ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠨᠠᠷᠠᠨᠲᠤᠶᠠᠭ᠎ᠠ︶ ᠬᠥᠬᠡᠬᠤᠲᠠ ᠶᠢᠨ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠢ ᠶᠢᠨ ᠬᠥᠭᠵᠢᠯᠲᠡ ᠶᠢᠨ ᠶᠠᠰᠤ ᠴᠢᠨᠠᠷ ᠪᠠ ᠡᠵᠡᠩᠨᠡᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠭᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠢ ᠶᠢᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 18 ᠤ ᠡᠳᠦᠷ | ᠬᠦᠬᠡᠬᠤᠳᠠ ᠶᠢᠨ ᠲᠠᠰ ᠤᠨ ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠬᠢᠨᠠᠨ ᠲᠣᠭᠲᠠᠭᠠᠬᠤ ᠠᠵᠢᠯ ᠤᠨ ᠳᠤᠭᠤᠶᠢᠯᠠᠩ ᠢ | ᠵᠣᠬᠢᠶᠠᠨ ᠪᠠᠶᠢᠭᠤᠯᠵᠤ᠂ ᠰᠠᠶᠢᠬᠠᠨ ᠲᠣᠭᠤᠷᠢᠭ ᠤᠨ ᠡᠨᠡ ᠵᠢᠯ ᠤᠨ ᠲᠠᠨᠢᠯᠴᠠᠭᠤᠯᠤᠭᠰᠠᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠬᠢᠨᠠᠨ | ᠲᠣᠭᠲᠠᠭᠠᠬᠤ ᠠᠵᠢᠯ ᠢ ᠥᠷᠨᠢᠭᠦᠯᠵᠦ᠂ ᠨᠡᠶᠢᠲᠡ 5 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠢᠨᠠᠨ ᠲᠣᠭᠲᠠᠭᠠᠪᠠ᠃ | ᠬᠢᠨᠠᠨ ᠲᠣᠭᠲᠠᠭᠠᠬᠤ ᠳᠤᠭᠤᠶᠢᠯᠠᠩ ᠤᠨ ᠠᠵᠢᠯᠲᠠᠳ ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ | ᠬᠢᠨᠠᠨ ᠲᠣᠭᠲᠠᠭᠠᠬᠤ ᠪᠠᠷᠢᠮᠵᠢᠶ᠎ᠠ ᠶᠣᠰᠣᠭᠠᠷ᠂ ᠪᠣᠭᠤᠮᠲᠠ ᠶᠢ ᠴᠢᠩᠭ᠎ᠠ ᠰᠠᠬᠢᠵᠤ᠂ ᠬᠢᠨᠠᠨ ᠲᠣᠭᠲᠠᠭᠠᠯᠳᠠ ᠬᠢᠯᠭᠡᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢᠨ ᠡᠵᠡᠩᠨᠡᠯᠲᠡ ᠶᠢᠨ ᠬᠡᠪᠴᠢᠶ᠎ᠡ᠂ ᠰᠠᠭᠤᠷᠢ ᠲᠦᠭᠦᠭᠡᠷᠦᠮᠵᠢ᠂ ᠦᠢᠯᠡᠳᠪᠦᠷᠢᠯᠡᠯ ᠤᠨ ᠪᠠᠶᠢᠳᠠᠯ᠂ ᠣᠨ ᠤ ᠶᠠᠪᠤᠳᠠᠯ ᠤᠨ ᠬᠠᠮᠢᠶᠠᠷᠤᠯᠲᠠ ᠶᠢ ᠨᠠᠷᠢᠨ | ᠪᠠᠶᠢᠴᠠᠭᠠᠪᠠ᠃ ᠪᠠᠰᠠ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ︽ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠨᠡᠷᠡᠰ ᠤᠨ | ᠲᠡᠭᠦᠪᠦᠷᠢ ᠶᠢᠨ ᠰᠢᠰᠲ᠋ᠧᠮ ᠳᠤ ᠣᠷᠣᠭᠰᠠᠨ ᠡᠰᠡᠬᠦ︾ ᠪᠠ ︽ᠰᠢᠨ᠎ᠡ ᠲᠠᠷᠢᠶᠠᠯᠠᠩ ᠤᠨ ᠰᠢᠭᠤᠳ ᠮᠡᠳᠡᠭᠦᠯᠬᠦ ᠰᠢᠰᠲ᠋ᠧᠮ︾ ᠤᠨ ᠬᠠᠮᠢᠶᠠᠷᠤᠯᠲᠠ ᠵᠡᠷᠭᠡ | ᠪᠠᠶᠢᠳᠠᠯ ᠳᠤ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠬᠢᠪᠡ᠃ ᠬᠢᠨᠠᠨ ᠲᠣᠭᠲᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ | ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠠᠢ᠃ | ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠬᠢᠨᠠᠨ ᠲᠣᠭᠲᠠᠭᠠᠬᠤ ᠪᠠᠷ ᠳᠠᠮᠵᠢᠭᠤᠯᠤᠨ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠢ ᠶᠢᠨ ᠴᠢᠨᠠᠷ ᠰᠠᠶᠢᠲᠠᠶ ᠬᠥᠭᠵᠢᠯᠲᠡ ᠶᠢ ᠪᠦᠬᠦ ᠲᠠᠯ᠎ᠠ ᠪᠠᠷ ᠪᠦᠲᠦᠮᠵᠢᠲᠡᠶ ᠠᠬᠢᠭᠤᠯᠵᠤ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠪᠠᠷ ᠭᠠᠷᠳᠠᠴᠠ | ᠪᠣᠯᠭᠠᠵᠤ᠂ ︽ᠨᠢᠭᠡ ᠪᠦᠯᠦᠭ ᠢ ᠬᠥᠭᠵᠢᠭᠦᠯᠪᠡᠯ᠂ ᠨᠢᠭᠡ ᠪᠦᠯᠦᠭ ᠢ ᠵᠢᠷᠤᠮᠵᠢᠭᠤᠯᠬᠤ᠂ ᠨᠢᠭᠡ ᠪᠦᠯᠦᠭ ᠢ ᠳᠡᠭᠡᠭᠰᠢᠯᠡᠭᠦᠯᠪᠡᠯ᠂ ᠨᠢᠭᠡ ᠪᠦᠯᠦᠭ ᠢ ᠲᠠᠨᠢᠯᠴᠠᠭᠤᠯᠬᠤ | ︾ ᠰᠡᠳᠬᠢᠴᠠ ᠶᠣᠰᠣᠭᠠᠷ᠂ ᠬᠡᠪᠴᠢᠶ᠎ᠡ ᠨᠢ ᠲᠣᠬᠢᠷᠠᠮᠵᠢᠲᠠᠶ᠂ ᠦᠢᠯᠡᠳᠪᠦᠷᠢᠯᠡᠯ ᠨᠢ ᠡᠷᠴᠢᠮᠯᠢᠭ᠂ ᠬᠠᠮᠢᠶᠠᠷᠤᠯᠲᠠ ᠨᠢ ᠲᠡᠷᠢᠭᠦᠨ ᠤ ᠬᠢ᠂ ᠦᠷ᠎ᠡ ᠠᠰᠢᠭ ᠨᠢ | ᠢᠯᠡᠷᠬᠡᠢ ᠨᠢᠭᠡ ᠪᠦᠯᠦᠭ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠲᠦᠷᠭᠡᠳᠬᠡᠨ ᠪᠤᠶᠢᠵᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠯᠠᠩ | ᠮᠠᠯ ᠠᠵᠤ ᠠᠬᠤᠶ ᠪᠠ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠠᠭᠤᠷᠢ ᠶᠢ ᠨᠢ ᠪᠠᠬᠢᠵᠢᠭᠦᠯᠵᠦ ᠪᠠᠶᠢᠨ᠎ᠠ᠃ |