ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021-2023︶ ᠢ ᠳᠠᠷᠤᠮᠠᠯᠯᠠᠨ ᠲᠠᠷᠬᠠᠭᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/5/25
            ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈7 ᠳ᠋ᠤᠭᠠᠷ ᠲᠣᠭᠠᠲᠤ           2021 ᠣᠨ ᠤ 2 ᠳ᠋ᠤᠭᠠᠷ ᠰᠠᠷ᠎ᠠ ᠶᠢᠨ 3 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄       《 ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021-2023︶》 ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃              ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ             ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2021 -2023︶       ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠰᠢᠨ᠎ᠡ ᠶᠢ ᠡᠭᠦᠳᠬᠦ ᠣᠷᠣᠨ ᠤ ᠲᠥᠪ ᠢ ᠲᠦᠷᠭᠡᠳᠬᠡᠨ ᠪᠠᠶᠢᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠳᠥᠷᠪᠡ ᠳᠤ ᠬᠠᠨᠳᠤᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠷᠢᠮᠲᠠᠯᠠᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠰᠠᠭᠤᠷᠢ ᠴᠡᠭ ᠪᠠ ᠭᠤᠤᠯᠯᠠᠬᠤ ᠪᠠᠶᠢᠯᠳᠤᠬᠤ ᠪᠣᠳᠣᠯᠭ᠎ᠠ ᠪᠣᠯᠭᠠᠬᠤ ᠶᠢ ᠪᠠᠷᠢᠮᠲᠠᠯᠠᠨ᠂ ᠰᠢᠨ᠎ᠡ ᠶᠢ ᠡᠭᠦᠳᠬᠦ ᠶᠢ ᠴᠢᠬᠤᠯᠠᠴᠢᠯᠠᠨ᠂ ᠰᠢᠨ᠎ᠡ ᠶᠢ ᠡᠭᠦᠳᠬᠦ ᠶᠢ ᠡᠷᠬᠢᠮᠯᠡᠬᠦ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠶ ᠶᠢ ᠶᠡᠬᠡᠪᠡᠷ ᠪᠣᠶ ᠪᠣᠯᠭᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠨ ᠠᠬᠢᠭᠤᠯᠬᠤ ᠬᠡᠷᠡᠭᠲᠡᠶ᠃      ︵ᠬᠤᠶᠠᠷ︶ ᠦᠨᠳᠦᠰᠦᠨ ᠵᠠᠷᠴᠢᠮ      — ᠳᠤᠲᠠᠭᠤᠳᠠᠯ ᠢᠶᠠᠨ ᠨᠥᠬᠦᠪᠥᠷᠢᠯᠡᠵᠦ ᠰᠢᠨ᠎ᠡ ᠶᠢ ᠡᠭᠦᠳᠬᠦ ᠶᠢ ᠠᠳᠬᠤᠬᠤ ᠶᠢ ᠪᠠᠷᠢᠮᠲᠠᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠲᠠᠭᠤᠳᠠᠯ ᠢ ᠡᠮᠬᠢᠯᠡᠵᠦ᠂ ᠵᠠᠩᠭᠢᠯᠠᠭ᠎ᠠ ᠶᠢᠨ ᠭᠤᠭᠴᠤᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠣᠨᠣᠪᠴᠢᠲᠠᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ︽ᠪᠣᠭᠤᠮᠢ︾ ᠠᠰᠠᠭᠤᠳᠠᠯ ᠢ ᠰᠢᠢᠳᠪᠦᠷᠢᠯᠡᠨ᠎ᠡ᠃      — ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠰᠢᠨ᠎ᠡ ᠶᠢ ᠡᠭᠦᠳᠬᠦ ᠶᠢ ᠠᠳᠬᠤᠬᠤ ᠶᠢ ᠪᠠᠷᠢᠮᠲᠠᠯᠠᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠨᠢᠭᠡ ᠴᠣᠭᠴᠠᠵᠢᠭᠤᠯᠤᠭᠰᠠᠨ ᠰᠢᠨ᠎ᠡ ᠶᠢ ᠡᠭᠦᠳᠬᠦ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠤᠨ ᠡᠯᠧᠮᠧᠨ᠋ᠲ ᠤᠨ ᠠᠵᠤ ᠠᠬᠤᠶᠢᠯᠠᠯ ᠲᠡᠰᠢ ᠴᠤᠭᠯᠠᠷᠠᠬᠤ ᠶᠢ ᠠᠬᠢᠭᠤᠯᠤᠨ᠎ᠠ᠃      — ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠵᠤ ᠰᠢᠨ᠎ᠡ ᠶᠢ ᠡᠭᠦᠳᠬᠦ ᠶᠢ ᠠᠳᠬᠤᠬᠤ ᠶᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠢᠳᠡᠪᠬᠢᠵᠢᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠠᠮᠢ ᠠᠬᠤᠶ ᠶᠢ ᠲᠦᠷᠭᠡᠪᠴᠢᠯᠡᠨ ᠪᠠᠶᠢᠭᠤᠯᠵᠤ᠂ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠲᠦᠷᠦ ᠶᠢᠨ ᠪᠤᠳᠤᠯᠭ᠎ᠠ ᠶᠢᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠲᠦᠯᠬᠢᠨ ᠠᠬᠢᠭᠤᠯᠤᠨ᠎ᠠ᠃      — ᠨᠡᠬᠡᠬᠡᠯᠳᠡ ᠬᠢᠵᠦ ᠬᠠᠮᠲᠤᠷᠠᠯᠴᠠᠨ ᠰᠢᠨ᠎ᠡ ᠶᠢ ᠡᠭᠦᠳᠬᠦ ᠶᠢ ᠠᠳᠬᠤᠬᠤ ᠶᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶ ᠬᠡᠷᠡᠭᠵᠢᠭᠦᠯᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠰᠤᠷᠭᠠᠭᠤᠯᠢ ︵ᠬᠦᠷᠢᠶᠡᠯᠡᠩ︶  ᠭᠠᠵᠠᠷ ᠣᠷᠣᠨ᠂ ᠰᠤᠷᠭᠠᠭᠤᠯᠢ ︵ᠬᠦᠷᠢᠶᠡᠯᠡᠩ︶ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ ᠦᠢᠯᠡᠰᠵᠢᠭᠦᠯᠬᠦ ᠶᠢ ᠲᠦᠷᠭᠡᠳᠬᠡᠨ᠎ᠡ᠃      ︵ᠭᠤᠷᠪᠠ︶ ᠬᠠᠷᠠᠯᠲᠠ ᠡᠭᠦᠷᠭᠡ      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠤᠨ᠎ᠠ᠃ 2023 ᠣᠨ ᠪᠣᠯᠬᠤ ᠳᠤ᠂ ᠮᠠᠨ ᠤ ᠬᠤᠳᠠ ᠶᠢ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠭᠰᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠰᠢᠯᠤᠭᠤᠳᠬᠠᠭᠰᠠᠨ᠂ ᠳᠡᠭᠡᠳᠦ ᠮᠡᠷᠭᠡᠵᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠴᠤᠭᠯᠠᠷᠠᠭᠰᠠᠨ᠂ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠲᠡᠭᠦᠯᠳᠡᠷᠵᠢᠭᠰᠡᠨ᠂ ᠰᠢᠨ᠎ᠡ ᠶᠢ ᠡᠭᠦᠳᠬᠦ ᠴᠢᠳᠠᠪᠤᠷᠢᠲᠠᠨ ᠴᠤᠭᠯᠠᠷᠠᠭᠰᠠᠨ᠂ ᠰᠢᠨ᠎ᠡ ᠶᠢ ᠡᠭᠦᠳᠬᠦ ᠠᠭᠤᠷ ᠠᠮᠢᠰᠬᠤᠯ ᠥᠳᠬᠡᠨ ᠵᠤᠵᠠᠭᠠᠨ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠬᠤᠳᠠ ᠪᠣᠯᠭᠠᠨ ᠪᠦᠳᠦᠭᠡᠨ ᠪᠠᠶᠢᠭᠤᠯᠤᠨ᠎ᠠ᠃ ᠪᠥᠬᠦ ᠨᠡᠶᠢᠭᠡᠮ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ︵GDP︶ ᠳᠤ ᠡᠵᠡᠯᠡᠬᠦ ᠬᠤᠪᠢ ᠶᠢᠨ ᠵᠢᠩ ᠢ 2% ᠣᠷᠴᠢᠮ ᠳᠤ ᠬᠦᠷᠦᠭᠦᠯᠵᠦ᠂ ᠲᠦᠮᠡᠨ ᠬᠥᠮᠦᠨ ᠤ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠤᠨ ᠲᠤᠭ᠎ᠠ ᠬᠡᠮᠵᠢᠶ᠎ᠡ ᠶᠢ 10 ᠬᠤᠪᠢ ᠳᠤ ᠬᠦᠷᠦᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠶᠢᠨ ᠨᠣᠷᠮ᠎ᠠ ᠶᠢ 62% ᠣᠷᠴᠢᠮ ᠳᠤ ᠬᠦᠷᠦᠭᠦᠯᠦᠨ᠎ᠡ᠃      1. ︽ᠬᠤᠶᠠᠷ ᠲᠣᠭᠤᠷᠢᠭ ᠬᠤᠶᠠᠷ ᠲᠥᠪ ᠲᠠᠪᠤᠨ ᠰᠠᠭᠤᠷᠢᠨ ᠭᠠᠵᠠᠷ︾ ᠤᠨ ᠰᠢᠨ᠎ᠡ ᠶᠢ ᠡᠭᠦᠳᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃  ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠤᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ︔ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠡᠪᠡᠰᠦᠨ ᠦᠷ᠎ᠡ ᠶᠢᠨ  ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠤᠨ᠎ᠠ︔ ᠮᠠᠯ ᠳᠤ ᠬᠡᠷᠡᠭᠯᠡᠬᠦ ᠸᠠᠺᠼᠢᠨ ᠢ ᠰᠤᠳᠤᠯᠤᠨ ᠨᠡᠭᠡᠭᠡᠬᠦ ᠰᠠᠭᠤᠷᠢᠨ ᠭᠠᠵᠠᠷ᠂ ᠲᠠᠯ᠎ᠠ ᠨᠤᠲᠤᠭ ᠤᠨ ᠬᠡᠷ ᠤᠨ ᠲᠡᠵᠢᠭᠡᠪᠦᠷᠢ ᠶᠢᠨ ᠦᠷ᠎ᠡ ᠡᠳ᠋ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠬᠡᠷᠡᠯ ᠴᠡᠨᠡᠭ ᠤᠨ ᠮᠠᠲ᠋ᠧᠷᠢᠶᠠᠯ ᠤᠨ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠠᠮᠢᠳᠤ ᠪᠣᠳᠠᠰ ᠤᠨ ᠢᠰᠬᠡᠯᠲᠡ ᠶᠢᠨ ᠤᠨᠴᠠᠯᠢᠭᠳᠤ ᠠᠵᠤ ᠦᠢᠯᠡᠰ ᠤᠨ ᠰᠠᠭᠤᠷᠢᠨ ᠭᠠᠵᠠᠷ ᠪᠠ ᠤᠮᠠᠷᠠᠲᠤ ᠬᠢᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠠᠮᠲᠤᠷᠠᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃      2.30 ᠵᠦᠢᠯ ᠤᠨ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠳᠤ ᠰᠢᠪᠲᠤᠯᠤᠯᠲᠠ ᠭᠠᠷᠭᠠᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠪᠠ ᠲᠤᠯᠭᠠᠭᠤᠷᠢ ᠳᠠᠪᠠᠭᠤᠯᠢᠭ ᠠᠵᠤ ᠦᠢᠯᠡᠰ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯᠡᠰ ᠢᠶᠠᠷ ᠭᠠᠷᠳᠠᠴᠠ ᠪᠣᠯᠭᠠᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠬᠦᠴᠦᠨ ᠢᠶᠠᠨ ᠲᠥᠪᠯᠡᠷᠡᠭᠦᠯᠦᠨ ᠥᠷᠨᠢᠭᠦᠯᠦᠨ᠎ᠡ᠃ 2023 ᠣᠨ ᠪᠣᠯᠬᠤ ᠳᠤ᠂ 30  ᠵᠦᠢᠯ ᠤᠨ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠲᠠᠢ ᠪᠣᠯᠭᠠᠨ᠎ᠠ᠃      3.30 ᠵᠦᠢᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ᠎ᠠ᠃ ᠠᠵᠤ ᠠᠬᠤᠶᠢᠯᠠᠯ ᠬᠢᠭᠡᠳ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠤᠨ ᠦᠢᠯᠡᠳᠪᠦᠷᠢᠯᠡᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠣᠳᠤᠯᠭᠠᠨ ᠤ ᠬᠤᠷᠰᠢᠯᠴᠠᠭ᠎ᠠ ᠪᠠᠨ ᠭᠦᠨᠵᠡᠭᠡᠶᠢᠷᠡᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ ᠦᠢᠯᠡᠰᠵᠢᠭᠦᠯᠦᠨ ᠬᠡᠷᠡᠭᠯᠡᠬᠦ ᠶᠢ ᠠᠬᠢᠭᠤᠯᠤᠨ᠎ᠠ᠃ 2023 ᠣᠨ ᠪᠣᠯᠬᠤ ᠳᠤ᠂ 30 ᠵᠦᠢᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ᠂ 10 ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠢᠵᠢ ᠪᠥᠷᠢᠳᠦᠭᠦᠯᠦᠨ ᠡᠭᠦᠳᠦᠨ ᠪᠠᠶᠢᠭᠤᠯᠵᠤ᠂ ᠮᠡᠷᠭᠡᠵᠢᠯ ᠤᠨ ᠭᠡᠷ᠎ᠡ ᠶᠢᠨ ᠮᠠᠭᠠᠳᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ ᠲᠤᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠶᠢ 5% ᠳᠤ ᠬᠦᠷᠦᠭᠦᠯᠦᠨ᠎ᠡ᠃      4.20 ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ 2023 ᠣᠨ ᠪᠣᠯᠬᠤ ᠳᠤ᠂ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠣᠳᠣᠨ ᠰᠢᠨ᠎ᠡ ᠶᠢ ᠡᠭᠦᠳᠬᠦ ᠣᠷᠣᠨ ᠵᠠᠶ ᠵᠡᠷᠭᠡ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠰᠢᠨ᠎ᠡ ᠪᠠᠷ 20 ᠶᠢ ᠨᠡᠮᠡᠭᠳᠡᠭᠦᠯᠦᠨ᠎ᠡ᠃      5.ᠣᠨ ᠤ ᠮᠠᠭᠠᠳᠯᠠᠨ ᠲᠣᠭᠲᠠᠭᠠᠬᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 50 ᠠᠴᠠ ᠳᠡᠭᠡᠭᠰᠢ ᠪᠠᠶᠢᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠭᠤᠣᠯᠯᠠᠬᠤ ᠥᠷᠢᠰᠥᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠤᠨ᠎ᠠ ᠃ 2023 ᠣᠨ ᠪᠣᠯᠬᠤ ᠳᠤ᠂ ᠪᠥᠬᠦ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 380 ᠪᠣᠯᠭᠠᠨ᠎ᠠ᠃      6.ᠳᠡᠭᠡᠳᠦ ᠲᠠᠰ ᠳᠠᠪᠬᠤᠷᠭ᠎ᠠ ᠶᠢᠨ 100 ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠦᠨ᠎ᠡ᠃ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠳᠡᠮᠵᠢᠵᠦ᠂ ᠲᠣᠰ ᠭᠠᠵᠠᠷ ᠣᠷᠣᠨ ᠤ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠦᠷᠭᠡᠳᠬᠡᠨ ᠬᠥᠮᠦᠵᠢᠭᠦᠯᠵᠦ᠂ ᠦᠢᠯᠡᠳᠪᠦᠷᠢᠯᠡᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠥᠨᠳᠥᠷ ᠬᠢᠷᠢ ᠲᠦᠪᠰᠢᠨ ᠪᠥᠬᠦᠶ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠬᠤ᠂ ᠬᠥᠮᠦᠵᠢᠭᠦᠯᠬᠦ ᠪᠠ ᠲᠥᠪᠯᠡᠷᠡᠭᠦᠯᠦᠨ᠎ᠡ᠃ 2023 ᠣᠨ ᠪᠣᠯᠬᠤ ᠳᠤ᠂ ᠳᠡᠭᠡᠳᠦ ᠲᠠᠰ ᠳᠠᠪᠬᠤᠷᠭ᠎ᠠ ᠶᠢᠨ 100 ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ ᠭᠤᠤᠯᠯᠠᠬᠤ ᠠᠵᠤ ᠦᠢᠯᠡᠰ ᠤᠨ ᠲᠣᠭᠤᠷᠢᠨ ᠳᠤ ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ 10 ᠪᠦᠯᠬᠦᠮ ᠨᠡᠶᠢᠲᠡ ᠶᠢ ᠵᠣᠬᠢᠶᠠᠨ ᠪᠠᠶᠢᠭᠤᠯᠤᠨ᠎ᠠ᠃      ᠬᠤᠶᠠᠷ᠂ ᠭᠤᠣᠯᠳᠠᠯᠭ᠎ᠠ ᠲᠠᠢ ᠡᠭᠦᠷᠭᠡ      ︵ᠨᠢᠭᠡ︶ ︽ᠬᠤᠶᠠᠷ ᠲᠣᠭᠤᠷᠢᠭ ᠬᠤᠶᠠᠷ ᠲᠥᠪ ᠲᠠᠪᠤᠨ ᠰᠠᠭᠤᠷᠢᠨ ᠭᠠᠵᠠᠷ︾ ᠤᠨ ᠰᠢᠨ᠎ᠡ ᠶᠢ ᠡᠭᠦᠳᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ      1. ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠣᠷᠣᠨ ᠪᠦᠰᠡ ᠶᠢᠨ ᠥᠨᠳᠥᠷ ᠬᠢᠷᠢ ᠲᠦᠪᠰᠢᠨ ᠪᠦᠬᠦᠢ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠬᠤ ᠶᠢ ᠳᠡᠮᠵᠢᠵᠦ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠢᠯᠡᠰ ᠲᠤ ᠲᠥᠪᠯᠡᠷᠡᠭᠦᠯᠵᠦ᠂ ᠳᠡᠯᠡᠬᠡᠶ ᠳᠡᠭᠡᠷ᠎ᠡ ᠥᠷᠢᠰᠥᠯᠳᠦᠬᠦ ᠬᠦᠴᠦᠨ ᠪᠦᠬᠦᠢ ᠠᠵᠤ ᠦᠢᠯᠡᠰ ᠤᠨ ᠪᠥᠭᠡᠮᠨᠡᠷᠡᠯ ᠢ ᠲᠦᠷᠭᠡᠪᠴᠢᠯᠡᠨ ᠪᠤᠢ ᠪᠣᠯᠭᠠᠨ᠎ᠠ᠃ ᠶᠢᠨ ᠱᠠᠨ ᠤ ᠴᠤᠬᠤᠯᠠᠪᠤᠷᠢᠯᠠᠭᠰᠠᠨ ᠣᠷᠣᠨ ᠪᠦᠰᠡ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ︔ ᠶᠢᠨ ᠴᠢᠶᠣᠣ ᠶᠢᠨ ᠡᠮᠦᠨ᠎ᠡ ᠲᠣᠭᠤᠷᠢᠭ ᠲᠤ ᠰᠢᠨ᠎ᠡ ᠮᠠᠲ᠋ᠧᠷᠢᠶᠠᠯ ᠤᠨ ᠠᠵᠤ  ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠨ ᠴᠢᠩᠭᠠᠷᠠᠭᠤᠯᠵᠤ᠂ ᠴᠢᠯᠠᠭᠤᠨ ᠲᠣᠰᠣ ᠬᠢᠮᠢ ᠶᠢᠨ ᠠᠵᠤ  ᠦᠢᠯᠡᠳᠪᠦᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ᠎ᠡ︔ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠳᠡᠭᠡᠳᠦ ᠮᠡᠷᠭᠡᠵᠢᠯ ᠤᠨ ᠦᠢᠯᠡᠳᠬᠦ ᠂ ᠠᠮᠢᠳᠤ ᠪᠣᠳᠠᠰ ᠤᠨ ᠠᠨᠠᠭᠠᠬᠤ ᠤᠬᠠᠭᠠᠨ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠎ᠡ᠃ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠡᠭᠦᠳᠦᠨ ᠪᠠᠶᠢᠭᠤᠯᠤᠨ᠎ᠠ᠃ ︵ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      2.ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠮᠢᠶ᠎ᠠ ᠪᠥᠬᠦᠶ ᠮᠡᠷᠭᠡᠵᠢᠯ ᠢ ᠰᠤᠳᠤᠯᠤᠨ ᠨᠡᠭᠡᠭᠡᠬᠦ ᠶᠢ ᠥᠷᠨᠢᠭᠦᠯᠵᠦ᠂ IDC ︵ᠢᠨᠲ᠋ᠧᠷ ᠰᠦᠯᠵᠢᠶᠡᠨ ᠤ ᠳ᠋ᠠᠶᠢᠲ᠋ᠠ ᠶᠢᠨ ᠲᠥᠪ︶ ᠶᠢᠨ ᠠᠵᠤ  ᠦᠢᠯᠡᠰ ᠤᠨ ᠡᠭᠦᠯᠡᠨ ᠳ᠋ᠠᠶᠢᠲ᠋ᠠ ᠶᠢᠨ ᠲᠥᠪ ᠠᠴᠠ ᠳᠡᠭᠡᠳᠦ ᠨᠢᠭᠲᠠᠴᠠᠲᠤ ᠪᠤᠳᠤᠬᠤ᠂ ᠳᠡᠭᠡᠳᠦ ᠴᠢᠳᠠᠪᠬᠢᠳᠤ ᠪᠤᠳᠤᠬᠤ ᠠᠵᠤ ᠦᠢᠯᠡᠰ ᠳᠠᠰᠢ ᠬᠥᠭᠵᠢᠬᠦ ᠶᠢ ᠠᠬᠢᠭᠤᠯᠵᠤ᠂ ᠬᠤᠷᠢᠨᠭᠡᠷ ᠤᠨ ᠬᠡᠲᠦ ᠺᠣᠮᠫᠢᠦ᠋ᠲ᠋ᠧᠷ ᠤᠨ ᠲᠠᠪᠴᠠᠩ ᠪᠠ ᠥᠪᠥᠷ ᠮᠣᠩᠭᠤᠯ ᠤᠨ ᠳᠡᠭᠡᠳᠦ ᠴᠢᠳᠠᠪᠬᠢᠳᠤ ᠪᠤᠳᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠵᠤ᠂ ᠤᠯᠤᠰ ᠤᠨ ᠴᠢᠬᠤᠯᠠ ᠳᠡᠭᠡᠳᠦ ᠴᠢᠳᠠᠪᠬᠢᠳᠤ ᠬᠡᠲᠦ ᠺᠣᠮᠫᠢᠦ᠋ᠲ᠋ᠧᠷ ᠤᠨ ᠰᠠᠭᠤᠷᠢᠨ ᠭᠠᠵᠠᠷ ᠪᠠ ᠤᠯᠤᠰ ᠤᠨ ᠲᠣᠮᠣ ᠳ᠋ᠠᠶᠢᠲ᠋ᠠ ᠶᠢᠨ ᠲᠥᠪ ᠤᠨ ᠤᠮᠠᠷᠠᠲᠤ ᠶᠢᠨ ᠰᠠᠭᠤᠷᠢᠨ ᠭᠠᠵᠠᠷ ᠢ ᠪᠠᠶᠢᠭᠤᠯᠤᠨ᠎ᠠ︔ ᠤᠯᠠᠮᠵᠢᠯᠠᠯᠲᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠳᠡᠭᠡᠳᠦ ᠮᠡᠷᠭᠡᠵᠢᠯ᠂ ᠥᠨᠳᠥᠷ ᠨᠡᠮᠡᠯᠲᠡ ᠥᠷᠲᠡᠭ ᠳᠠᠰᠢ ᠬᠥᠭᠵᠢᠬᠦ ᠶᠢ ᠳᠥᠯᠭᠢᠨ ᠠᠬᠢᠭᠤᠯᠵᠤ᠂ ᠭᠤᠤᠯ ᠡᠰ ᠤᠨ ᠮᠣᠯᠧᠺᠦ᠋ᠯ ᠤᠨ ᠣᠨᠣᠰᠢᠯᠠᠯᠲᠠ ᠵᠡᠷᠭᠡ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠤᠯ ᠡᠰ ᠤᠨ ᠬᠡᠪᠴᠢᠶᠡᠵᠢᠭᠦᠯᠦᠨ ᠦᠢᠯᠡᠳᠬᠦ᠂ ᠰᠢᠨ᠎ᠡ ᠡᠮ ᠢ ᠰᠤᠳᠤᠯᠤᠨ ᠨᠡᠭᠡᠭᠡᠬᠦ ᠵᠢᠴᠢ ᠡᠮᠴᠢᠯᠡᠭᠡᠨ ᠳᠤ ᠬᠡᠷᠡᠭᠯᠡᠬᠦ᠂ ᠲᠦᠷᠭᠡᠨ ᠣᠨᠣᠰᠢᠯᠠᠬᠤ᠂ ᠨᠠᠷᠢᠯᠢᠭ ᠣᠨᠣᠴᠠᠲᠠᠶ ᠪᠠᠷ ᠪᠠᠶᠢᠴᠠᠭᠠᠨ ᠰᠢᠯᠭᠠᠬᠤ ᠵᠡᠷᠭᠡ ᠲᠥᠷᠥᠯ ᠵᠦᠢᠯ ᠢ ᠰᠤᠳᠤᠯᠤᠨ ᠨᠡᠭᠡᠭᠡᠬᠦ ᠪᠠ ᠬᠤᠪᠢᠷᠠᠭᠤᠯᠬᠤ ᠶᠢ ᠳᠡᠮᠵᠢᠨ᠎ᠡ︔ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠢ ᠤᠳᠤ ᠦᠶ᠎ᠡ ᠶᠢᠨ ᠮᠥᠩᠭᠦᠨ ᠭᠦᠢᠯᠭᠡᠭᠡ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ᠂ ᠡᠷᠡᠭᠦᠯ ᠮᠡᠨᠳᠤ ᠨᠠᠰᠤᠵᠢᠯ ᠤᠨ ᠠᠰᠠᠷᠠᠮᠵᠢ ᠵᠡᠷᠭᠡ ᠠᠵᠤ ᠦᠢᠯᠡᠰ ᠲᠠᠢ ᠤᠶᠠᠯᠳᠤᠭᠤᠯᠬᠤ ᠶᠢ ᠲᠦᠯᠬᠢᠨ ᠠᠬᠢᠭᠤᠯᠵᠤ᠂ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ︶      3.ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠤᠨ᠎ᠠ᠃ ᠰᠦ ᠶᠢᠨ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠲᠥᠪ ᠭᠤᠷᠪᠠᠨ ᠲᠠᠪᠴᠠᠩ︾ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠎ᠠ ︵ᠲᠠᠪᠤᠨ ᠲᠥᠪ᠄ ᠴᠢᠨᠠᠷ ᠰᠠᠶᠢᠲᠠᠶ ᠲᠡᠵᠢᠭᠡᠯ ᠡᠪᠡᠰᠦ ᠬᠢᠭᠡᠳ ᠲᠡᠵᠢᠭᠡᠨ ᠦᠷᠡᠵᠢᠭᠦᠯᠬᠦ ᠮᠡᠷᠭᠡᠵᠢᠯ ᠤᠨ ᠰᠤᠳᠤᠯᠭᠠᠨ ᠤ ᠲᠥᠪ᠂ ᠰᠠᠭᠠᠯᠢ ᠶᠢᠨ ᠦᠨᠢᠶ᠎ᠡ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠤᠨ ᠰᠤᠳᠤᠯᠭᠠᠨ ᠤ ᠲᠥᠪ᠂ ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ ᠶᠢᠨ ᠰᠤᠳᠤᠯᠭᠠᠨ ᠤ ᠲᠥᠪ᠂ ᠴᠠᠭᠠᠨ ᠢᠳᠡᠭᠡᠨ ᠤ ᠭᠠᠷ ᠤᠷᠠᠯᠠᠯ ᠤᠨ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ ᠶᠢᠨ ᠰᠤᠳᠤᠯᠭᠠᠨ ᠤ ᠲᠥᠪ ᠪᠣᠯᠤᠨ ᠴᠠᠭᠠᠨ ᠢᠳᠡᠭᠡᠨ ᠤ ᠠᠮᠤᠷ ᠲᠦᠪᠰᠢᠨ ᠬᠢᠭᠡᠳ ᠶᠠᠰᠤ ᠴᠢᠨᠠᠷ ᠤᠨ ᠰᠤᠳᠤᠯᠭᠠᠨ ᠤ ᠲᠥᠪ᠂ ᠭᠤᠷᠪᠠᠨ ᠲᠠᠪᠴᠠᠩ᠄ ᠰᠦ ᠶᠢᠨ  ᠦᠢᠯᠡᠰ ᠤᠨ ᠪᠠᠷᠢᠮᠵᠢᠶᠠᠵᠢᠭᠤᠯᠤᠭᠰᠠᠨ ᠦᠢᠯᠡᠴᠢᠯᠡᠭᠡᠨ ᠤ ᠲᠠᠪᠴᠠᠩ᠂ ᠰᠦ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠲᠠᠪᠴᠠᠩ ᠪᠠ ᠰᠦ ᠶᠢᠨ ᠦᠢᠯᠡᠰ ᠤᠨ ᠲᠤᠰᠬᠠᠶ ᠮᠡᠷᠭᠡᠵᠢᠯ ᠤᠨ ᠨᠡᠪᠴᠢᠭᠦᠯᠬᠦ ᠲᠠᠪᠴᠠᠩ ᠢ ᠪᠠᠶᠢᠭᠤᠯᠤᠨ᠎ᠠ︶᠂ ᠭᠤᠷᠪᠠᠨ ᠠᠵᠤ ᠦᠢᠯᠡᠰ ᠠᠭᠤᠰᠤᠯᠴᠠᠭᠰᠠᠨ᠂ ᠭᠤᠷᠪᠠᠨ ᠬᠡᠯᠬᠢᠶ᠎ᠡ ᠠᠳᠠᠯᠢ ᠪᠦᠲᠦᠴᠡ ᠪᠥᠬᠦᠶ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠡᠷᠭᠢᠯᠲᠡ ᠲᠠᠢ ᠳᠤᠮᠳᠠᠳᠤ ᠤᠯᠤᠰ ᠤᠨ ᠰᠦ ᠶᠢᠨ ᠦᠢᠯᠡᠰ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠡᠬᠢ ᠡᠭᠦᠰᠦᠯ ᠤᠨ ᠰᠢᠨ᠎ᠡ ᠶᠢ ᠡᠭᠦᠳᠬᠦ ᠲᠥᠪ ᠪᠠ ᠳᠤᠮᠳᠠᠳᠤ ᠤᠯᠤᠰ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠤᠨ᠎ᠠ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠦᠮᠡᠳ ᠵᠡᠭᠦᠨ ᠬᠤᠰᠢᠭᠤ ᠂ ᠬᠤᠷᠢᠨᠭᠡᠷ ᠰᠢᠶᠠᠨ︶       4.ᠡᠪᠡᠰᠦᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠣᠷᠣᠨ ᠪᠦᠰᠡ ᠶᠢᠨ ᠤᠨᠴᠠᠯᠢᠭᠳᠤ ᠣᠲᠣ ᠦᠶ᠎ᠡ ᠶᠢᠨ ᠡᠪᠡᠰᠦᠨ ᠦᠷ᠎ᠡ ᠶᠢᠨ ᠦᠢᠯᠡᠰ ᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠬᠤᠷᠢᠶᠠᠨ ᠴᠤᠭᠯᠠᠭᠤᠯᠵᠤ ᠬᠢᠨᠠᠨ ᠲᠣᠭᠲᠠᠭᠠᠵᠤ ᠬᠠᠳᠠᠭᠠᠯᠠᠨ ᠦᠨᠡᠯᠡᠬᠦ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠨᠣᠮᠣᠬᠠᠳᠬᠠᠬᠤ ᠪᠠ ᠰᠢᠯᠢᠳᠡᠭ ᠲᠡᠵᠢᠭᠡᠯ ᠡᠪᠡᠰᠦᠨ ᠤ ᠰᠢᠨ᠎ᠡ ᠡᠭᠦᠯᠳᠡᠷ ᠢ ᠪᠤᠶᠢᠵᠢᠭᠤᠯᠬᠤ᠂ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ ᠵᠢᠴᠢ ᠨᠤᠲᠤᠭ ᠤᠨ ᠡᠪᠡᠰᠦᠨ ᠦᠷ᠎ᠡ ᠶᠢ ᠳᠡᠯᠭᠡᠷᠡᠭᠦᠯᠦᠨ ᠬᠡᠷᠡᠭᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠤᠯᠳᠠᠯᠭ᠎ᠠ ᠪᠣᠯᠭᠠᠵᠤ᠂ ᠦᠷ᠎ᠡ ᠡᠳ᠋ ᠤᠨ ᠡᠬᠢ ᠪᠠᠶᠠᠯᠢᠭ ᠤᠨ ᠰᠢᠨ᠎ᠡ ᠶᠢ ᠡᠭᠦᠳᠬᠦ᠂ ᠡᠪᠡᠰᠦᠨ ᠦᠷ᠎ᠡ ᠶᠢᠨ ᠡᠯᠪᠡᠭ ᠬᠤᠷᠢᠶᠠᠯᠲᠠ ᠲᠠᠢ ᠳᠠᠷᠢᠵᠤ ᠪᠤᠶᠢᠵᠢᠭᠤᠯᠬᠤ᠂ ᠦᠷ᠎ᠡ ᠡᠳ᠋ᠰᠢᠭᠦᠯᠬᠦ ᠪᠠ ᠶᠠᠰᠤ ᠴᠢᠨᠠᠷ ᠢ ᠡᠵᠡᠮᠳᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠳᠤ ᠰᠢᠪᠲᠤᠯᠤᠯᠲᠠ ᠬᠢᠨ᠎ᠠ︔ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠦᠰᠢᠭ ᠪᠣᠯᠭᠠᠭᠰᠠᠨ᠂ ᠰᠢᠨᠵᠢᠯᠡᠬᠦ ᠤᠬᠠᠭᠠᠨ ᠤ ᠰᠣᠳᠤᠯᠭᠠᠨ ᠰᠤᠷᠭᠠᠭᠤᠯᠢ ᠠᠵᠤ ᠦᠢᠯᠡᠰ ᠬᠡᠷᠡᠭᠯᠡᠯᠲᠡ ᠶᠢ ᠠᠭᠤᠰᠤᠯᠴᠠᠭᠤᠯᠤᠭᠰᠠᠨ ᠂ ᠪᠤᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠭᠰᠠᠨ ᠡᠪᠡᠰᠦᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠡᠪᠡᠰᠦᠨ ᠤ ᠦᠢᠯᠡᠰ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠪᠠ ᠤᠯᠤᠰ ᠤᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠲᠣᠮᠣ ᠳ᠋ᠠᠶᠢᠲ᠋ᠠ ᠶᠢ ᠬᠠᠮᠲᠤᠪᠠᠷ ᠭᠥᠷᠳᠡᠬᠦ ᠲᠠᠪᠴᠠᠩ ᠢ ᠪᠠᠶᠢᠭᠤᠯᠵᠤ᠂ ᠤᠨᠴᠠᠯᠢᠬᠳᠤ ᠡᠪᠡᠰᠦᠨ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠬᠤᠪᠢᠷᠠᠭᠤᠯᠬᠤ᠂ ᠦᠷᠭᠦᠯᠵᠢᠯᠡᠨ ᠬᠥᠭᠵᠢᠭᠦᠯᠬᠦ ᠴᠢᠳᠠᠪᠤᠷᠢ ᠪᠠ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ ᠡᠪᠡᠰᠦᠨ ᠦᠷ᠎ᠡ ᠶᠢᠨ ᠠᠵᠤ ᠦᠢᠯᠡᠰ ᠢ ᠪᠣᠶ ᠪᠣᠯᠭᠠᠨ᠎ᠠ᠃ ︵ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠰᠢᠨ᠎ᠡ ᠬᠤᠳᠠ ᠲᠣᠭᠤᠷᠢᠭ᠂ ᠬᠤᠷᠢᠨᠭᠡᠷ ᠰᠢᠶᠠᠨ︶       5.ᠮᠠᠯ ᠳᠤ ᠬᠡᠷᠡᠭᠯᠡᠬᠦ ᠸᠠᠺᠼᠢᠨ ᠢ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠡᠯ᠎ᠡ ᠲᠥᠷᠥᠯ ᠤᠨ ᠸᠠᠺᠼᠢᠨ ᠤ ᠰᠤᠳᠤᠯᠭᠠᠨ ᠤ ᠲᠠᠪᠴᠠᠩ ᠢ ᠴᠤᠭᠯᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠰᠤᠷᠭᠠᠭᠤᠯᠢ ᠠᠵᠤ ᠦᠢᠯᠡᠰ ᠤᠨ ᠬᠤᠯᠪᠣᠭᠠᠯᠠᠬᠤ ᠶᠢ ᠴᠢᠩᠭᠠᠳᠬᠠᠵᠤ᠂ ᠰᠢᠨ᠎ᠡ ᠶᠢ ᠡᠭᠦᠳᠬᠦ ᠨᠡᠶᠢᠯᠡᠮᠡᠯ ᠬᠦᠴᠦᠨ ᠢ ᠪᠣᠶ ᠪᠣᠯᠭᠠᠵᠤ᠂ ᠣᠯᠠᠨ ᠬᠤᠯᠪᠣᠭᠠᠲᠤ ᠣᠯᠠᠨ ᠦᠨᠡᠲᠦ ᠸᠠᠺᠼᠢᠨ᠂ ᠭᠧᠨ ᠤ ᠢᠨᠵᠧᠨᠧᠷᠢᠩ ᠤᠨ ᠳᠡᠳ᠋ ᠨᠢᠭᠡᠴᠢ ᠶᠢᠨ ᠸᠠᠺᠼᠢᠨ᠂ ᠢᠯᠭᠠᠨ ᠳᠣᠲᠣᠯᠠᠬᠤ ᠸᠠᠺᠼᠢᠨ ᠵᠢᠴᠢ ᠪᠥᠭᠡᠮ ᠬᠦᠴᠢᠯ ᠤᠨ ᠸᠠᠺᠼᠢᠨ ᠵᠡᠷᠭᠡ ᠳᠡᠭᠡᠳᠦ ᠲᠠᠰ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠠᠯᠳᠠᠪᠤᠷᠢᠲᠤ ᠡᠪᠡᠳᠴᠢᠨ ᠤ ᠸᠠᠺᠼᠢᠨ ᠬᠢᠭᠡᠳ ᠣᠨᠣᠰᠢᠯᠠᠬᠤ ᠤᠷᠪᠠᠯᠵᠢ ᠶᠢᠨ ᠢᠨᠵᠧᠨᠧᠷᠢᠩ ᠤᠨ ᠮᠡᠷᠭᠡᠵᠢᠯ ᠤᠨ ᠠᠵᠤ ᠠᠬᠤᠶᠢᠯᠠᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠭᠠᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ︵ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠠᠵᠤ ᠠᠬᠤᠶ ᠲᠧᠭᠨᠢᠭ ᠮᠡᠷᠭᠡᠵᠢᠯ ᠤᠨ ᠨᠡᠭᠡᠭᠡᠨ ᠬᠥᠭᠵᠢᠭᠦᠯᠬᠦ ᠣᠷᠣᠨ︶       6.ᠲᠠᠯ᠎ᠠ ᠨᠤᠲᠤᠭ ᠤᠨ ᠬᠡᠷ ᠤᠨ ᠲᠡᠵᠢᠭᠡᠪᠦᠷᠢ ᠶᠢᠨ ᠦᠷ᠎ᠡ ᠡᠳ᠋ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠮᠠᠨ ᠤ ᠬᠤᠲᠠ ᠶᠢᠨ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠤᠨ ᠦᠢᠯᠡᠰ ᠤᠨ ᠬᠦᠴᠢᠷ ᠠᠰᠠᠭᠤᠳᠠᠯ ᠳᠤ ᠬᠠᠨᠳᠤᠭᠤᠯᠵᠤ᠂ ᠠᠯᠠᠰᠢᠨ ᠦᠬᠡᠷ᠂ ᠰᠠᠭᠠᠯᠢ ᠶᠢᠨ ᠦᠨᠢᠶ᠎ᠡ᠂ ᠰᠠᠭᠠᠯᠢ ᠶᠢᠨ ᠬᠤᠨᠢ᠂ ᠨᠣᠣᠯᠣᠭᠤᠷ ᠤᠨ ᠢᠮᠠᠭ᠎ᠠ᠂ ᠠᠯᠠᠰᠢᠨ ᠬᠤᠨᠢ ᠵᠡᠷᠭᠡ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠲᠣᠭᠤᠷᠢᠨ ᠳᠤ ᠭᠤᠣᠯᠯᠠᠭᠴᠢ ᠡᠭᠦᠯᠳᠡᠷ ᠤᠨ ᠢᠷᠡᠯᠲᠡ ᠶᠢᠨ ᠬᠠᠩᠭᠠᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ᠂ ᠪᠡᠶ᠎ᠡ ᠪᠠᠨ ᠳᠠᠭᠠᠭᠠᠭᠰᠠᠨ ᠡᠭᠦᠯᠳᠡᠷ ᠢ ᠪᠤᠶᠢᠵᠢᠭᠤᠯᠬᠤ ᠪᠠᠷ ᠬᠠᠷᠠᠯᠲᠠ ᠪᠣᠯᠭᠠᠵᠤ᠂ ᠦᠷ᠎ᠡ ᠡᠳ᠋ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠪᠤᠶᠢᠵᠢᠭᠤᠯᠬᠤ ᠰᠠᠭᠤᠷᠢ ᠴᠢᠨᠠᠷᠲᠠᠶ ᠰᠤᠳᠤᠯᠭᠠᠨ ᠢ ᠴᠢᠩᠭᠠᠳᠬᠠᠵᠤ᠂ ᠴᠢᠨᠠᠷ ᠰᠠᠶᠢᠲᠠᠶ ᠦᠬᠡᠷ ᠬᠤᠨᠢᠨ ᠤ ᠡᠭᠦᠯᠳᠡᠷ ᠤᠨ ᠢᠷᠡᠯᠲᠡ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠯ ᠠᠵᠤ ᠠᠬᠤᠶ ᠶᠢᠨ ᠴᠢᠨᠠᠷ ᠰᠠᠶᠢᠲᠠᠶ ᠦᠬᠡᠷ ᠬᠤᠨᠢᠨ ᠤ ᠡᠭᠦᠯᠳᠡᠷ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠤᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠲᠠᠯ᠎ᠠ ᠨᠤᠲᠤᠭ ᠤᠨ ᠬᠡᠷ ᠤᠨ ᠲᠡᠵᠢᠭᠡᠪᠦᠷᠢ ᠶᠢᠨ ᠡᠭᠦᠯᠳᠡᠷ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠤᠶᠢᠵᠢᠭᠤᠯᠬᠤ ᠬᠦᠷᠢᠶ᠎ᠡ ᠴᠠᠷᠠᠭ᠎ᠠ ᠶᠢᠨ ᠣᠨᠣᠯ ᠤᠨ ᠰᠢᠪᠲᠤᠯᠤᠯᠲᠠ ᠪᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠲᠠᠯ᠎ᠠ ᠨᠤᠲᠤᠭ ᠤᠨ ᠬᠡᠷ ᠤᠨ ᠲᠡᠵᠢᠭᠡᠪᠦᠷᠢ ᠶᠢᠨ ᠡᠭᠦᠯᠳᠡᠷ ᠤᠨ ᠡᠬᠢ ᠪᠠᠶᠠᠯᠢᠭ ᠤᠨ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠮᠤᠵᠢ ᠶᠠᠮᠤᠨ ᠤ ᠬᠠᠮᠲᠤᠷᠠᠨ ᠪᠠᠶᠢᠭᠤᠯᠤᠭᠰᠠᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠠᠯ᠎ᠠ ᠨᠤᠲᠤᠭ ᠤᠨ ᠬᠡᠷ ᠤᠨ ᠲᠡᠵᠢᠭᠡᠪᠦᠷᠢ ᠶᠢᠨ ᠦᠷᠡᠵᠢᠯ ᠤᠨ ᠲᠣᠬᠢᠷᠠᠭᠤᠯᠤᠯ ᠡᠵᠡᠮᠳᠡᠯ ᠪᠠ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠤᠯᠤᠰ ᠤᠨ ᠲᠤᠷᠰᠢᠯᠲᠠ ᠶᠢᠨ ᠲᠠᠰᠤᠭ ᠪᠣᠯᠭᠠᠨ ᠲᠠᠰ ᠳᠡᠪᠰᠢᠭᠦᠯᠬᠦ ᠶᠢ ᠠᠬᠢᠭᠤᠯᠤᠨ᠎ᠠ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ︶       7.ᠬᠡᠷᠡᠯ ᠴᠡᠨᠡᠭ ᠤᠨ ᠮᠠᠲ᠋ᠧᠷᠢᠶᠠᠯ ᠤᠨ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠭᠡᠷᠡᠯ ᠴᠡᠨᠡᠭ ᠤᠨ ᠲᠣᠯᠣᠭᠠᠶᠢᠯᠠᠭᠴᠢ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠲᠠᠯᠠᠰᠲᠤ ᠴᠠᠬᠢᠭᠤᠷ᠂ ᠨᠡᠷᠡᠨ ᠡᠨᠧᠷᠭᠢ ᠶᠢᠨ ᠳ᠋ᠢᠶᠠᠨ ᡂᠢ ᠦᠢᠯᠡᠳᠬᠦ᠂ ᠤᠭᠰᠠᠷᠠᠭ᠎ᠠ ᠲᠣᠨᠤᠭ ᠢ ᠪᠢᠲᠡᠭᠦᠮᠵᠢᠯᠡᠨ ᠤᠭᠰᠠᠷᠠᠬᠤ᠂ ᠭᠡᠷᠡᠯ ᠴᠡᠨᠡᠭ ᠤᠨ ᠴᠠᠬᠢᠯᠭᠠᠨ ᠥᠷᠲᠡᠭᠡ ᠵᠡᠷᠭᠡ ᠪᠦᠬᠦ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠶᠢ ᠳᠡᠮᠵᠢᠵᠦ᠂ ᠭᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠡᠷᠡᠯ ᠴᠡᠨᠡᠭ ᠤᠨ ᠮᠠᠲ᠋ᠧᠷᠢᠶᠠᠯ ᠤᠨ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠠᠯᠬᠤᠮ ᠠᠯᠬᠤᠮ ᠢᠶᠠᠷ  ᠦᠢᠯᠡᠳᠬᠦᠨ ᠤ ᠶᠠᠰᠤ ᠴᠢᠨᠠᠷ ᠪᠠ ᠲᠠᠩ ᠴᠣᠭᠴᠠ ᠶᠢᠨ ᠬᠡᠪᠴᠢᠶ᠎ᠡ ᠨᠢ ᠳᠡᠯᠡᠬᠡᠶ ᠶᠢᠨ ᠲᠡᠷᠢᠭᠦᠨ ᠤ ᠬᠢᠷᠢ ᠬᠡᠮᠵᠢᠶ᠎ᠡ ᠳᠤ ᠪᠠᠶᠢᠭ᠎ᠠ ᠥᠨᠳᠥᠷ ᠦᠷ᠎ᠡ ᠠᠰᠢᠭᠲᠤ ᠲᠠᠩ ᠲᠠᠯᠠᠰᠲᠤ ᠴᠠᠬᠢᠭᠤᠷ ᠤᠨ ᠮᠠᠲ᠋ᠧᠷᠢᠶᠠᠯ ᠵᠢᠴᠢ ᠨᠡᠭᠦᠷᠡᠰᠦᠲᠥ᠋ᠷᠥᠭᠴᠢᠲᠦ ᠴᠠᠬᠢᠭᠤᠷ᠂ ᠪᠢᠳᠦᠷᠶ᠎ᠡ ᠵᠡᠷᠭᠡ ᠪᠤᠰᠤᠳ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ ᠪᠠ ᠦᠢᠯᠡᠳᠬᠦ ᠲᠥᠪ ᠪᠣᠯᠭᠠᠨ ᠪᠥᠲᠥᠭᠡᠨ ᠪᠠᠶᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠢ ᠬᠡᠷᠡᠯ ᠴᠡᠨᠡᠭ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ᠂ ᠬᠡᠷᠡᠯ ᠴᠡᠨᠡᠭ ᠤᠨ ᠠᠵᠤ ᠦᠢᠯᠡᠰ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ ︵ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶       8.ᠠᠮᠢᠳᠤ ᠪᠣᠳᠠᠰ ᠤᠨ ᠢᠰᠬᠡᠯᠲᠡ ᠶᠢᠨ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠠᠮᠢᠳᠤ ᠪᠣᠳᠠᠰ ᠤᠨ ᠢᠰᠬᠡᠯᠲᠡ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠠᠮᠢᠳᠤ ᠪᠣᠳᠠᠰ ᠤᠨ ᠢᠰᠬᠡᠯᠲᠡ ᠶᠢᠨ ᠪᠠᠺᠲ᠋ᠧᠷᠢ ᠶᠢᠨ ᠦᠷ᠎ᠡ ᠶᠢ ᠥᠭᠡᠷᠡᠴᠢᠯᠡᠨ ᠶᠠᠰᠤ ᠴᠢᠨᠠᠷ ᠢ ᠳᠡᠭᠡᠭᠰᠢᠯᠡᠭᠦᠯᠵᠦ ᠳᠡᠰ ᠳᠡᠪᠰᠢᠭᠦᠯᠬᠦ᠂ ᠢᠰᠬᠡᠯᠲᠡ ᠶᠢᠨ ᠶᠠᠪᠤᠴᠠ ᠶᠢᠨ ᠤᠷ᠎ᠠ ᠮᠡᠷᠭᠡᠰᠢᠯ ᠢ ᠰᠢᠯᠢᠳᠡᠭᠵᠢᠭᠦᠯᠬᠦ᠂ ᠠᠮᠢᠳᠤ ᠪᠣᠳᠠᠰ ᠤᠨ ᠢᠰᠬᠡᠯᠲᠡ ᠶᠢᠨ ᠰᠢᠨ᠎ᠡ ᠮᠡᠷᠭᠡᠵᠢᠯ᠂ ᠲᠦᠭᠦᠬᠡᠶ ᠮᠠᠲ᠋ᠧᠷᠢᠶᠠᠯ ᠤᠨ ᠡᠮ ᠪᠡᠯᠡᠨ ᠡᠮ ᠵᠡᠷᠭᠡ ᠥᠨᠳᠥᠷ ᠨᠡᠮᠡᠯᠲᠡ ᠥᠷᠲᠡᠭᠲᠦ ᠪᠦᠲᠦᠭᠡᠭᠳᠡᠬᠦᠨ ᠪᠣᠯᠭᠠᠨ ᠬᠤᠪᠢᠷᠠᠭᠤᠯᠬᠤ᠂ ᠢᠰᠬᠡᠯᠲᠡ ᠶᠢᠨ ᠬᠠᠶᠠᠭᠳᠠᠮᠠᠯ ᠪᠣᠳᠠᠰ ᠤᠨ ᠦᠨᠳᠦᠷ ᠦᠷᠲᠡᠭᠲᠦ ᠠᠰᠢᠭᠯᠠᠯᠲᠠ ᠵᠡᠷᠭᠡ ᠮᠡᠷᠭᠡᠵᠢᠯ ᠪᠣᠯᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠭᠤᠣᠯᠳᠠᠯᠭ᠎ᠠ ᠲᠠᠢ ᠥᠷᠨᠢᠭᠦᠯᠦᠨ᠎ᠡ᠃ ᠠᠮᠢᠳᠤ ᠪᠣᠳᠠᠰ ᠤᠨ ᠢᠰᠬᠡᠯᠲᠡ ᠶᠢᠨ ᠠᠵᠤ  ᠦᠢᠯᠡᠰ ᠤᠨ ᠬᠡᠯᠬᠢᠶᠡᠵᠢᠯ ᠢ ᠤᠷᠲᠤᠳᠬᠠᠵᠤ ᠬᠡᠯᠬᠢᠶᠡᠵᠢᠯ ᠢ ᠨᠥᠬᠦᠪᠥᠷᠢᠯᠡᠵᠦ ᠬᠡᠯᠬᠢᠶᠡᠵᠢᠯ ᠢ ᠴᠢᠩᠭᠠᠳᠬᠠᠬᠤ ᠶᠢ ᠬᠥᠲᠥᠯᠦᠨ ᠵᠢᠯᠣᠭᠤᠳᠴᠤ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠵᠠᠰᠠᠭ ᠤᠨ ᠣᠷᠳᠣᠨ ᠦᠢᠯᠡᠳᠪᠦᠷᠢᠯᠡᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠯᠲᠡ  ᠶᠢ ᠬᠠᠷᠢᠯᠴᠠᠨ ᠤᠶᠠᠯᠳᠤᠭᠤᠯᠤᠭᠰᠠᠨ ᠠᠮᠢᠳᠤ ᠪᠣᠳᠠᠰ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠦᠷᠢᠨᠰᠢᠬᠦᠯᠵᠦ᠂ ᠠᠮᠢᠳᠤ ᠪᠣᠳᠠᠰ ᠤᠨ ᠢᠰᠬᠡᠯᠲᠡ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ ︵ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶       9.ᠤᠮᠠᠷᠠᠲᠤ ᠬᠢᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠠᠮᠲᠤᠷᠠᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ ᠬᠠᠮᠲᠤ ᠪᠠᠷ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ︽ᠲᠤᠰᠬᠠᠶ ᠮᠡᠷᠭᠡᠵᠢᠯ ᠤᠨ ᠨᠡᠪᠴᠢᠭᠦᠯᠦᠯᠲᠡ + ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ + ᠲᠤᠰᠬᠠᠶ ᠮᠡᠷᠭᠡᠵᠢᠯ ᠤᠨ ᠦᠢᠯᠡᠴᠢᠯᠡᠭᠡ︾ ᠶᠢᠨ ᠰᠢᠰᠲ᠋ᠧᠮᠵᠢ ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠥᠬᠦ ᠬᠡᠯᠬᠢᠶᠡᠰᠦ ᠶᠢᠨ ᠦᠢᠯᠡᠴᠢᠯᠡᠭᠡ ᠶᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠯᠵᠢᠯᠲᠡ ᠶᠢᠨ ᠭᠤᠤᠯ ᠵᠠᠩᠭᠢᠯᠠᠭ᠎ᠠ ᠶᠢᠨ ᠲᠠᠪᠴᠠᠩ ᠢ ᠪᠣᠶ ᠪᠤᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠥᠪ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠡᠷᠦᠬᠡ ᠠᠮᠠ ᠣᠷᠣᠭᠤᠯᠬᠤ ᠪᠠᠷ ᠢᠳᠡᠪᠬᠢᠯᠡᠨ ᠴᠢᠷᠮᠠᠶᠢᠵᠤ᠂ ᠵᠥᠩ ᠭᠤᠸᠠᠨ ᠼᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠦᠯᠬᠦᠮ ᠨᠡᠶᠢᠲᠡ᠂ ᠠᠵᠤ ᠦᠢᠯᠡᠰ ᠤᠨ ᠠᠮᠢ ᠠᠬᠤᠶ ᠶᠢᠨ ᠦᠢᠯᠡᠴᠢᠯᠡᠭᠡᠨ ᠤ ᠰᠢᠰᠲ᠋ᠧᠮᠵᠢ ᠶᠢ ᠣᠷᠣᠭᠤᠯᠤᠨ ᠠᠪᠴᠢᠷᠠᠵᠤ᠂ ᠳᠠᠪᠠᠭᠤᠯᠢᠭ ᠡᠬᠢ ᠪᠠᠶᠠᠯᠢᠭ ᠪᠠ ᠰᠢᠨ᠎ᠡ ᠶᠢ ᠡᠭᠦᠳᠬᠦ ᠬᠦᠴᠦᠨ ᠵᠦᠢᠯ ᠢ ᠬᠤᠷᠠᠮᠳᠤᠭᠤᠯᠤᠨ᠂ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠪᠡᠭᠡᠵᠢᠩ ᠲᠢᠶᠠᠨᠵᠢᠨ ᠾᠧᠪᠸᠢ ᠵᠢᠴᠢ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠡᠳᠡᠨ ᠠᠪᠴᠢᠷᠠᠵᠤ ᠥᠪᠡᠷ ᠤᠨ ᠪᠡᠶ᠎ᠡ ᠳᠡᠭᠡᠨ ᠬᠡᠷᠡᠭᠯᠡᠭᠦᠯᠵᠦ᠂ ︽ᠨᠢᠭᠡ ᠰᠡᠳᠬᠢᠯ ᠣᠯᠠᠨ ᠬᠠᠷᠠᠭᠠᠰᠤ︾ ᠶᠢᠨ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶       ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ       10.ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠷᠢᠰᠢᠭᠤᠯᠤᠯᠲᠠ ᠶᠢ ᠰᠠᠶᠢᠵᠢᠷᠠᠭᠤᠯᠤᠨ᠎ᠠ᠃ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠲᠤ ᠲᠦᠰᠢᠭᠯᠡᠨ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠣᠷᠣᠨ ᠵᠠᠢ ᠶᠢᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠥᠪᠯᠡᠷᠡᠭᠰᠡᠨ ᠳᠠᠪᠠᠭᠤᠯᠢᠭ ᠢ ᠪᠠᠳᠠᠷᠠᠭᠤᠯᠵᠤ᠂ ᠨᠢᠭᠡ ᠪᠦᠯᠦᠭ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠵᠤ᠂ ᠪᠥᠬᠦ ᠣᠷᠣᠨ ᠤ ᠲᠡᠷᠢᠭᠦᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠨ᠎ᠠ᠃ 2023 ᠣᠨ ᠪᠣᠯᠬᠤ ᠳᠤ᠂ ᠮᠠᠨ ᠤ ᠬᠤᠲᠠ ᠳᠤ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ 20 ᠶᠢ ᠰᠢᠨ᠎ᠡ ᠪᠠᠷ ᠨᠡᠮᠡᠭᠳᠡᠭᠦᠯᠵᠦ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠶᠡᠷᠦᠩᠬᠡᠶ ᠬᠡᠮᠵᠢᠶ᠎ᠡ ᠶᠢ 300 ᠶᠢ ᠳᠠᠪᠠᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠦᠰᠡ ᠶᠢ ᠪᠥᠲᠥᠭᠡᠨ ᠪᠠᠶᠢᠭᠤᠯᠤᠨ᠎ᠠ᠃ ︵ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶       11.ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠳᠤ ᠲᠦᠰᠢᠭᠯᠡᠨ᠂ ᠠᠵᠤ ᠠᠬᠤᠶᠢᠯᠠᠯ ᠤᠨ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠵᠣᠷᠢᠭᠵᠢᠭᠤᠯᠵᠤ᠂ ᠬᠠᠮᠲᠤᠷᠠᠨ ᠪᠣᠭᠤᠮᠲᠠ ᠰᠢᠪᠲᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ᠂ ᠲᠠᠪᠴᠠᠩ ᠤᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠬᠠᠮᠲᠤᠷᠠᠯᠴᠠᠭ᠎ᠠ ᠶᠢ ᠥᠷᠨᠢᠭᠦᠯᠵᠦ᠂ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠭᠥᠷᠳᠡᠬᠦ ᠲᠣᠭᠲᠠᠴᠠ ᠶᠢ ᠪᠠᠶᠢᠭᠤᠯᠤᠨ᠎ᠠ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶       12.ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠣᠯᠠᠨ ᠡᠰᠢᠲᠦ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ ᠵᠢᠯᠣᠭᠤᠳᠤᠨ᠂ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠵᠢᠴᠢ ᠳᠠᠪᠠᠭᠤᠯᠢᠭ ᠢ ᠦᠨᠳᠦᠰᠦᠯᠡᠨ᠂ ᠬᠦᠷᠢᠶ᠎ᠡ ᠴᠠᠷᠠᠭ᠎ᠠ ᠪᠠᠨ ᠨᠠᠷᠢᠨ ᠬᠤᠪᠢᠶᠠᠵᠤ᠂ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠨᠡᠪᠴᠢᠭᠦᠯᠬᠦ ᠠᠴᠢᠶᠠᠯᠠᠪᠤᠷᠢ ᠶᠢ ᠪᠦᠲᠦᠭᠡᠨ ᠪᠠᠶᠢᠭᠤᠯᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠨᠡᠪᠴᠢᠭᠦᠯᠬᠦ ᠠᠴᠢᠶᠠᠯᠠᠪᠤᠷᠢ ᠶᠢᠨ ᠦᠢᠯᠡᠴᠢᠯᠡᠭᠡᠨ ᠤ ᠲᠠᠰ ᠳᠡᠪᠰᠢᠬᠦ ᠶᠢ ᠠᠬᠢᠭᠤᠯᠵᠤ᠂ ᠪᠦᠷᠢᠨ ᠲᠡᠭᠦᠯᠳᠡᠷ ᠴᠢᠳᠠᠮᠵᠢ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠰᠢᠰᠲ᠋ᠧᠮᠵᠢ ᠶᠢ ᠪᠠᠶᠢᠭᠤᠯᠤᠨ᠂ ︽ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ — ᠨᠡᠪᠴᠢᠭᠦᠯᠦᠭᠦᠷ — ᠬᠤᠷᠳᠤᠳᠬᠠᠭᠤᠷ — ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ︾ ᠤᠨ ᠪᠦᠷᠢᠨ ᠪᠦᠲᠦᠨ ᠨᠡᠪᠴᠢᠭᠦᠯᠬᠦ ᠬᠡᠯᠬᠢᠶᠡᠰᠦ ᠶᠢ ᠪᠣᠶ ᠪᠣᠯᠭᠠᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠦᠢᠯᠡᠳᠬᠦᠨ ᠪᠠ ᠦᠢᠯᠡᠴᠢᠯᠡᠭᠡᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠬᠥᠭᠵᠢᠭᠦᠯᠦᠨ᠎ᠡ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶       ︵ᠭᠤᠷᠪᠠ︶ ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ      13.ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠠᠷᠢᠯᠢᠭ ᠣᠨᠣᠴᠠᠲᠠᠶ ᠪᠠᠷ ᠪᠤᠶᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠤᠨ ᠬᠦᠴᠦᠷᠬᠡᠭᠵᠢᠭᠦᠯᠵᠦ᠂ ᠪᠠᠶᠢᠳᠠᠯ ᠢ ᠣᠶᠢᠯᠠᠭᠠᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ ᠨᠢᠭᠡ ᠪᠦᠯᠦᠭ ᠳᠠᠶᠢᠴᠢᠯᠠᠬᠤ ᠴᠢᠨᠠᠷ ᠢᠶᠠᠷ ᠴᠢᠩᠭ᠎ᠠ ᠠᠵᠤ ᠠᠬᠤᠶᠢᠯᠠᠯ ᠢ ᠰᠢᠯᠢᠨ ᠰᠣᠩᠭᠤᠵᠤ ᠭᠤᠤᠯᠳᠠᠯᠭ᠎ᠠ ᠲᠠᠢ ᠳᠡᠮᠵᠢᠯᠭᠡ ᠦᠵᠡᠭᠦᠯᠵᠦ᠂ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠶ᠃ ᠵᠢᠯ ᠪᠦᠷᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 50 ᠠᠴᠠ ᠳᠡᠭᠡᠭᠰᠢ ᠮᠠᠭᠠᠳᠯᠠᠨ ᠲᠣᠭᠲᠠᠭᠠᠬᠤ ᠪᠠᠷ ᠳᠡᠮᠵᠢᠨ᠂ 2023 ᠣᠨ ᠪᠣᠯᠬᠤ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 380 ᠳᠤ ᠬᠦᠷᠦᠭᠦᠯᠦᠨ᠎ᠡ᠃ ︵ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶       14᠂ ᠠᠵᠤ ᠦᠢᠯᠡᠳᠪᠦᠷᠢ ᠶᠢᠨ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠪᠠ ᠬᠥᠲᠥᠴᠢ ᠠᠵᠤ ᠠᠬᠤᠶᠢᠯᠠᠯ ᠢ ᠪᠤᠶᠢᠵᠢᠭᠤᠯᠬᠤ ᠶᠢ ᠲᠦᠷᠭᠡᠳᠬᠡᠨ᠎ᠡ᠃ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠢᠩᠭᠠᠨ ᠳ᠋ᠦᠩᠰᠢᠭᠤᠷ ᠲᠠᠰ ᠤᠨ ᠠᠵᠤ ᠦᠢᠯᠡᠰ ᠤᠨ ᠪᠥᠭᠡᠮᠨᠡᠷᠡᠯ ᠢ ᠪᠤᠶᠢᠵᠢᠭᠤᠯᠬᠤ᠂ ᠵᠠᠭᠤᠨ ᠳ᠋ᠦᠩᠰᠢᠭᠤᠷ ᠲᠠᠰ ᠤᠨ ᠠᠵᠤ ᠠᠬᠤᠶᠢᠯᠠᠯ ᠢ ᠪᠤᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠠᠵᠤ ᠦᠢᠯᠡᠳᠪᠦᠷᠢ ᠶᠢᠨ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠢ ᠪᠤᠶᠢᠵᠢᠭᠤᠯᠬᠤ ᠲᠥᠯᠥᠪᠯᠡᠭᠡ ᠶᠢ ᠥᠷᠨᠢᠭᠦᠯᠵᠦ᠂ ᠰᠢᠨ᠎ᠡ ᠶᠢ ᠡᠭᠦᠳᠬᠦ ᠭᠤᠤᠯ ᠴᠣᠭᠴᠠ ᠶᠢᠨ ᠬᠤᠯᠪᠣᠭᠳᠠᠯ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠱᠠᠩᠨᠠᠨ ᠬᠥᠬᠢᠭᠦᠯᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠷᠢᠰᠦᠯᠳᠦᠬᠦ ᠬᠦᠴᠦᠨ ᠲᠠᠢ ᠨᠠᠩ ᠣᠯᠠᠨ ᠰᠢᠨ᠎ᠡ ᠶᠢ ᠡᠭᠦᠳᠬᠦ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠤᠨ᠎ᠠ᠃ 2023 ᠣᠨ ᠪᠣᠯᠬᠤ ᠳᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠢ 80 ᠳᠤ ᠬᠦᠷᠦᠭᠦᠯᠦᠨ᠎ᠡ᠃ ︵ᠬᠤᠳᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶       ︵ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠬᠤ ᠠᠵᠢᠯᠯᠠᠭ᠎ᠠ      15.ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠪᠥᠲᠥᠭᠡᠨ ᠪᠠᠶᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠵᠣᠯᠭᠠᠭᠤᠯᠬᠤ᠂ ᠠᠷᠠᠯᠵᠢᠶᠠᠯᠠᠬᠤ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠮᠡᠳᠡᠭᠡ ᠵᠠᠩᠭᠢ ᠶᠢ ᠨᠡᠶᠢᠲᠡᠯᠡᠬᠦ᠂ ᠬᠠᠮᠲᠤ ᠪᠠᠷ ᠡᠳ᠋ᠯᠡᠬᠦ᠂ ᠲᠠᠨᠢᠯᠴᠠᠭᠤᠯᠬᠤ ᠵᠡᠷᠭᠡ ᠮᠡᠷᠭᠡᠵᠢᠯ ᠢ ᠰᠢᠯᠵᠢᠭᠦᠯᠬᠦ ᠶᠢ ᠨᠢᠭᠡ ᠴᠤᠭᠴᠠᠵᠢᠭᠤᠯᠬᠤ  ᠦᠢᠯᠡᠴᠢᠯᠡᠭᠡ ᠶᠢ ᠥᠷᠨᠢᠭᠦᠯᠦᠨ᠎ᠡ︔ ᠲᠢᠩᠬᠢᠮ ᠬᠤᠲᠠ ᠶᠢᠨ ᠬᠠᠮᠲᠤᠪᠠᠷ ᠪᠠᠶᠢᠭᠤᠯᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠡᠷᠭᠡᠵᠢᠯ᠂ ᠴᠢᠳᠠᠪᠤᠷᠢᠲᠠᠨ᠂ ᠦᠢᠯᠡᠴᠢᠯᠡᠭᠡᠨ ᠤ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶       16.ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠶᠡᠬᠡᠪᠡᠷ ᠪᠤᠶᠢᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ᠂ ᠲᠤᠰᠬᠠᠶᠢᠵᠢᠬᠤ᠂ ᠵᠢᠷᠤᠮᠵᠢᠬᠤ ᠳᠠᠰᠢ ᠬᠥᠭᠵᠢᠬᠦ ᠶᠢ ᠬᠥᠲᠥᠯᠦᠨ ᠵᠢᠯᠣᠭᠤᠳᠴᠤ᠂ ᠮᠡᠷᠭᠡᠵᠢᠯ ᠢ ᠰᠢᠯᠵᠢᠭᠦᠯᠬᠦ᠂ ᠦᠷ᠎ᠡ ᠪᠦᠲᠦᠭᠡᠯ ᠢ ᠦᠨᠡᠯᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠵᠡᠷᠭᠡ ᠲᠤᠰᠬᠠᠶ ᠦᠢᠯᠡᠴᠢᠯᠡᠭᠡ ᠶᠢ ᠥᠷᠨᠢᠭᠦᠯᠬᠦ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠮᠡᠷᠭᠡᠵᠢᠯ ᠰᠢᠯᠵᠢᠭᠦᠯᠬᠦ ᠪᠠᠶᠢᠭᠤᠯᠤᠮᠵᠢ ᠪᠠᠶᠢᠭᠤᠯᠬᠤ ᠪᠤᠶᠤ ᠲᠤᠮᠤ ᠬᠡᠯᠪᠡᠷᠢ ᠶᠢᠨ ᠠᠵᠤ ᠠᠬᠤᠶᠢᠯᠠᠯ ᠯᠤᠭ᠎ᠠ ᠬᠠᠮᠲᠤᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠠᠵᠢᠯ ᠢ ᠢᠳᠡᠪᠬᠢᠲᠡᠶ ᠥᠷᠨᠢᠭᠦᠯᠬᠦ ᠶᠢ ᠳᠡᠮᠵᠢᠵᠦ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ  ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠲᠤᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃ ︵ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠳᠡ ᠶᠢᠨ ᠲᠣᠭᠤᠷᠢᠭ︶      17.ᠮᠡᠷᠭᠡᠵᠢᠯ ᠢ ᠰᠢᠯᠵᠢᠭᠦᠯᠦᠨ ᠬᠤᠪᠢᠷᠠᠭᠤᠯᠬᠤ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠦᠨ᠎ᠡ᠃ ᠮᠡᠷᠭᠡᠵᠢᠯ ᠰᠢᠯᠵᠢᠭᠦᠯᠬᠦ ᠬᠠᠮᠢᠶᠠᠷᠤᠯᠲᠠ ᠶᠢᠨ ᠠᠵᠢᠯᠲᠠᠨ᠂ ᠮᠡᠷᠭᠡᠵᠢᠯ ᠤᠨ ᠵᠠᠭᠤᠴᠢᠯᠠᠭᠴᠢ᠂ ᠮᠡᠷᠭᠡᠵᠢᠯ ᠤᠨ ᠳᠠᠭᠠᠭᠠᠮᠠᠯ ᠵᠡᠷᠭᠡ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠨᠥᠬᠦᠴᠡᠯ ᠲᠠᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠭᠤᠣᠯᠯᠠᠭᠴᠢ ᠬᠥᠲᠥᠴᠢ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠡᠷᠭᠡᠵᠢᠯ ᠰᠢᠯᠵᠢᠭᠦᠯᠦᠨ ᠬᠤᠪᠢᠷᠠᠭᠤᠯᠬᠤ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠬᠠᠮᠲᠤᠷᠠᠨ ᠥᠷᠨᠢᠭᠦᠯᠬᠦ ᠶᠢ ᠵᠣᠷᠢᠭᠵᠢᠭᠤᠯᠵᠤ᠂ ᠦᠨᠳᠦᠰᠦᠨ ᠱᠠᠲᠤᠨ ᠳᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︶       ︵ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠠᠵᠢᠯᠯᠠᠭ᠎ᠠ      18.ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠪᠠᠯᠠ ᠮᠥᠩᠭᠦ ᠶᠢᠨ ᠬᠡᠯᠬᠢᠶ᠎ᠡ ᠶᠢ ᠲᠡᠭᠦᠯᠳᠡᠷᠵᠢᠭᠦᠯᠦᠨ᠂ ᠴᠢᠳᠠᠪᠤᠷᠢᠲᠠᠨ ᠤ ᠬᠡᠯᠬᠢᠶ᠎ᠡ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠠᠮᠢᠳᠤ ᠪᠣᠳᠠᠰ ᠤᠨ ᠮᠡᠷᠭᠡᠵᠢᠯ ᠵᠡᠷᠭᠡ ᠬᠦᠷᠢᠶᠡᠨ ᠳᠠᠬᠢ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠵᠤ᠂ ᠨᠡᠶᠢᠲᠡᠴᠢ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠵᠡᠮᠰᠢᠨ᠂ ᠠᠵᠤ ᠦᠢᠯᠡᠳᠪᠦᠷᠢ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠲᠠᠷᠢᠮᠠᠯ ᠤᠨ ᠦᠷ᠎ᠡ ᠶᠢ ᠪᠤᠶᠢᠵᠢᠭᠤᠯᠬᠤ᠂ ᠭᠡᠷ ᠤᠨ ᠲᠡᠵᠢᠭᠡᠪᠦᠷᠢ ᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠤᠶᠤᠨᠲᠤ ᠲᠠᠷᠢᠶᠠᠯᠠᠩ ᠪᠠ ᠲᠠᠷᠢᠶᠠᠯᠠᠩ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠵᠡᠷᠭᠡ ᠲᠠᠯ᠎ᠠ ᠳᠤ ᠬᠠᠨᠳᠤᠭᠤᠯᠤᠨ᠂ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠲᠠᠷᠢᠶᠠᠯᠠᠩ ᠤᠨ ᠣᠳᠣᠬᠢᠴᠢᠯᠠᠭᠰᠠᠨ ᠬᠥᠭᠵᠢᠯᠲᠡ ᠶᠢ ᠲᠤᠯᠭᠠᠭᠤᠷᠢᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠤᠷᠭᠠᠨ ᠬᠥᠮᠦᠵᠢᠯ ᠡᠮ ᠡᠮᠨᠡᠯᠭᠡ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠤᠯᠠᠨ ᠨᠡᠶᠢᠲᠡ ᠶᠢᠨ ᠠᠮᠤᠷ ᠲᠦᠪᠰᠢᠨ᠂ ᠰᠣᠶᠣᠯ ᠵᠢᠭᠤᠯᠴᠢᠯᠠᠯ᠂ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠭᠤᠣᠯᠯᠠᠭᠤᠯᠤᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠷᠠᠳ ᠲᠦᠮᠡᠨ ᠳᠤ ᠬᠦᠷᠲᠡᠭᠡᠨ᠎ᠡ᠃ ︵ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶      ︵ᠵᠢᠷᠭᠤᠭ᠎ᠠ︶ ᠵᠠᠰᠠᠭ ᠤᠨ ᠣᠷᠳᠣᠨ ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠦᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠠᠵᠢᠯᠯᠠᠭ᠎ᠠ     19.ᠠᠵᠤ ᠦᠢᠯᠡᠰ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠵᠢᠯᠴᠠᠨ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠤᠨ᠎ᠠ᠃ ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠤᠭ᠎ᠠ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠥᠷᠭᠡᠨ ᠬᠦᠷᠢᠶ᠎ᠡ ᠴᠠᠷᠠᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠵᠦ᠂ ᠰᠢᠨ᠎ᠡ ᠶᠢ ᠡᠭᠦᠳᠬᠦ ᠭᠤᠤᠯ ᠴᠣᠭᠴᠠ ᠶᠢᠨ ᠬᠠᠮᠵᠢᠯᠴᠠᠨ ᠬᠤᠷᠰᠢᠯᠴᠠᠬᠤ᠂ ᠰᠢᠨ᠎ᠡ ᠶᠢ ᠡᠭᠦᠳᠬᠦ ᠬᠦᠴᠦᠨ  ᠵᠦᠢᠯ ᠤᠨ ᠤᠷᠤᠭᠰᠢᠲᠠᠶ ᠰᠢᠯᠵᠢᠬᠦ ᠶᠢ ᠠᠬᠢᠭᠤᠯᠵᠤ᠂ ︽ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠭᠦᠨᠵᠡᠭᠡᠶ ᠠᠭᠤᠰᠤᠯᠴᠠᠭᠤᠯᠤᠭᠰᠠᠨ︾ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ ᠮᠠᠨ ᠤ ᠬᠤᠲᠠ ᠶᠢᠨ ᠠᠵᠤ ᠠᠬᠤᠶᠢᠯᠠᠯ ᠬᠢᠭᠡᠳ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ  ᠨᠡᠷᠡᠲᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠵᠢᠴᠢ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠯᠤᠭ᠎ᠠ ᠶᠢᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠥᠷᠨᠢᠭᠦᠯᠬᠦ ᠶᠢ ᠭᠤᠤᠯᠳᠠᠯᠭ᠎ᠠ ᠲᠠᠢ ᠴᠢᠩᠭᠠᠳᠬᠠᠵᠤ᠂ ᠨᠢᠭᠡ ᠪᠦᠯᠦᠭ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ᠂ ᠰᠤᠷᠭᠠᠭᠤᠯᠢ ︵ᠬᠦᠷᠢᠶᠡᠯᠡᠩ︶ ᠲᠤᠰᠬᠠᠶ ᠣᠷᠣᠨ᠂ ᠰᠤᠷᠭᠠᠭᠤᠯᠢ ︵ᠬᠦᠷᠢᠶᠡᠯᠡᠩ︶ ᠠᠵᠤ ᠠᠬᠤᠶᠢᠯᠠᠯ ᠨᠢᠭᠲᠠ ᠬᠠᠮᠲᠤᠷᠠᠯᠴᠠᠭᠰᠠᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠵᠢᠯᠴᠠᠨ ᠰᠢᠨ᠎ᠡ ᠶᠢ ᠡᠭᠦᠳᠬᠦ ᠲᠣᠭᠲᠠᠴᠠ ᠶᠢ ᠪᠣᠶ ᠪᠣᠯᠭᠠᠨ᠎ᠠ᠃ ︵ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      ︵ᠳᠣᠯᠤᠭ᠎ᠠ︶ ᠳᠡᠭᠡᠳᠦ ᠲᠠᠰ ᠤᠨ ᠴᠢᠳᠠᠪᠤᠷᠢᠲᠠᠨ ᠤ ᠪᠦᠯᠬᠦᠮ ᠨᠡᠶᠢᠲᠡ ᠶᠢᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠠᠵᠢᠯᠯᠠᠭ᠎ᠠ      20.ᠤᠶᠠᠨ ᠬᠠᠲᠠᠨ ᠴᠢᠨᠠᠷᠲᠠᠶ ᠪᠠᠷ ᠴᠢᠳᠠᠪᠤᠷᠢᠲᠠᠨ ᠢ ᠲᠡᠳᠡᠨ ᠣᠷᠣᠭᠤᠯᠵᠤ ᠣᠶᠤᠨ ᠢ ᠲᠡᠳᠡᠨ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠪᠣᠬᠢᠷᠲᠤᠯ ᠥᠬᠡᠶ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠣᠨ ᠤ ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠴᠢᠳᠠᠪᠤᠷᠢᠲᠠᠨ ᠢ ᠲᠠᠲᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠳᠡᠭᠡᠳᠦ ᠬᠤᠷᠳᠤᠴᠠᠲᠤ ᠲᠡᠮᠦᠷ ᠵᠠᠮ ᠤᠨ ᠳᠥᠭᠦᠮ ᠳᠥᠲᠡ ᠳᠠᠪᠠᠭᠤᠯᠢᠭ ᠢ ᠠᠰᠢᠭᠯᠠᠨ᠂ ᠮᠠᠨ ᠤ ᠬᠤᠲᠠ ᠶᠢᠨ ᠳᠠᠪᠠᠭᠤᠯᠢᠭ ᠤᠨᠴᠠᠯᠢᠭᠳᠤ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠣᠭᠤᠷᠢᠨ ᠳᠤ᠂ ᠲᠥᠷᠥᠯ ᠵᠦᠢᠯ ᠢᠶᠠᠷ ᠬᠠᠮᠲᠤᠷᠠᠯᠴᠠᠬᠤ᠂ ᠲᠤᠰᠢᠶᠠᠯ ᠬᠠᠪᠰᠤᠷᠭᠠᠨ ᠦᠢᠯᠡᠴᠢᠯᠡᠬᠦ᠂ ᠵᠥᠪᠯᠡᠭᠴᠢ ᠪᠠᠷ ᠵᠢᠯᠣᠭᠤᠳᠬᠤ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ᠂ ᠮᠡᠷᠭᠡᠵᠢᠯ ᠢᠶᠠᠷ ᠬᠤᠪᠢ ᠣᠷᠣᠭᠤᠯᠬᠤ᠂ ᠣᠬᠤᠷ ᠬᠤᠭᠤᠴᠠᠭ᠎ᠠ ᠪᠠᠷ ᠤᠷᠢᠨ ᠲᠣᠮᠢᠯᠠᠬᠤ ᠵᠡᠷᠭᠡ ᠠᠷᠭ᠎ᠠ ᠮᠠᠶ᠋ᠢᠭ ᠢᠶᠠᠷ ᠴᠢᠳᠠᠪᠤᠷᠢᠲᠠᠨ ᠢ ᠤᠶᠠᠨ ᠬᠠᠲᠠᠨ ᠴᠢᠨᠠᠷᠲᠠᠶ ᠪᠠᠷ ᠣᠷᠣᠭᠤᠯᠤᠨ ᠠᠪᠴᠢᠷᠠᠵᠤ᠂ ︽ᠪᠡᠭᠡᠵᠢᠩ ᠱᠠᠩᠬᠠᠶ ᠭᠤᠸᠠᠩᠵᠧᠦ ᠳᠤ ᠰᠤᠳᠤᠯᠤᠨ ᠨᠡᠭᠡᠭᠡᠵᠦ᠂ ᠬᠥᠬᠡᠬᠤᠲᠠ ᠳᠤ ᠤᠯᠠᠷᠢᠭᠤᠯᠬᠤ︾ ᠴᠢᠳᠠᠪᠤᠷᠢᠲᠠᠨ ᠣᠷᠣᠭᠤᠯᠬᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠵᠤ᠂ ︽ᠴᠢᠳᠠᠪᠤᠷᠢᠲᠠᠨ ᠢ ᠬᠠᠮᠲᠤ ᠪᠠᠷ ᠡᠳ᠋ᠯᠡᠬᠦ ᠭᠠᠵᠠᠷ︾ ᠢ ᠢᠳᠡᠪᠬᠢᠲᠡᠶ ᠪᠠᠷ ᠪᠠᠶᠢᠭᠤᠯᠤᠨ᠎ᠠ᠃ ︵ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶       21. ︽ᠲᠠᠯ᠎ᠠ ᠨᠤᠲᠤᠭ ᠤᠨ ᠴᠢᠳᠠᠪᠤᠷᠢᠲᠠᠨ︾ ᠢ ᠬᠥᠮᠦᠵᠢᠭᠦᠯᠦᠨ ᠪᠤᠶᠢᠵᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠲᠤᠰᠬᠠᠶ ᠠᠰᠢᠭ ᠤᠨ ᠮᠡᠷᠭᠡᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠲᠠᠢ᠂ ᠮᠠᠨ ᠤ ᠬᠤᠲᠠ ᠶᠢᠨ ᠭᠤᠤᠯᠳᠠᠯᠭ᠎ᠠ ᠲᠠᠢ ᠠᠵᠤ ᠦᠢᠯᠡᠰ  ᠤᠨ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠵᠤ ᠳᠡᠶᠢᠯᠬᠦ ᠳᠡᠭᠡᠳᠦ ᠲᠠᠰ ᠳᠠᠪᠬᠤᠷᠭ᠎ᠠ ᠶᠢᠨ ᠳᠠᠭᠠᠭᠤᠯᠤᠭᠴᠢ ᠴᠢᠳᠠᠪᠤᠷᠢᠲᠠᠨ ᠢ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ︾ ᠤ ᠢᠨᠵᠧᠨᠧᠷᠢᠩ ᠤᠨ ᠰᠢᠯᠭᠠᠷᠠᠭᠤᠯᠤᠯᠲᠠ ᠳᠤ ᠲᠠᠨᠢᠯᠴᠠᠭᠤᠯᠤᠨ ᠣᠷᠣᠯᠴᠠᠭᠤᠯᠤᠨ᠎ᠠ︔ ᠨᠡᠯᠢᠶᠡᠳ ᠶᠡᠭᠡ ᠵᠠᠬ᠎ᠠ ᠳᠡᠯᠭᠡᠭᠦᠷ ᠤᠨ ᠳᠠᠯᠳᠠ ᠬᠦᠴᠦᠨ ᠲᠠᠢ ᠪᠥᠭᠡᠳ ᠠᠵᠤ ᠦᠶᠢᠯᠡᠰᠵᠢᠭᠦᠯᠵᠦ ᠪᠣᠯᠬᠤ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠲᠠᠢ᠂ ᠲᠤᠬᠠᠶ ᠶᠢᠨ ᠭᠠᠵᠠᠷ ᠤᠨ ᠬᠡᠪᠴᠢᠶ᠎ᠡ ᠪᠠᠷ ᠨᠡᠯᠢᠶᠡᠳ ᠶᠡᠭᠡ ᠭᠤᠤᠯᠯᠠᠬᠤ ᠠᠵᠤ ᠦᠢᠯᠡᠰ ᠢ ᠪᠣᠶ ᠪᠣᠯᠭᠠᠵᠤ ᠳᠡᠶᠢᠯᠬᠦ ᠪᠤᠶᠤ ᠰᠢᠨ᠎ᠡ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠵᠤ ᠳᠡᠶᠢᠯᠬᠦ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠨᠡᠶᠢᠲᠡ ᠠᠴᠠ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠤᠨ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠨᠡᠶᠢᠲᠡ ᠶᠢᠨ ᠰᠢᠯᠭᠠᠷᠠᠭᠤᠯᠤᠯᠲᠠ ᠳᠤ ᠲᠠᠨᠢᠯᠴᠠᠭᠤᠯᠤᠨ ᠣᠷᠣᠯᠴᠠᠭᠤᠯᠤᠨ᠎ᠠ᠃ ︵ᠬᠤᠳᠠ ᠶᠢᠨ ᠨᠠᠮ ᠤᠨ  ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ︶       ︵ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠡᠨᠧᠷᠭᠢ ᠣᠯᠭᠤᠬᠤ ᠬᠥᠭᠵᠢᠯᠲᠡ ᠶᠢᠨ ᠠᠵᠢᠯᠯᠠᠭ᠎ᠠ      22.ᠵᠢᠷᠤᠮᠵᠢᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠤᠨ᠎ᠠ᠃ ᠪᠠᠩᠬᠢ ᠶᠢᠨ ᠦᠢᠯᠡᠰ ᠤᠨ ᠠᠷᠠᠳ ᠠᠴᠠ ᠡᠵᠡᠩᠨᠡᠭᠰᠡᠨ ᠪᠠ ᠵᠢᠵᠢᠭ ᠪᠢᠴᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ‌ᠦᠢᠯᠡᠴᠢᠯᠡᠬᠦ ᠶᠢ ᠬᠥᠲᠥᠯᠦᠨ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠠᠬᠢ ᠪᠡᠯᠡ ᠮᠥᠩᠭᠦᠨ ᠤ ᠳᠡᠮᠵᠢᠯᠭᠡ ᠪᠠᠨ ᠨᠡᠮᠡᠭᠳᠡᠭᠦᠯᠦᠨ᠎ᠡ᠃ ᠠᠷᠠᠳ ᠠᠴᠠ ᠡᠵᠡᠩᠨᠡᠭᠰᠡᠨ ᠪᠠ ᠵᠢᠵᠢᠭ ᠪᠢᠴᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠬᠡᠪᠴᠢᠶ᠎ᠡ ᠶᠢᠨ ᠨᠡᠮᠡᠭᠳᠡᠯ ᠢ ᠠᠬᠢᠭᠤᠯᠵᠤ᠂ ᠪᠠᠯᠠ ᠳᠣᠭᠢᠷᠠᠭᠤᠯᠬᠤ ᠪᠦᠲᠦᠴᠡ ᠶᠢ ᠰᠢᠯᠢᠳᠡᠭᠵᠢᠭᠦᠯᠦᠨ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠠᠶᠢᠭᠤᠯᠤᠮᠵᠢ ᠶᠢᠨ ᠡᠬᠢ ᠪᠠᠶᠠᠯᠢᠭ ᠢ ᠬᠥᠲᠥᠯᠦᠨ ᠵᠢᠯᠣᠭᠤᠳᠬᠤ ᠪᠠ ᠡᠮᠬᠢᠯᠡᠨ ᠨᠡᠶᠢᠯᠡᠭᠦᠯᠵᠦ᠂ ᠡᠮᠬᠢ ᠵᠢᠷᠤᠮ ᠲᠠᠢ ᠪᠠᠶᠢᠷᠢᠰᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠡᠳ᠋ ᠬᠦᠷᠦᠩᠭᠡ ᠶᠢ ᠬᠥᠩᠭᠡᠪᠴᠢᠯᠡᠬᠦ ᠠᠴᠠ ᠪᠤᠯᠵᠤ ᠪᠡᠯᠡ ᠲᠣᠬᠢᠷᠠᠭᠤᠯᠬᠤ ᠳᠤ ᠬᠦᠴᠢᠷᠲᠡᠶ᠂ ᠵᠢᠭᠡᠯᠡᠯᠭᠡ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠬᠡᠮᠵᠢᠶᠡᠵᠢᠭᠦᠯᠦᠨ ᠪᠦᠷᠢᠳᠬᠡᠬᠦ᠂ ᠠᠵᠤ ᠠᠬᠤᠶᠢᠯᠠᠯ ᠤᠨ ᠢᠲᠡᠭᠡᠮᠵᠢ ᠶᠢᠨ ᠲᠠᠰ ᠲᠣᠭᠲᠠᠭᠠᠬᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠮᠥᠷᠳᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠠᠨᠵᠢᠯᠠᠬᠤ᠂ ᠵᠠᠬ᠎ᠠ ᠳᠡᠯᠭᠡᠭᠦᠷ ᠲᠤ ᠭᠠᠷᠭᠠᠨ ᠪᠤᠶᠢᠵᠢᠭᠤᠯᠬᠤ ᠵᠡᠷᠭᠡ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠥᠷᠨᠢᠭᠦᠯᠬᠦ ᠶᠢᠨ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠨᠢ ᠳᠣᠭᠢᠷᠠᠭᠤᠯᠤᠨ ᠴᠤᠭᠯᠠᠭᠤᠯᠵᠤ ᠵᠣᠯᠭᠠᠭᠤᠯᠬᠤ ᠠᠵᠢᠯᠯᠠᠭ᠎ᠠ ᠥᠷᠨᠢᠭᠦᠯᠦᠨ᠎ᠡ᠃ ︵ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠬᠡᠷ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶       ︵ᠶᠢᠰᠦ︶ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯᠯᠠᠭ᠎ᠠ       23.ᠬᠠᠮᠵᠢᠯᠴᠠᠭᠰᠠᠨ ᠥᠨᠳᠥᠷ ᠪᠦᠲᠦᠮᠵᠢᠲᠡᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠤᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ᠂ ᠠᠵᠤ ᠠᠬᠤᠶ᠂ ᠮᠡᠷᠭᠡᠵᠢᠯ᠂ ᠨᠡᠶᠢᠭᠡᠮ ᠤᠨ ᠵᠠᠰᠠᠯᠲᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠡᠵᠡᠩᠨᠡᠬᠦ᠂ ᠡᠷᠬᠡ ᠪᠠᠨ ᠬᠠᠮᠠᠭᠠᠯᠠᠵᠤ ᠲᠤᠰᠠᠯᠠᠬᠤ ᠵᠡᠷᠭᠡ ᠠᠵᠢᠯ ᠤᠨ ᠡᠷᠴᠢᠮ ᠢ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠶᠡᠭᠡ ᠪᠠᠷ ᠬᠠᠮᠠᠭᠠᠯᠠᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠠᠮᠢᠳᠤᠯᠢᠭ ᠢᠶᠠᠷ ᠬᠡᠷᠡᠭᠯᠡᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       24.ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠨᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠣᠷᠣᠨ ᠲᠤᠭ᠎ᠠ ᠪᠤᠶᠤ ᠠᠵᠢᠯᠲᠠᠨ ᠤ ᠶᠡᠷᠦᠩᠬᠡᠶ ᠲᠣᠭᠠᠨ ᠤ ᠳᠣᠲᠣᠷ᠎ᠠ ᠠᠵᠢᠯ ᠤᠨ ᠪᠠᠶᠢᠷᠢ ᠳᠣᠭᠢᠷᠠᠭᠤᠯᠬᠤ ᠲᠥᠰᠦᠯ ᠪᠠ ᠬᠠᠮᠢᠶᠠᠷᠤᠯᠲᠠ ᠶᠢᠨ ᠠᠷᠭ᠎ᠠ ᠶᠢ ᠡᠵᠡᠨ ᠮᠡᠳᠡᠵᠦ ᠲᠣᠭᠲᠠᠭᠠᠵᠤ ᠂ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠲᠣᠭᠲᠠᠭᠠᠵᠤ ᠪᠣᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠠᠵᠤ ᠠᠬᠤᠶᠢᠯᠠᠯ ᠤᠨ ᠰᠢᠨᠵᠢ ᠴᠢᠨᠠᠷ ᠲᠠᠢ ᠮᠡᠷᠭᠡᠵᠢᠯ ᠰᠢᠯᠵᠢᠭᠦᠯᠬᠦ ᠪᠠᠶᠢᠭᠤᠯᠤᠮᠵᠢ ᠪᠠᠶᠢᠭᠤᠯᠬᠤ ᠪᠤᠶᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠳᠤ ᠨᠠᠶᠢᠳᠠᠵᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠶᠢ ᠵᠥᠪᠰᠢᠶᠡᠷᠡᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠬᠤ ᠲᠤᠷᠰᠢᠯᠲᠠ ᠶᠢᠨ ᠠᠵᠢᠯ ᠢ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠬᠥᠭᠵᠢᠭᠡᠨ᠂ ᠰᠢᠨᠵᠢᠯᠡᠬᠦ ᠤᠬᠠᠭᠠᠨ ᠤ ᠦᠷ᠎ᠡ ᠪᠥᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ ︵ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶       25.ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠨᠡᠩ ᠶᠡᠭᠡ ᠡᠵᠡᠨ ᠮᠡᠳᠡᠬᠦ ᠡᠷᠬᠡ ᠣᠯᠭᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠮᠡᠷᠭᠡᠵᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠣᠯᠭᠤᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠶᠢᠨ ᠡᠵᠡᠨ ᠮᠡᠳᠡᠬᠦ ᠡᠷᠬᠡ ᠶᠢ ᠥᠷᠭᠡᠳᠬᠡᠵᠦ᠂ ᠲᠦᠷᠦᠯ ᠵᠦᠢᠯ ᠤᠨ ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢ ᠳᠥᠭᠦᠮᠴᠢᠯᠡᠵᠦ᠂ ᠲᠦᠷᠦᠯ ᠵᠦᠢᠯ ᠤᠨ ᠵᠠᠷᠤᠳᠠᠯ ᠤᠨ ᠬᠡᠷᠡᠭᠯᠡᠯᠲᠡ ᠶᠢᠨ ︽ᠳᠠᠭᠠᠭᠠᠴᠢᠯᠠᠯᠲᠠ ᠶᠢᠨ ᠲᠦᠷᠢᠮ︾ ᠤᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ︽ᠥᠭᠦᠯᠡᠯ ᠢ ᠯᠡ ᠡᠷᠬᠢᠮᠯᠡᠬᠦ᠂ ᠮᠡᠷᠭᠡᠵᠢᠯ ᠤᠨ ᠴᠣᠯᠠ ᠶᠢ ᠯᠠ ᠡᠷᠬᠢᠮᠯᠡᠬᠦ᠂ ᠰᠤᠷᠤᠯᠭ᠎ᠠ ᠶᠢᠨ ᠨᠠᠮᠲᠠᠷ ᠢ ᠯᠠ ᠡᠷᠬᠢᠮᠯᠡᠬᠦ᠂ ᠱᠠᠩᠨᠠᠯ ᠢ ᠯᠠ ᠡᠷᠬᠢᠮᠯᠡᠬᠦ︾ ᠶᠢ ᠴᠡᠪᠡᠷᠯᠡᠬᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ ᠶᠢᠨ ᠤᠳᠤᠷᠢᠳᠤᠮᠵᠢ ᠶᠢ ᠰᠠᠶᠢᠲᠤᠷ ᠪᠤᠢ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ︽ᠬᠦᠯᠢᠶᠡᠰᠦ ᠶᠢ ᠰᠤᠯᠠᠷᠠᠭᠤᠯᠬᠤ︾ ︽ᠳᠠᠷᠤᠭᠠᠰᠤ ᠶᠢ ᠬᠥᠩᠭᠡᠷᠡᠭᠦᠯᠬᠦ︾ ᠶᠢ ᠦᠨᠡᠨᠬᠦ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠢᠳᠡᠪᠬᠢᠵᠢᠯ ᠢ ᠳᠠᠶᠢᠴᠢᠯᠠᠨ᠎ᠠ᠃ ︵ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶       26.ᠲᠥᠷᠥᠯ ᠵᠦᠢᠯ ᠤᠨ ᠪᠠᠯᠠ ᠮᠥᠩᠭᠦ ᠰᠠᠯᠭᠠᠨ ᠥᠭᠬᠦ ᠠᠷᠭ᠎ᠠ ᠮᠠᠶ᠋ᠢᠭ ᠢ ᠬᠠᠯᠠᠨ ᠰᠠᠶᠢᠵᠢᠷᠠᠭᠤᠯᠤᠨ᠎ᠠ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠯᠠ ᠮᠥᠩᠭᠦ ᠶᠢ ᠳᠠᠭᠠᠭᠠᠨ ᠡᠭᠦᠷᠭᠡᠯᠡᠬᠦ ᠨᠢᠭᠡᠴᠢ ᠳᠤ ᠰᠢᠭᠤᠳ ᠰᠢᠯᠵᠢᠭᠦᠯᠦᠨ ᠥᠭᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠠᠯᠠ ᠮᠥᠩᠭᠦ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠲᠥᠰᠦᠪ ᠤᠨ ᠨᠢᠭᠡᠴᠢ ᠶᠢᠨ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠠᠯᠠ ᠮᠥᠩᠭᠦ ᠪᠠᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠣᠰ ᠨᠢᠭᠡᠴᠢ ᠶᠢᠨ ᠢᠶᠠᠨ ᠦᠯᠡᠳᠡᠪᠦᠷᠢ ᠥᠬᠡᠶ ᠲᠠᠩᠰᠠᠨ ᠡᠷᠦᠬᠡ ᠠᠴᠠ ᠲᠣᠰ ᠨᠢᠭᠡᠴᠢ ᠶᠢᠨ ᠢᠶᠠᠨ ᠪᠣᠳᠠᠲᠠᠶ ᠪᠠᠶᠢᠭ᠎ᠠ ᠪᠠᠯᠠ ᠮᠥᠩᠭᠦ ᠶᠢᠨ ᠲᠠᠩᠰᠠᠨ ᠡᠷᠦᠬᠡ ᠳᠤ ᠬᠤᠪᠢᠶᠠᠷᠢᠯᠠᠨ ᠰᠢᠯᠵᠢᠭᠦᠯᠬᠦ ᠶᠢ ᠵᠥᠪᠰᠢᠶᠡᠷᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠦᠢᠯᠡᠰ  ᠤᠨ ᠨᠢᠭᠡᠴᠢ ᠶᠢᠨ ᠰᠤᠳᠤᠯᠤᠨ ᠨᠡᠭᠡᠭᠡᠬᠦ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠨ᠎ᠠ᠃ ︵ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶       27.ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠃ ᠰᠢᠯᠢᠳᠡᠭ ᠢ ᠨᠢ ᠰᠣᠩᠭᠤᠨ ᠨᠠᠶᠢᠳᠠᠬᠤ᠂ ᠵᠠᠷᠯᠠᠨ ᠮᠠᠩᠯᠠᠶᠢᠯᠠᠭᠤᠯᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠵᠦᠢᠯᠡᠰ ᠤᠨ ᠢᠷᠡᠯᠳᠡ ᠶᠢ ᠥᠷᠭᠡᠳᠬᠡᠨ᠎ᠡ᠃ ᠣᠷᠣᠨ ᠤ ᠳᠣᠲᠣᠷ᠎ᠠ ᠭᠠᠳᠠᠨᠠᠬᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠤᠨ ᠬᠤᠲᠠ ᠶᠢᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠲᠦᠷᠦᠭᠦᠯᠡᠨ ᠡᠭᠦᠷᠭᠡᠯᠡᠬᠦ ᠶᠢ ᠳᠡᠮᠵᠢᠨ᠎ᠡ᠃ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠯᠠ ᠮᠥᠩᠭᠦ ᠶᠢ ᠬᠤᠲᠠ ᠠᠯᠤᠰᠯᠠᠨ᠂ ᠱᠠᠲᠤ ᠠᠯᠤᠰᠯᠠᠨ ᠬᠡᠷᠡᠭᠯᠡᠬᠦ ᠲᠣᠭᠲᠠᠴᠠ ᠶᠢ ᠪᠠᠶᠢᠭᠤᠯᠵᠤ᠂ ᠦᠢᠯᠡᠳᠪᠦᠷᠢᠯᠡᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠭᠰᠠᠨ ᠲᠥᠷᠥᠯ ᠵᠦᠢᠯ ᠤᠨ ᠪᠠᠯᠠ ᠮᠥᠩᠭᠦ ᠶᠢ ᠬᠤᠲᠠ ᠶᠢᠨ ᠬᠠᠷᠢᠶ᠎ᠠ ᠪᠤᠰᠤ ᠲᠦᠷᠦᠭᠦᠯᠡᠨ ᠬᠢᠬᠦ ᠨᠢᠭᠡᠴᠢ ᠪᠤᠶᠤ ᠣᠷᠣᠯᠴᠠᠬᠤ ᠨᠢᠭᠡᠴᠢ ᠳᠤ ᠰᠢᠯᠵᠢᠭᠦᠯᠦᠨ ᠥᠭᠬᠦ ᠶᠢ ᠵᠥᠪᠰᠢᠶᠡᠷᠡᠨ᠎ᠡ᠃ ︵ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶       ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠨᠦᠭᠦᠳ ᠲᠣᠰ ︽ᠠᠵᠢᠯᠯᠠᠭ᠎ᠠ ᠶᠢᠨ ᠲᠥᠰᠦᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ︽ᠨᠢᠭᠡᠳᠦᠭᠡᠷ ᠭᠠᠷ︾ ᠨᠢ ᠪᠡᠶ᠎ᠡ ᠪᠠᠷ ᠢᠶᠠᠨ ᠠᠳᠬᠤᠨ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠨᠢ ᠪᠣᠳᠠᠲᠠᠶ ᠪᠠᠷ ᠠᠳᠬᠤᠵᠤ᠂ ᠬᠡᠷᠡᠭᠵᠢᠭᠦᠯᠬᠦ ᠲᠥᠰᠦᠯ ᠲᠣᠭᠲᠠᠭᠠᠨ᠂ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠵᠢᠯ ᠪᠦᠷᠢ ᠶᠢᠨ ᠡᠴᠦᠰ ᠠᠴᠠ ᠡᠮᠦᠨ᠎ᠡ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠨᠦᠭᠦᠳ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠳᠤ ᠠᠵᠢᠯ ᠤᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃       ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠡᠯ᠎ᠡ ᠭᠠᠵᠠᠷ ᠣᠷᠣᠨ ᠨᠤᠭᠤᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ ︽ᠥᠴᠦᠬᠡᠨ ᠬᠦᠴᠦ ᠪᠠᠷ ᠦᠯᠡᠮᠵᠢ ᠠᠮᠵᠢᠯᠲᠠ ᠣᠯᠬᠤ︾  ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠪᠥᠬᠦ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠳᠠᠶᠢᠴᠢᠯᠠᠨ᠎ᠠ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ