ᠬᠦᠬᠡᠬᠤᠲᠠ ᠶᠢᠨ ᠲᠦᠷᠢᠶᠡᠰᠦᠨ ᠮᠠᠰᠢᠨ ᠤ ᠠᠵᠢᠯ ᠲᠥᠷᠥᠯ ᠤᠨ ᠰᠢᠯᠭᠠᠭᠤᠯᠤᠭᠴᠢ ᠬᠦᠷᠭᠡᠬᠦ ᠠᠯᠪᠠᠨ ᠵᠢᠷᠤᠮ ᠤᠨ ᠠᠵᠢᠯᠯᠠᠭ᠎ᠠ ᠡᠬᠢᠯᠡᠨ ᠨᠡᠷ᠎ᠡ ᠮᠡᠳᠡᠭᠦᠯᠪᠡ
ᠨᠡᠶᠢᠲᠡᠯᠡᠭᠰᠡᠨ ᠴᠠᠭ᠄
2021/5/26
      ︵ᠰᠤᠷᠪᠤᠯᠵᠢᠯᠠᠭᠴᠢ ᠰᠡᠴᠡᠨ︶  ᠲᠦᠷᠦᠭᠦᠭᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠪᠠᠶᠢᠭᠤᠯᠭ᠎ᠠ ᠶᠢᠨ ᠨᠠᠮ ᠤᠨ ᠬᠤᠷᠢᠶ᠎ᠠ ᠲᠦᠷᠦᠭᠦᠯᠡᠨ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠪᠣᠯᠪᠠᠰᠤᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠬᠠᠮᠳᠤ ᠶᠢᠨ ᠴᠤᠭᠴᠠ ᠶᠢ ᠡᠭᠦᠳᠦᠨ ᠪᠠᠶᠢᠭᠤᠯᠬᠤ︾ ᠠᠵᠢᠯᠯᠠᠭ᠎ᠠ ᠶᠢ ᠵᠤᠬᠢᠶᠠᠨ ᠪᠠᠶᠢᠭᠤᠯᠤᠨ ᠥᠷᠨᠢᠭᠦᠯᠵᠦ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠰᠢᠯᠭᠠᠭᠤᠯᠤᠭᠴᠢ ᠬᠥᠷᠭᠡᠬᠦ ᠠᠯᠪᠠᠨ ᠵᠢᠷᠤᠮ ᠤᠨ ᠠᠵᠢᠯᠯᠠᠭ᠎ᠠ ᠶᠢ ᠨᠢᠭᠡᠨᠲᠡ ᠡᠬᠢᠯᠡᠭᠦᠯᠪᠡ᠃      ᠬᠦᠬᠡᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ ᠲᠦᠷᠦᠯ ᠤᠨ ᠰᠢᠯᠭᠠᠭᠤᠯᠤᠭᠴᠢ ᠬᠦᠷᠭᠡᠬᠦ ᠠᠯᠪᠠᠨ ᠵᠢᠷᠤᠮ ᠤᠨ ᠠᠵᠢᠯᠯᠠᠭ᠎ᠠ  ᠨᠢᠭᠡᠨᠲᠡ5 ᠰᠠᠷ᠎ᠠ ᠶᠢᠨ15 ᠤ ᠡᠳᠦᠷ ᠠᠴᠠ ᠡᠬᠢᠯᠡᠵᠦ ᠨᠡᠷ᠎ᠡ ᠮᠡᠳᠡᠭᠦᠯᠪᠡ᠃ ᠬᠦᠬᠡᠬᠤᠲᠠ ᠶᠢᠨ ᠬᠤᠲᠠ ᠶᠢᠨ ᠲᠣᠭᠤᠷᠢᠭ ᠤᠨ ᠤᠠᠴᠠ ᠬᠦᠴᠢᠷᠳᠡᠯᠲᠡᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠰᠢᠯᠭᠠᠭᠤᠯᠤᠭᠴᠢ᠂ ᠪᠡᠶ᠎ᠡ ᠵᠡᠮᠳᠡᠭ ᠬᠦᠳᠡᠯᠵᠦ ᠪᠠᠷᠢᠬᠤ ᠳᠤ  ᠳᠥᠭᠦᠮ ᠦᠭᠡᠢ ᠰᠢᠯᠭᠠᠭᠤᠯᠤᠭᠴᠢ᠂ ᠥᠷᠡᠭᠳᠡᠭᠰᠡᠨ ᠪᠠᠭᠠᠳᠤᠷᠴᠤᠳ ᠤᠨ ᠭᠡᠷ ᠪᠥᠯᠢ ᠶᠢᠨ ᠥᠷ᠎ᠡ ᠬᠡᠦᠭᠡᠳ᠂ ᠬᠦᠯᠦᠰᠦᠨ ᠮᠠᠯᠴᠢᠨ ᠲᠠᠷᠢᠶᠠᠴᠢᠨ ᠤ ᠦᠷ᠎ᠡ ᠬᠡᠦᠭᠡᠳ ᠪᠣᠯᠤᠨ ᠰᠢᠯᠭᠠᠯᠲᠠ ᠳᠤ ᠤᠷᠤᠯᠴᠠᠬᠤ ᠦᠶ᠎ᠡ ᠳᠤ ᠵᠠᠮ ᠬᠠᠷᠢᠯᠴᠠᠭ᠎ᠠ ᠲᠥᠭᠦᠮ ᠦᠭᠡᠢ ᠰᠢᠯᠭᠠᠯᠲᠠ ᠶᠢᠨ ᠲᠠᠯᠠᠪᠤᠷ ᠠᠴᠠ ᠨᠡᠯᠢᠶᠡᠳ ᠬᠤᠯᠠ ᠪᠠᠶᠢᠭ᠎ᠠ ᠰᠢᠯᠭᠠᠭᠤᠯᠤᠭᠴᠢ᠂ ᠡᠴᠢᠭᠡ ᠡᠬᠡ ᠨᠢ ᠬᠢᠵᠢᠭ ᠲᠠᠢ ᠲᠡᠮᠡᠴᠡᠬᠦ ᠡᠮᠦᠨ᠎ᠡ ᠹᠷᠤᠨᠲ ᠤᠨ ᠠᠵᠢᠯᠲᠠᠨ ᠵᠡᠷᠭᠡ ᠨᠦᠬᠦᠴᠡᠯ ᠳᠤ ᠨᠡᠶᠢᠴᠡᠬᠦ ᠰᠢᠯᠭᠠᠭᠤᠯᠤᠭᠴᠢ ᠪᠦᠷ ᠨᠡᠷ᠎ᠡ ᠮᠡᠳᠡᠭᠦᠯᠵᠦ ᠪᠣᠯᠣᠨ᠎ᠠ ᠃      ᠨᠡᠷ᠎ᠡ ᠮᠡᠳᠡᠭᠦᠯᠬᠦ ᠤᠳᠠᠰᠤ: 5297628  13948911007  5981562  955799 ᠃      ᠨᠡᠷ᠎ᠡ ᠮᠡᠳᠡᠭᠦᠯᠬᠦ ᠴᠠᠭ᠄ 5 ᠰᠠᠷ᠎ᠠ ᠶᠢᠨ17 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠳᠠᠯ᠎ᠠ ᠡᠳᠦᠷ ᠪᠦᠷᠢ 9᠄00 —12᠄00᠂ 14 ᠄00 —17᠄00᠂ 2021 ᠣᠨ ᠤ 5 ᠰᠠᠷ᠎ᠠ ᠶᠢᠨ 31 ᠤ ᠡᠳᠦᠷ ᠬᠦᠷᠲᠡᠯ᠎ᠡ ᠨᠡᠷ᠎ᠡ ᠮᠡᠳᠡᠭᠦᠯᠦᠨ᠎ᠡ᠃      ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠳᠤ ︽ᠴᠡᠭ ᠠᠴᠠ ᠴᠡᠭ ᠲᠤ ᠬᠦᠷᠭᠡᠬᠦ︾ ᠲᠡᠷᠭᠡ ᠲᠣᠬᠢᠷᠠᠭᠤᠯᠤᠨ ᠥᠭᠴᠦ᠂ ᠬᠦᠮᠦᠨ ᠢ ᠲᠤᠭᠲᠠᠭᠠᠵᠤ᠂ ᠲᠡᠷᠭᠡ ᠶᠢ ᠲᠤᠭᠲᠠᠭᠠᠨ᠂ ᠴᠡᠭ ᠲᠤᠭᠲᠠᠭᠠᠨ ᠦᠢᠯᠡᠴᠢᠯᠡᠬᠦ ᠪᠣᠯᠣᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ