ᠮᠠᠨ ᠤ ᠬᠤᠲᠠ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠲᠦᠷᠦ ᠶᠢᠨ ᠪᠣᠳᠣᠯᠭ᠎ᠠ ᠳᠠᠭᠠᠨ ᠲᠤᠬᠢᠷᠠᠭᠤᠯᠤᠯᠳᠠ ᠬᠢᠬᠦ ᠪᠠᠷ ᠪᠣᠯᠪᠠ
ᠨᠡᠶᠢᠲᠡᠯᠡᠭᠰᠡᠨ ᠴᠠᠭ᠄
2021/5/20
       ︵ᠰᠤᠷᠪᠤᠯᠵᠢᠯᠠᠭᠴᠢ ᠬᠠᠢ ᠴᠢᠣᠸᠠᠨ︶ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠵᠦ ᠪᠠᠶᠢᠭ᠎ᠠ ᠠᠵᠢᠯᠳᠠᠨ ᠤ ᠦᠪᠡᠰᠦᠪᠡᠨ ᠰᠠᠭᠤᠬᠤ ᠤᠷᠤᠨ ᠰᠠᠭᠤᠴᠠ ᠬᠤᠳᠠᠯᠳᠤᠨ ᠠᠪᠬᠤ ᠪᠠ ᠣᠷᠣᠨ ᠰᠠᠭᠤᠴᠠ ᠶᠢᠨ ᠨᠥᠬᠦᠴᠡᠯ ᠢᠶᠠᠨ ᠰᠠᠶᠢᠵᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠬᠦᠬᠡᠬᠤᠳᠠ ᠶᠢᠨ ᠭᠡᠷ ᠭᠠᠵᠠᠷ ᠤᠨ ᠬᠦᠷᠦᠩᠬᠡ ᠶᠢᠨ ᠵᠠᠬ᠎ᠠ ᠳᠡᠯᠭᠡᠭᠦᠷ ᠤᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠲᠡᠮᠵᠢᠬᠦ ᠪᠠᠷ᠂ ᠮᠠᠨ ᠤ ᠬᠤᠲᠠ ᠶᠢᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠲᠦᠪ 6 ᠰᠠᠷ᠎ᠠ ᠶᠢᠨ 1 ᠤ ᠡᠳᠦᠷ ᠠᠴᠠ ᠡᠬᠢᠯᠡᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠬᠡᠰᠡᠭ ᠲᠦᠷᠦ ᠶᠢᠨ ᠪᠣᠳᠣᠯᠭ᠎ᠠ ᠳᠠᠭᠠᠨ ᠲᠤᠬᠢᠷᠠᠭᠤᠯᠤᠯᠳᠠ ᠬᠢᠬᠦ ᠪᠠᠷ ᠲᠤᠬᠳᠠᠪᠠ᠃      ᠲᠤᠬᠢᠷᠠᠭᠤᠯᠤᠯᠳᠠ ᠬᠢᠭᠰᠡᠨ ᠤ ᠳᠠᠷᠠᠭ᠎ᠠ᠂ ᠬᠤᠶᠠᠳᠤᠭᠠᠷ ᠤᠳᠠᠭ᠎ᠠ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠵᠦ ᠪᠠᠶᠢᠭ᠎ᠠ ᠣᠷᠣᠨ ᠰᠠᠭᠤᠴᠠ ᠬᠤᠳᠠᠯᠳᠤᠨ ᠠᠪᠬᠤ ᠬᠡᠷ ᠪᠦᠯᠢ ᠶᠢᠨ ᠬᠢᠨ ᠤ ᠲᠦᠷᠦᠬᠦᠦ ᠲᠤᠰᠢᠶᠠᠬᠤ ᠵᠤᠭᠤᠰ ᠤᠨ ᠬᠠᠷᠢᠴᠠᠯ ᠢ 30% ᠪᠤᠯᠭᠠᠨ ᠲᠡᠭᠡᠭᠰᠢᠯᠡᠬᠦᠯᠬᠦ ᠶᠢᠨ ᠬᠠᠮᠳᠤ ᠳᠤᠨᠢ᠂ ᠵᠢᠬᠡᠯᠡᠯᠬᠡ ᠶᠢᠨ ᠬᠦᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠨᠢᠬᠡᠳᠦᠬᠡᠷ ᠤᠳᠠᠭ᠎ᠠ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠠᠪᠴᠤ ᠪᠠᠶᠢᠭ᠎ᠠ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠣᠷᠮ᠎ᠠ ᠠᠴᠠ 10% ᠦᠨᠳᠦᠷ ᠪᠠᠶᠢᠯᠭᠠᠨ᠎ᠠ᠃ ᠭᠤᠷᠪᠠ ᠵᠢᠴᠢ ᠭᠤᠷᠪᠠ ᠠᠴᠠ ᠢᠯᠡᠬᠦᠦ ᠤᠷᠤᠨ ᠰᠠᠭᠤᠴᠠ ᠬᠤᠳᠠᠯᠳᠤᠨ ᠠᠪᠬᠤ ᠪᠠᠷ ᠪᠠᠶᠢᠭ᠎ᠠ ᠭᠡᠷ ᠪᠦᠯᠢ ᠶᠢᠨ ᠬᠢᠨ ᠳᠤ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠬᠡᠯᠡᠯᠬᠡ ᠤᠯᠭᠤᠬᠤ ᠦᠬᠡᠢ᠂ ᠭᠤᠷᠪᠠᠳᠤᠭᠠᠷ ᠤᠳᠠᠭ᠎ᠠ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠬᠡᠯᠡᠯᠬᠡ ᠭᠤᠶᠤᠴᠢᠯᠠᠬᠤ ᠬᠡᠷ ᠪᠦᠯᠢ ᠶᠢᠨ ᠬᠢᠨ ᠳᠤ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠬᠡᠯᠡᠯᠬᠡ ᠤᠯᠭᠤᠬᠤ ᠦᠬᠡᠢ᠃ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠬᠡᠯᠡᠯᠬᠡ ᠶᠢᠨ ᠴᠠᠭ ᠤᠨ ᠠᠯᠤᠰᠯᠠᠴᠠ ᠶᠢᠨ ᠬᠢᠵᠠᠭᠠᠷᠯᠠᠯ ᠢ ᠬᠦᠴᠦᠨ ᠦᠬᠡᠢ ᠪᠤᠯᠭᠠᠵᠦ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠠᠪᠤᠭᠴᠢ ᠨᠢᠭᠡᠳᠦᠭᠡᠷ ᠤᠳᠠᠭ᠎ᠠ ᠶᠢᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠬᠡᠯᠡᠯᠬᠡ ᠪᠠᠨ ᠪᠤᠴᠠᠭᠠᠵᠦ ᠪᠠᠷᠠᠭᠰᠠᠨ ᠡᠳᠦᠷ ᠠᠴᠠ ᠬᠤᠶᠠᠳᠤᠭᠠᠷ ᠤᠳᠠᠭ᠎ᠠ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠵᠢᠬᠡᠯᠡᠯᠬᠡ ᠭᠤᠶᠤᠴᠢᠯᠠᠵᠦ ᠪᠣᠯᠣᠨ᠎ᠠ᠃ ᠬᠦᠨᠳᠤ ᠡᠪᠡᠳᠴᠢᠨ ᠳᠤ ᠨᠡᠷᠪᠡᠭᠳᠡᠭᠰᠡᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠵᠦ ᠪᠠᠶᠢᠭ᠎ᠠ ᠠᠵᠢᠯᠳᠠᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠪᠠᠨ ᠭᠠᠷᠭᠠᠨ ᠠᠪᠴᠤ ᠪᠤᠯᠬᠤ ᠲᠤᠬᠠᠢᠢᠯᠠᠬᠰᠠᠨ ᠠᠵᠢᠯ ᠢ ᠵᠤᠬᠰᠤᠭᠠᠬᠤ ᠪᠣᠯᠣᠨ᠎ᠠ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ