ᠬᠦᠬᠡᠬᠤᠲᠠ2023 ᠣᠨ ᠠᠴᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠷᠰᠢᠯᠲᠠ ᠶᠢ ᠠᠩᠬ᠎ᠠ ᠲᠤᠮᠳᠠᠳᠤ ᠶᠢᠨ ᠰᠢᠯᠭᠠᠯᠲᠠ ᠳᠤ ᠤᠷᠤᠭᠤᠯᠤᠨ᠎ᠠ
ᠨᠡᠶᠢᠲᠡᠯᠡᠭᠰᠡᠨ ᠴᠠᠭ᠄
2021/5/26
      ︵ᠰᠤᠷᠪᠤᠯᠵᠢᠯᠠᠭᠴᠢ  ᠨᠠᠪᠴᠢ︶  ᠬᠦᠬᠡᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠤᠶᠢᠷ᠎ᠠ ᠳᠤ ︽ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠷᠰᠢᠯᠲᠠ ᠶᠢ ᠠᠩᠬ᠎ᠠ ᠲᠤᠮᠳᠠᠳᠤ ᠶᠢᠨ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠳᠤ ᠤᠷᠤᠭᠤᠯᠬᠤ ᠬᠤᠯᠪᠤᠭᠳᠠᠯ ᠪᠦᠬᠦᠢ ᠠᠵᠢᠯ ᠢ ᠰᠠᠶᠢᠳᠤᠷ ᠬᠢᠬᠦ ᠲᠤᠬᠠᠢ ᠮᠡᠳᠡᠭᠲᠡᠯ︾ ᠢ ᠨᠡᠶᠢᠲᠡᠯᠡᠵᠡᠢ᠃      ︽ᠮᠡᠳᠡᠭᠳᠡᠯ︾ ᠳᠤ ᠰᠤᠷᠭᠠᠨ ᠬᠦᠮᠦᠵᠢᠯ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠹᠢᠽᠢᠺ᠂ ᠬᠢᠮᠢ᠂ ᠠᠮᠢᠳᠤ ᠪᠤᠳᠠᠰ ᠤᠨ ᠲᠤᠷᠰᠢᠯᠲᠠ ᠶᠢᠨ ᠤᠷ᠎ᠠ ᠴᠢᠳᠠᠪᠤᠷᠢ ᠶᠢᠨ ᠰᠢᠯᠭᠠᠯᠲᠠ ᠶᠢ ᠬᠡᠷᠡᠭᠵᠢᠬᠦᠯᠬᠦ ᠪᠠᠷ ᠳᠠᠮᠵᠢᠭᠤᠯᠵᠤ᠂ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠤᠷᠰᠢᠯᠲᠠ ᠶᠢᠨ ᠠᠵᠢᠯᠯᠠᠭᠠᠨ ᠤ ᠴᠢᠳᠠᠪᠤᠷᠢ ᠶᠢ ᠪᠦᠳᠦᠮᠵᠢᠲᠡᠢ ᠲᠡᠭᠡᠭᠰᠢᠯᠡᠭᠦᠯᠵᠦ᠂ ᠬᠡᠪ ᠴᠢᠨᠠᠷ ᠤᠨ ᠰᠤᠷᠭᠠᠨ ᠬᠦᠮᠦᠵᠢᠯ ᠢ ᠠᠬᠢᠭᠤᠯᠤᠨ᠂ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠦᠭᠡ᠂ ᠣᠷᠤᠨ ᠤ ᠲᠥᠪ ᠠᠴᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠠᠵᠢᠯᠯᠠᠭ᠎ᠠ ᠶᠢ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠥᠪᠰᠢᠨ ᠤ ᠰᠢᠯᠭᠠᠯᠲᠠ ᠳᠤ ᠤᠷᠤᠭᠤᠯᠬᠤ ᠪᠠᠷ ᠪᠠᠶᠢᠨ᠎ᠠ᠃2022 ᠣᠨ ᠳᠤ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠲᠡᠭᠦᠰᠦᠭᠰᠡᠳ ᠹᠢᠽᠢᠺ᠂ ᠬᠢᠮᠢ᠂ ᠠᠮᠢᠳᠤ ᠪᠤᠳᠠᠰ ᠤᠨ ᠲᠤᠷᠰᠢᠯᠲᠠ ᠶᠢᠨ ᠮᠡᠷᠭᠡᠵᠢᠯ ᠴᠢᠳᠠᠪᠤᠷᠢ ᠶᠢᠨ ᠰᠢᠯᠭᠠᠯᠲᠠ ᠬᠢᠵᠦ᠂ ᠰᠢᠯᠭᠠᠯᠲᠠ ᠶᠢᠨ ᠬᠢᠷᠢ ᠪᠦᠳᠦᠮᠵᠢ ᠶᠢ ᠦᠨᠳᠦᠷ ᠲᠤᠮᠳᠠᠳᠤ ᠳᠤ ᠳᠠᠪᠰᠢᠬᠤ ᠰᠢᠯᠭᠠᠯᠲᠠ ᠶᠢᠨ ᠶᠡᠷᠦᠩᠬᠡᠢ ᠬᠤᠪᠢ ᠳᠤ ᠪᠤᠳᠤᠵᠤ ᠤᠷᠤᠭᠤᠯᠬᠤ ᠦᠭᠡᠢ᠂ ᠰᠤᠷᠭᠠᠭᠤᠯᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠪᠠᠶᠢᠳᠠᠯ ᠪᠠ ᠰᠤᠷᠤᠭᠴᠢᠳ ᠤᠨ ᠥᠨᠳᠢᠷ ᠲᠤᠮᠳᠠᠳᠤ ᠳᠤ ᠰᠤᠷᠤᠭᠴᠢ ᠡᠯᠰᠡᠬᠦ ᠳᠤ ᠯᠠᠪᠯᠠᠯᠲᠠ ᠪᠤᠯᠭᠠᠬᠤ ᠥᠨᠳᠦᠰᠦᠯᠡᠯ ᠪᠣᠯᠭᠠᠨ᠎ᠠ᠃ 2023 ᠣᠨ ᠠᠴᠠ ᠡᠬᠢᠯᠡᠨ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠲᠡᠭᠦᠰᠦᠭᠰᠡᠳ ᠤᠨ ᠹᠢᠽᠢᠺ᠂ ᠬᠢᠮᠢ᠂ ᠠᠮᠢᠳᠤ ᠪᠤᠳᠠᠰ ᠤᠨ ᠲᠤᠷᠰᠢᠯᠲᠠ ᠶᠢᠨ ᠤᠷ᠎ᠠ ᠴᠢᠳᠠᠪᠤᠷᠢ ᠶᠢᠨ ᠰᠢᠯᠭᠠᠯᠲᠠ ᠶᠢ ᠦᠨᠳᠦᠷ ᠲᠤᠮᠳᠠᠳᠤ ᠳᠤ ᠳᠠᠪᠰᠢᠬᠤ ᠰᠢᠯᠭᠠᠯᠲᠠ ᠶᠢᠨ ᠬᠢᠷᠢ ᠪᠦᠳᠦᠮᠵᠢ ᠳᠤ ᠲᠡᠮᠳᠡᠭᠯᠡᠨ ᠣᠷᠤᠭᠤᠯᠬᠤ ᠪᠠᠷ ᠪᠠᠶᠢᠨ᠎ᠠ᠃      ᠰᠤᠷᠪᠤᠯᠵᠢᠯᠠᠭᠴᠢ  ᠶᠢᠨ ᠣᠶᠢᠯᠠᠭᠠᠭᠰᠠᠨ ᠢᠶᠠᠷ᠂ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠹᠢᠽᠢᠺ᠂ ᠬᠢᠮᠢ᠂ ᠠᠮᠢᠳᠤ ᠪᠤᠳᠠᠰ ᠤᠨ ︽ᠬᠢᠴᠢᠶᠡᠯ ᠤᠨ ᠪᠠᠷᠢᠮᠵᠢᠶ᠎ᠠ︾ ᠪᠠ ᠥᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠤᠨ ᠬᠠᠮᠢᠶ᠎ᠠ ᠪᠦᠬᠦᠢ ᠲᠥᠷᠥ ᠶᠢᠨ ᠪᠣᠳᠤᠯᠭ᠎ᠠ ᠶᠢ ᠥᠨᠳᠦᠰᠦᠯᠡᠨ᠂ ᠬᠦᠬᠡᠬᠤᠲᠠ ᠶᠢᠨ ᠵᠢᠭᠠᠨ ᠰᠤᠷᠭᠠᠯᠲᠠ ᠶᠢ ᠰᠤᠳᠤᠯᠬᠤ ᠲᠠᠰᠤᠭ ᠠᠴᠠ ᠲᠤᠷᠰᠢᠯᠲᠠ ᠶᠢᠨ ᠠᠵᠢᠯ ᠤᠨ ᠰᠢᠯᠭᠠᠯᠲᠠ ᠶᠢᠨ ᠰᠡᠳᠦᠪ ᠪᠠ ᠬᠤᠪᠢ ᠣᠯᠭᠤᠬᠤ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠵᠢᠯ ᠪᠦᠷᠢ ᠶᠢᠨ ᠬᠢᠴᠢᠶᠡᠯ ᠲᠥᠷᠥᠯ ᠨᠢᠭᠡᠪᠦᠷᠢ ᠶᠢᠨ ᠲᠤᠷᠰᠢᠯᠲᠠ ᠶᠢᠨ ᠠᠵᠢᠯ ᠤᠨ ᠰᠢᠯᠭᠠᠯᠲᠠ ᠶᠢᠨ ᠰᠡᠳᠦᠪ ᠤᠨ ᠬᠡᠮᠵᠢᠶ᠎ᠡ ᠶᠢ ᠲᠤᠭᠲᠠᠭᠠᠬᠤ ᠶᠢᠨ ᠬᠠᠮᠳᠤ᠂2021 ᠣᠨ ᠤ12 ᠰᠠᠷ᠎ᠠ ᠶᠢᠨ30 ᠤ ᠡᠳᠦᠷ ᠠᠴᠠ ᠡᠮᠦᠨ᠎ᠡ ᠬᠠᠮᠢᠶ᠎ᠠ ᠪᠦᠬᠦᠢ ᠠᠵᠢᠯ ᠢ ᠪᠡᠶᠡᠯᠡᠭᠦᠯᠦᠨ᠎ᠡ᠃ ᠲᠤᠷᠰᠢᠯᠲᠠ ᠬᠢᠬᠦ ᠰᠢᠯᠭᠠᠯᠲᠠ ᠶᠢ ᠰᠢᠯᠭᠠᠭᠤᠯᠤᠭᠴᠢ ᠲᠤᠬᠠᠢ ᠶᠢᠨ ᠲᠠᠯᠠᠪᠤᠷ ᠲᠤ ᠪᠤᠳᠠᠳᠠᠢ ᠬᠢᠵᠦ᠂ ᠲᠠᠪᠴᠠᠩ ᠤᠨ ᠲᠦᠭᠦᠬᠡᠷᠦᠮᠵᠢ  ᠪᠠᠷ ᠰᠢᠯᠭᠠᠭᠤᠯᠤᠭᠴᠢ ᠶᠢᠨ ᠠᠵᠢᠯᠯᠠᠭᠠᠨ ᠤ ᠪᠦᠬᠦ ᠶᠠᠪᠤᠴᠠ ᠶᠢ ᠰᠡᠭᠦᠳᠡᠷᠯᠡᠵᠦ᠂ ᠰᠢᠯᠭᠠᠯᠲᠠ ᠶᠢᠨ ᠳᠠᠷᠠᠭ᠎ᠠ ᠸᠢᠳᠢᠤ᠋ ᠶᠢ ᠰᠦᠯᠵᠢᠶᠡᠨ ᠳᠡᠭᠡᠷ᠎ᠡ ᠠᠴᠠ ᠦᠵᠡᠵᠦ ᠨᠢᠭᠡᠳᠦᠯᠲᠡᠢ ᠬᠤᠪᠢ ᠣᠯᠭᠤᠬᠤ ᠬᠡᠯᠪᠡᠷᠢ ᠪᠠᠷ ᠶᠠᠪᠤᠭᠳᠠᠭᠤᠯᠤᠨ᠎ᠠ᠃      ᠳᠠᠷᠠᠭᠠᠴᠢ ᠪᠠᠷ᠂ ᠬᠦᠬᠡᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠶᠢᠨ ᠵᠣᠬᠢᠴᠠᠭᠤᠯᠭ᠎ᠠ ᠪᠠ ᠵᠢᠯᠤᠭᠤᠳᠤᠯᠭ᠎ᠠ ᠪᠠᠷ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠦᠮᠦᠵᠢᠯ ᠤᠨ ᠲᠣᠪᠴᠢᠶ᠎ᠠ ᠨᠢᠭᠲᠠ ᠬᠠᠮᠵᠢᠯᠴᠠᠵᠤ᠂ ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠭᠠᠵᠠᠷ ᠰᠤᠩᠭᠤᠬᠤ ᠠᠵᠢᠯ ᠢ ᠰᠠᠶᠢᠳᠤᠷ ᠬᠢᠨ᠎ᠡ᠃ 2021 ᠣᠨ ᠤ 11 ᠰᠠᠷ᠎ᠠ ᠶᠢᠨ 30  ᠤ ᠡᠳᠦᠷ ᠠᠴᠠ ᠡᠮᠦᠨ᠎ᠡ ᠹᠢᠽᠢᠺ ᠬᠢᠮᠢ ᠶᠢᠨ ᠲᠤᠷᠰᠢᠯᠲᠠ ᠶᠢᠨ ᠠᠵᠢᠯ ᠤᠨ ᠰᠢᠯᠭᠠᠯᠲᠠ ᠶᠢᠨ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠦᠨ᠎ᠡ᠃2021 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠠᠩᠬ᠎ᠠ ᠲᠤᠮᠳᠠᠳᠤ ᠶᠢᠨ ᠹᠢᠽᠢᠺ ᠬᠢᠮᠢ ᠶᠢᠨ ᠲᠤᠷᠰᠢᠯᠲᠠ ᠶᠢᠨ ᠰᠢᠯᠭᠠᠯᠲᠠ ᠶᠢᠨ ᠲᠠᠯᠠᠪᠠᠢ ᠶᠢ ᠪᠠᠷᠢᠮᠵᠢᠶ᠎ᠠ ᠳᠤ ᠬᠦᠷᠭᠡᠵᠦ ᠬᠢᠨᠠᠨ ᠬᠠᠷᠭᠤᠭᠤᠯᠵᠤ ᠰᠢᠯᠭᠠᠨ ᠪᠠᠳᠤᠯᠠᠬᠤ ᠶᠢ ᠪᠡᠶᠡᠯᠡᠭᠦᠯᠦᠨ᠎ᠡ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ