ᠮᠠᠨ ᠤ ᠬᠤᠲᠠ ᠪᠣᠯᠵᠣᠨ ᠳ᠋ᠤᠭᠠᠷᠯᠠᠬᠤ ᠨᠢᠭᠡᠳᠦᠯᠲᠡᠢ ᠲᠠᠪᠴᠠᠩ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ
ᠨᠡᠶᠢᠲᠡᠯᠡᠭᠰᠡᠨ ᠴᠠᠭ᠄
2021/6/10
      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠪᠣᠯᠵᠣᠨ ᠳ᠋ᠤᠭᠠᠷᠯᠠᠬᠤ ᠨᠢᠭᠡᠳᠦᠯᠲᠡᠢ ᠲᠠᠪᠴᠠᠩ ᠣᠷᠴᠢᠮᠬᠠᠨ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠡᠨᠡ ᠪᠣᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠠᠯᠪᠠᠨ ᠶᠣᠰᠣᠭᠠᠷ ᠲᠣᠭᠲᠠᠭᠠᠭᠰᠠᠨ ᠬᠤᠲᠠ ᠶᠢᠨ ᠢᠷᠭᠡᠳ ᠤᠨ ᠣᠨᠤᠰᠢᠯᠠᠭᠤᠯᠵᠤ ᠡᠮᠴᠢᠯᠡᠭᠦᠯᠬᠦ ᠪᠠᠷ ᠪᠣᠯᠵᠣᠨ ᠳ᠋ᠤᠭᠠᠷᠯᠠᠬᠤ ᠠᠷᠭ᠎ᠠ ᠵᠠᠮ ᠪᠣᠯᠤᠨ᠎ᠠ᠂ ︽ᠬᠥᠬᠡ ᠬᠤᠲᠠ ᠶᠢᠨ ᠡᠮᠴᠢᠯᠡᠭᠡ︾ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠪᠣᠯᠵᠣᠨ ᠳ᠋ᠤᠭᠠᠷᠯᠠᠵᠤ ᠪᠣᠯᠤᠨ᠎ᠠ᠂ ᠣᠳᠣᠬᠠᠨ ᠳᠤ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠬᠥᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠵᠡᠷᠭᠡ 7 ᠭᠤᠷᠪᠠᠳᠤᠭᠠᠷ ᠳᠡᠰ ᠤᠨ ᠠᠯᠪᠠᠨ ᠠᠴᠠ ᠡᠷᠭᠢᠯᠡᠭᠰᠡᠨ ᠡᠮᠨᠡᠯᠭᠡ ᠶᠢᠨ ᠬᠤᠷᠢᠶ᠎ᠠ ᠲᠤᠰ ᠲᠠᠪᠴᠠᠩ ᠳᠤ ᠪᠦᠷᠢᠳᠬᠡᠭᠳᠡᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠬᠤᠲᠠ ᠶᠢᠨ ᠢᠷᠭᠡᠳ ᠤᠨ ᠮᠡᠳᠡᠬᠦ ᠨᠣᠷᠮ᠎ᠠ ᠪᠣᠯᠣᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ ᠲᠠᠪᠴᠠᠩ ᠢᠶᠠᠨ ᠦᠷᠭᠦᠯᠵᠢᠯᠡᠨ ᠲᠡᠭᠦᠯᠳᠡᠷᠵᠢᠭᠦᠯᠵᠦ᠂ ᠨᠥᠬᠦᠴᠡᠯ ᠳᠤ ᠨᠡᠶᠢᠴᠡᠬᠦ ᠬᠤᠶᠠᠳᠤᠭᠠᠷ ᠲᠡᠰ ᠠᠴᠠ ᠳᠡᠭᠡᠭᠰᠢᠬᠢ ᠡᠮᠴᠢᠯᠡᠭᠡ ᠶᠢᠨ ᠪᠠᠶᠢᠭᠤᠯᠤᠮᠵᠢ ᠶᠢ ᠠᠯᠬᠤᠮ ᠠᠯᠬᠤᠮ ᠢᠶᠠᠷ ᠪᠦᠷᠢᠳᠬᠡᠵᠦ ᠂ ᠣᠯᠠᠨ ᠲᠦᠮᠡᠨ ᠳᠤ ᠦᠨᠡᠨᠬᠦ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠳᠥᠭᠦᠮ ᠳᠥᠲᠡ ᠶᠢ ᠡᠳ᠋ᠯᠡᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠳᠤ ᠲᠠᠰᠤᠷᠠᠯᠲᠠ ᠦᠭᠡᠢ ᠨᠡᠩ ᠰᠠᠶᠢᠬᠠᠨ ᠨᠥᠬᠦᠴᠡᠯ ᠬᠠᠩᠭᠠᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ