠠᠭ᠎ᠠ ᠪᠠᠷ ᠳᠠᠮᠵᠢᠭᠤᠯᠤᠨ᠂ ᠬᠤᠲᠠ ᠶᠢᠨ ᠠᠷᠠᠳ ᠤᠨ ᠰᠣᠨᠢᠷᠬᠠᠯ ᠢ ᠲᠠᠲᠠᠵᠤ᠂ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ ᠥᠷᠭᠡᠨ ᠣᠯᠠᠨ | ᠬᠤᠲᠠ ᠶᠢᠨ ᠠᠷᠠᠳ ᠤᠨ ︽ᠠᠮᠠ ᠪᠠᠷ ᠤᠯᠠᠮᠵᠢᠯᠠᠬᠤ︾ ᠬᠦᠴᠦᠷᠬᠡᠭ ᠶᠡᠭᠡ ᠤᠬᠠᠭᠤᠯᠭ᠎ᠠ ᠶᠢᠨ ᠬᠦᠴᠦᠨ ᠳᠤ ᠲᠦᠰᠢᠭᠯᠡᠨ᠂ ᠬᠡᠷᠡᠭᠯᠡᠭᠴᠢ ᠢ ᠲᠠᠰᠤᠷᠠᠯᠲᠠ | ᠥᠬᠡᠶ ᠨᠡᠮᠡᠭᠳᠡᠭᠦᠯᠦᠨ᠎ᠡ᠃ | ᠭᠤᠷᠪᠠ ᠳᠤ ᠲᠣᠭᠲᠠᠴᠠ ᠶᠢᠨ ᠲᠠᠯ᠎ᠠ ᠪᠠᠷ᠃ ᠪᠢᠳᠡ ︽ᠠᠶ ᠴᠢᠩ ᠴᠧᠩ︾ APP ᠳᠤ ᠲᠤᠰᠬᠠᠶᠢᠯᠠᠨ ︽ᠦ ᠡᠷᠢᠬᠦ ᠲᠣᠭᠲᠠᠴᠠ︾ ᠭᠠᠷᠭᠠᠵᠤ᠂ | ᠥᠷᠭᠡᠨ ᠣᠯᠠᠨ ᠪᠠᠭᠤᠯᠭᠠᠨ ᠠᠪᠬᠤ ᠶᠢ ᠪᠡᠶᠡᠴᠢᠯᠡᠨ ᠣᠶᠢᠯᠠᠭᠠᠬᠤ ᠬᠡᠷᠡᠭᠯᠡᠭᠴᠢᠳ ᠲᠤ ᠬᠠᠷᠢᠭᠤ ᠲᠤᠰᠬᠠᠬᠤ ᠠᠷᠭ᠎ᠠ ᠵᠠᠮ ᠨᠡᠭᠡᠭᠡᠨ ᠥᠭᠴᠦ᠂ ᠣᠯᠠᠨ ᠲᠦᠮᠡᠨ ᠤ | ᠰᠠᠨᠠᠯ ᠰᠠᠨᠠᠭᠤᠯᠭ᠎ᠠ ᠶᠢ ᠴᠠᠭ ᠲᠤᠬᠠᠶ ᠳᠤᠨᠢ ᠴᠤᠭᠯᠠᠭᠤᠯᠵᠤ᠂ ᠰᠠᠨᠠᠯ ᠢ ᠦᠨᠳᠦᠰᠦᠯᠡᠨ ᠲᠠᠰᠤᠷᠠᠯᠲᠠ ᠥᠬᠡᠶ ᠰᠢᠨᠡᠳᠬᠡᠵᠦ᠂ APP ᠶᠢᠨ ᠴᠢᠳᠠᠪᠬᠢ ᠶᠢ | ᠲᠠᠰᠤᠷᠠᠯᠲᠠ ᠥᠬᠡᠶ ᠪᠠᠶᠠᠯᠢᠭᠵᠢᠭᠤᠯᠬᠤ ᠶᠢᠨ ᠤᠯᠠᠮ ᠠᠴᠠ ᠦᠢᠯᠡᠴᠢᠯᠡᠭᠡᠨ ᠤ ᠶᠠᠪᠤᠴᠠ ᠶᠢ ᠨᠠᠩ ᠰᠠᠶᠢᠨ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠣᠯᠠᠨ ᠲᠦᠮᠡᠨ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯ ᠶᠠᠪᠤᠳᠠᠯ ᠰᠢᠢᠳᠪᠦᠷᠢᠯᠡᠬᠦ ᠶᠢᠨ ᠥᠨᠳᠥᠷ | ᠦᠷ᠎ᠡ ᠪᠦᠲᠦᠮᠵᠢ᠂ ᠤᠶᠤᠨᠴᠢᠯᠠᠯᠲᠠ ᠪᠠ ᠳᠥᠭᠦᠮ ᠳᠥᠲᠡᠴᠢᠯᠡᠯᠲᠡ ᠶᠢ ᠦᠨᠡᠨ ᠬᠦ ᠮᠡᠳᠡᠷᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠯᠤᠭ᠎ᠠ ᠶᠢᠨ ︽ | ᠰᠠᠶᠢᠨ ᠦᠢᠯᠡᠳᠦᠯᠴᠡᠯ︾ ᠢ ᠪᠣᠶ ᠪᠣᠯᠭᠠᠵᠤ᠂ ᠬᠥᠬᠡᠬᠤᠲᠠ ᠶᠢᠨ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ | ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | 14. ᠬᠠᠮᠢᠶᠠᠷᠤᠭᠴᠢ | ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠸᠧᠨ ᠺᠠᠶ᠂ ᠲᠣᠮᠣ ᠳ᠋ᠠᠶᠢᠲ᠋ᠠ ᠶᠢᠨ ᠬᠡᠷᠡᠭᠯᠡᠭᠡᠨ ᠤ | ᠰᠠᠯᠠᠭ᠎ᠠ ᠶᠢᠨ ᠵᠣᠣ ᠰᠢᠤᠸᠠᠢ ᠵᠢᠶᠤᠤ᠂ ᠥᠪᠥᠷ ᠮᠣᠩᠭᠤᠯ ᠤᠨ ᠤᠶᠤᠨᠲᠤ ᠬᠥᠬᠡ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠹᠠᠨ | ᡁᠢ ᠮᠢᠨ ᠶᠡᠷᠦᠩᠬᠡᠶ ᠳᠠᠭᠠᠭᠠᠮᠠᠯ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠤᠭᠰᠠᠨ ᠪᠠ ᠣᠷᠣᠯᠴᠠᠯᠭ᠎ᠠ ᠳᠤ | ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃ |