ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ | ᠳᠠᠷᠤᠭ᠎ᠠ ᠵᠠᠩ ᠴᠤᠤ ᠰᠢᠶᠦ᠋ᠩ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠬᠠᠷᠢᠭᠤᠴᠠᠯᠭᠠᠲᠠᠨ ᠯᠢ ᠮᠧᠶ᠂ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠤᠷᠠᠯᠢᠭ | 1.ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ | ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ | ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | 2. ᠬᠥᠲᠥᠯᠥᠭᠴᠢ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠣᠯᠤᠨ᠎ᠠ᠂ ᠮᠠᠨ ᠤ ᠤᠯᠤᠰ ᠤᠨ | ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠶᠢᠨ ᠠᠬᠢᠴᠠ ᠳᠠᠬᠢ ᠣᠨᠴᠠᠭᠠᠢ ᠴᠢᠬᠤᠯᠠ ᠨᠢᠭᠡ ᠵᠢᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠡᠨᠡ | ᠵᠢᠯ ᠤᠨ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷ᠎ᠡ ᠵᠢᠭᠠᠵᠤ ᠭᠠᠷᠭᠠᠭᠰᠠᠨ ᠨᠢ᠂ ᠠᠷᠠᠳ ᠲᠦᠮᠡᠨ ᠳᠤ | ᠦᠢᠯᠡᠴᠢᠯᠡᠬᠦ ᠠᠷᠠᠯ ᠤᠨ ᠨᠤᠮᠤᠬᠠᠨ ᠱᠠᠷ᠂ ᠰᠢᠨ᠎ᠡ ᠶᠢ ᠡᠭᠦᠳᠴᠦ ᠬᠦᠭᠵᠢᠬᠦᠯᠬᠦ ᠠᠳᠠᠷ ᠬᠠᠭᠠᠯᠪᠤᠷᠢᠯᠠᠬᠤ ᠦᠬᠡᠷ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ | ᠠᠷᠠᠯ ᠤᠨ ᠱᠠᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠴᠦᠰ ᠲᠤᠨᠢ ᠲᠤᠯᠲᠠᠯ᠎ᠠ ᠪᠣᠯᠭᠤᠮᠵᠢᠯᠠᠬᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠶᠢᠬᠤ | ᠬᠤᠷᠴᠠ ᠰᠡᠷᠭᠡᠭ ᠲᠠᠷᠢᠬᠢ ᠲᠣᠯᠣᠭᠠᠶ ᠪᠠᠨ ᠡᠭᠦᠷᠢᠳᠡ ᠬᠠᠳᠠᠭᠠᠯᠠᠵᠤ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠡᠷᠡᠰ ᠰᠢᠭᠤᠷᠬᠠᠶ ᠪᠠᠷ ᠤᠷᠤᠭᠰᠢᠯᠠᠨ | ᠲᠠᠪᠰᠢᠬᠤ ᠲᠡᠮᠡᠴᠡᠯ ᠤᠨ ᠬᠠᠳᠠᠨ ᠵᠣᠷᠢᠭ ᠢᠶᠠᠨ ᠡᠭᠦᠷᠢᠳᠡ ᠬᠠᠳᠠᠭᠠᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠵᠠᠮ ᠢᠶᠠᠷ ᠡᠷᠡᠯᠬᠡᠭᠯᠡᠨ ᠤᠷᠤᠭᠰᠢᠯᠠᠬᠤ ᠬᠡᠷᠡᠭᠲᠡᠶ᠃ ︽ᠠᠷᠠᠳ ᠲᠦᠮᠡᠨ ᠳᠤ ᠦᠢᠯᠡᠴᠢᠯᠡᠬᠦ︾ ᠪᠣᠯ ᠠᠷᠠᠯ ᠤᠨ ᠨᠤᠮᠤᠬᠠᠨ ᠱᠠᠷ᠂ | ᠠᠷᠠᠳ ᠤᠨ ᠰᠢᠳᠤᠷᠭᠤ ᠵᠠᠷᠤᠴᠠ ᠶᠢᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠪᠠᠶᠢᠵᠤ᠂ ᠳᠤᠮᠳᠠᠳᠤ ᠤᠯᠤᠰ ᠤᠨ ᠡᠪ ᠬᠠᠮᠲᠤᠴᠤᠳ ᠤᠨ | ᠲᠤᠷᠠᠳᠠᠶᠢᠶ᠎ᠠ ᠠᠷᠠᠳ ᠲᠦᠮᠡᠨ ᠤ ᠲᠥᠯᠥᠭᠡ ᠵᠢᠳᠬᠦᠬᠦ ᠤᠭ ᠰᠠᠨᠠᠭ᠎ᠠ᠂ ᠠᠷᠢᠭᠤᠨ ᠴᠠᠭᠠᠨ ᠰᠡᠳᠬᠢᠯ ᠪᠠ ᠲᠡᠮᠡᠴᠡᠯ ᠤᠨ ᠵᠣᠷᠢᠭ ᠰᠠᠨᠠᠭ᠎ᠠ ᠶᠢ ᠠᠮᠢᠳᠤᠯᠢᠭ ᠢᠶᠠᠷ | ᠢᠯᠡᠷᠡᠭᠦᠯᠦᠭᠰᠡᠨ ᠪᠠᠶᠢᠨ᠎ᠠ᠃ ᠲᠡᠭᠡᠪᠡᠯ ᠮᠠᠨ ᠤ ᠣᠷᠣᠨ ᠤ ᠲᠥᠪ ᠤᠨ ᠡᠳ᠋ ᠤᠨ ᠵᠠᠰᠠᠭ ᠨᠢ ᠠᠷᠠᠳ ᠲᠦᠮᠡᠨ ᠳᠤ ᠦᠢᠯᠡᠴᠢᠯᠡᠬᠦ ᠠᠵᠢᠯ ᠤᠨ ᠳᠤᠮᠳᠠ ᠶᠠᠮᠠᠷ ᠶᠠᠮᠠᠷ | ᠰᠢᠨ᠎ᠡ ᠠᠬᠢᠴᠠ ᠪᠠ ᠰᠢᠨ᠎ᠡ ᠠᠮᠵᠢᠯᠲᠠ ᠣᠯᠤᠭᠰᠠᠨ ᠪᠤᠢ︖ ᠪᠠᠰᠠ ᠶᠠᠮᠠᠷ ᠶᠠᠮᠠᠷ ᠰᠢᠨ᠎ᠡ ᠠᠵᠢᠯ ᠤᠨ ᠰᠡᠳᠬᠢᠴᠡ ᠲᠠᠢ ᠪᠣᠯᠤᠭᠰᠠᠨ ᠪᠤᠢ︖ | 3. ᠬᠥᠲᠥᠯᠥᠭᠴᠢ | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠃ ᠨᠠᠮ ᠪᠠᠶᠢᠭᠤᠯᠤᠭᠳᠠᠭᠰᠠᠨ ᠵᠠᠭᠤᠨ | ᠵᠢᠯ ᠤᠨ ᠣᠢ ᠶᠢᠨ ᠴᠢᠬᠤᠯᠠ ᠶᠡᠭᠡ ᠴᠠᠭ ᠮᠥᠴᠡ ᠳᠤ᠂ ᠪᠦᠬᠦ ᠨᠠᠮ ᠢᠶᠠᠷ ᠢᠶᠠᠨ ᠶᠠᠭ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ | ᠥᠷᠨᠢᠭᠦᠯᠵᠦ ᠪᠠᠶᠢᠨ᠎ᠠ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ ᠵᠠᠭᠤᠨ ᠵᠢᠯ ᠤᠨ ᠲᠡᠦᠬᠡ ᠶᠢᠨ | ᠰᠢᠨ᠎ᠡ ᠭᠠᠷᠤᠭ᠎ᠠ ᠳᠤ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ | ᠪᠣᠯᠤᠨ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠨᠠᠮ ᠪᠦᠬᠦ ᠤᠯᠤᠰ ᠢ ᠳᠠᠶᠢᠴᠢᠯᠠᠨ | ᠢᠲᠡᠭᠡᠯ ᠲᠡᠭᠦᠯᠳᠡᠷ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠣᠷᠣᠯᠴᠠᠭᠤᠯᠬᠤ ᠶᠢᠨ ᠲᠥᠯᠥᠭᠡ | ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠥᠷᠭᠡᠨ ᠤᠯᠠᠨ | ᠨᠠᠮ ᠤᠨ ᠭᠡᠰᠢᠭᠦᠨ ᠢ ᠤᠯᠠᠮ ᠨᠢᠭᠡ ᠠᠯᠬᠤᠮ ᠬᠥᠮᠦᠵᠢᠭᠦᠯᠦᠨ ᠵᠢᠯᠣᠭᠤᠳᠴᠤ ᠪᠠᠶᠢᠭᠠᠳ ᠵᠣᠷᠢᠯᠲᠠ ᠶᠢᠨ ᠤᠬᠠᠮᠰᠠᠷ ᠢ ᠨᠢ ᠤᠯᠠᠮ ᠨᠢᠭᠡ ᠠᠯᠬᠤᠮ ᠪᠠᠲᠤᠳᠬᠠᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠤᠯᠠᠨ ᠲᠦᠮᠡᠨ ᠳᠤ ᠪᠣᠳᠠᠲᠤ | ᠶᠠᠪᠤᠳᠠᠯ᠂ ᠰᠠᠶᠢᠨ ᠶᠠᠪᠤᠳᠠᠯ ᠢ ᠢᠯᠡᠭᠦᠬᠡᠨ ᠬᠢᠵᠦ ᠥᠭᠬᠦ ᠳᠤ ᠠᠰᠢᠭᠲᠠᠢ ᠶᠤᠮ᠃ ᠲᠡᠭᠡᠪᠡᠯ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠲᠤᠰᠬᠠᠶ ᠲᠠᠪᠴᠠᠩ ᠭᠠᠷᠭᠠᠵᠤ ᠬᠠᠷᠢᠭᠤ ᠥᠭᠴᠦ᠂ ᠰᠢᠢᠳᠪᠦᠷᠢᠯᠡᠬᠦ ᠤᠤ︖ | 4. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ | ᠴᠤᠤ ᠰᠢᠶᠦ᠋ᠩ | ᠶᠡᠷᠦᠨᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠯᠪᠠᠨ ᠵᠠᠷᠤᠴᠠ ᠶᠢᠨ ᠤᠬᠠᠮᠰᠠᠷ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ | ᠲᠠᠰᠤᠷᠠᠯᠲᠠ ᠦᠭᠡᠶ ᠴᠢᠩᠭᠠᠳᠬᠠᠬᠤ ᠶᠢ ᠢᠮᠠᠭᠲᠠ ᠪᠠᠷᠢᠮᠲᠠᠯᠠᠵᠤ᠂ ᠢᠯᠠᠩᠭᠤᠶ᠎ᠠ ᠡᠨᠡ ᠵᠢᠯ ᠠᠴᠠ ᠨᠠᠰᠢ᠂ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠬᠦᠯᠵᠦ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠵᠠᠰᠠᠭ ᠵᠠᠬᠢᠷᠭᠠᠨ ᠤ | ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽12345︾ ᠠᠷᠠᠳ ᠲᠤ ᠦᠢᠯᠡᠴᠢᠯᠡᠬᠦ | ᠬᠠᠯᠠᠮᠰᠢᠯ ᠤᠲᠠᠰᠤᠨ ᠤ ᠲᠠᠪᠴᠠᠩ ᠤᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠲᠠᠷᠤᠢ ᠬᠦᠢᠴᠡᠳᠭᠡᠬᠦ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠡᠷᠬᠢᠯᠲᠡ ᠶᠢᠨ ᠳᠠᠶᠢᠯᠠᠯᠳᠤᠭᠠᠨ︾ ᠢ ᠰᠠᠶᠢᠲᠤᠷ ᠬᠢᠬᠦ ᠶᠢᠨ | ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠷᠠᠳ ᠲᠤ ᠦᠢᠯᠡᠴᠢᠯᠡᠬᠦ ᠬᠡᠷ ᠢ ᠪᠠᠶᠢᠭᠤᠯᠵᠤ᠂ 2021 ᠣᠨ ᠤ 1 ᠳ᠋ᠤᠭᠡᠷ ᠰᠠᠷ᠎ᠠ ᠠᠴᠠ | ᠡᠬᠢᠯᠡᠨ ᠵᠢᠩᠬᠢᠨᠢ ᠪᠠᠷ ᠠᠵᠢᠯᠯᠠᠭᠤᠯᠪᠠ᠃ | ᠮᠠᠨ ᠤ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠭᠡᠷ ᠢ ᠲᠤᠰᠬᠠᠶᠢᠯᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠭᠤᠷᠪᠠᠳᠤᠭᠠᠷ | ᠳᠠᠪᠬᠤᠷᠯᠢᠭ ᠤᠨ ᠶᠡᠭᠡ ᠲᠢᠩᠬᠢᠮ ᠳᠤ ᠲᠣᠬᠢᠷᠠᠭᠤᠯᠵᠤ᠂ ᠵᠥᠪᠯᠡᠯᠭᠡ ᠥᠭᠬᠦ᠂ ᠦᠢᠯᠡᠴᠢᠯᠡᠭᠡ ᠬᠠᠩᠭᠠᠬᠤ᠂ ᠮᠡᠳᠡᠭᠡ ᠵᠠᠩᠭᠢ ᠴᠤᠭᠯᠠᠭᠤᠯᠬᠤ᠂ ᠵᠣᠬᠢᠴᠠᠭᠤᠯᠤᠨ | ᠰᠢᠮᠳᠠᠭᠤᠯᠤᠨ ᠰᠢᠢᠳᠪᠦᠷᠢᠯᠡᠬᠦ ᠶᠢ ᠨᠢᠭᠡ ᠴᠣᠭᠴᠠ ᠪᠣᠯᠭᠠᠨ᠂ ᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠶ ᠭᠦᠢᠴᠡᠳᠬᠡᠬᠦ ᠵᠢᠯᠣᠭᠤᠳᠤᠨ | ᠲᠣᠬᠢᠷᠠᠭᠤᠯᠬᠤ ᠲᠥᠪ ᠤᠨ ᠬᠤᠪᠢᠶᠠᠷᠢᠯᠠᠨ ᠲᠣᠮᠢᠯᠠᠬᠤ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ | ᠬᠤᠯᠪᠣᠭᠳᠠᠬᠤ ᠵᠦᠢᠯᠡᠰ ᠤᠨ ᠵᠥᠪᠯᠡᠯᠭᠡ᠂ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠵᠥᠪᠯᠡᠯᠭᠡ᠂ ᠨᠢᠭᠲᠠᠯᠠᠨ ᠪᠣᠳᠤᠭᠴᠢ ᠶᠢᠨ ᠰᠢᠯᠭᠠᠯᠲᠠ ᠶᠢᠨ ᠵᠥᠪᠯᠡᠯᠭᠡ ᠵᠡᠷᠭᠡ ᠶᠢ ᠬᠦᠨᠵᠡᠭᠡᠢ ᠥᠷᠨᠢᠬᠦᠯᠵᠦ᠂ ᠣᠯᠠᠨ ᠲᠦᠮᠡᠨ ᠤ ᠠᠩᠬᠠᠷᠤᠯ ᠪᠣᠯᠤᠨ | ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠪᠦᠲᠦᠮᠵᠢᠲᠡᠶ ᠬᠠᠷᠢᠭᠤᠯᠲᠠ ᠥᠭᠬᠦ ᠶᠢ ᠪᠠᠷᠢᠮᠲᠠᠯᠠᠵᠤ᠂ ᠵᠠᠯᠭᠠᠨ ᠬᠦᠢᠴᠡᠳᠭᠡᠬᠦ᠂ | ᠨᠠᠶᠢᠳᠠᠪᠤᠷᠢᠵᠢᠭᠤᠯᠬᠤ᠂ ᠰᠢᠮᠳᠠᠭᠤᠯᠤᠨ ᠪᠠᠶᠢᠴᠠᠭᠠᠬᠤ᠂ ᠬᠠᠷᠢᠭᠤ ᠲᠤᠰᠬᠠᠬᠤ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠵᠤ᠂ ᠰᠤᠷᠲᠠᠯ ᠤᠨ | ᠬᠤᠪᠢᠷᠠᠭᠤᠯᠤᠯᠲᠠ ᠪᠠᠷ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠦᠷ᠎ᠡ | ᠪᠦᠲᠦᠮᠵᠢ ᠶᠢ ᠬᠡᠮᠵᠢᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠷ ᠠᠵᠢᠯ ᠤᠨ ᠦᠷ᠎ᠡ ᠪᠦᠲᠦᠮᠵᠢ ᠶᠢ ᠪᠠᠲᠤᠯᠠᠨ᠂ ᠣᠷᠣᠨ ᠤ ᠲᠥᠪ ᠤᠨ ᠡᠳ᠋ ᠤᠨ | ᠵᠠᠰᠠᠭ ᠤᠨ ᠦᠢᠯᠡᠴᠢᠯᠡᠭᠡᠨ ᠤ ᠬᠢᠷᠢ ᠲᠦᠪᠰᠢᠨ ᠪᠠ ᠣᠯᠠᠨ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠦᠵᠡᠰᠬᠦᠯᠡᠩᠲᠦ ᠰᠠᠶᠢᠬᠠᠨ ᠣᠷᠣᠨ ᠤ ᠲᠥᠪ ᠤᠨ ᠳᠦᠷᠢ ᠲᠥᠷᠬᠦ ᠶᠢ ᠪᠣᠶ ᠪᠣᠯᠭᠠᠪᠠ᠃ | 5. ᠬᠥᠲᠥᠯᠥᠭᠴᠢ | ᠦᠵᠡᠯ ᠰᠠᠨᠠᠭ᠎ᠠ ᠦᠢᠯᠡ ᠠᠵᠢᠯᠯᠠᠭ᠎ᠠ ᠶᠢ ᠬᠥᠲᠥᠯᠥᠨ ᠳᠠᠭᠠᠭᠤᠯᠵᠤ᠂ ᠲᠠᠨᠢᠯᠲᠠ ᠨᠢ ᠦᠢᠯᠡ ᠠᠵᠢᠯᠯᠠᠭ᠎ᠠ ᠶᠢ ᠲᠣᠭᠲᠠᠭᠠᠨ᠎ᠠ ᠭᠡᠵᠦ ᠪᠢᠳᠡ ᠦᠷᠭᠦᠯᠵᠢ | ᠬᠡᠯᠡᠳᠡᠭ᠃ ᠲᠡᠭᠡᠪᠡᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠬᠢᠨ ᠠᠷᠠᠳ ᠲᠦᠮᠡᠨ ᠳᠤ ᠦᠢᠯᠡᠴᠢᠯᠡᠬᠦ ᠡᠨᠡ ᠬᠦ | ᠠᠵᠢᠯ ᠢ ᠬᠡᠷᠬᠢᠨ ᠲᠠᠨᠢᠵᠤ ᠥᠷᠨᠢᠭᠦᠯᠦᠭᠰᠡᠨ ᠪᠣᠢ︖ | 6. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ | ᠵᠠᠩ ᠴᠤᠤ ᠰᠢᠶᠦ᠋ᠩ | | | | | ᠠᠷᠠᠳ ᠲᠤ ᠦᠢᠯᠡᠴᠢᠯᠡᠬᠦ ᠬᠡᠷ ᠠᠵᠢᠯᠯᠠᠭᠰᠠᠨ ᠠᠴᠠ ᠨᠠᠰᠢ᠂ ᠮᠠᠨ ᠤ ᠦᠢᠯᠡᠴᠢᠯᠡᠭᠡᠨ ᠤ ᠪᠦᠯᠬᠦᠮ ᠤᠨ ᠬᠢᠨ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠬᠦ ᠶᠢ ᠢᠮᠠᠭᠲᠠ ᠪᠠᠷᠢᠮᠲᠠᠯᠠᠵᠤ᠂ ︽ ᠠᠷᠠᠳ ᠲᠤ ᠦᠢᠯᠡᠴᠢᠯᠡᠬᠦ ᠬᠡᠷ︾ ᠠᠵᠢᠯ ᠢ ᠰᠠᠶᠢᠲᠤᠷ ᠬᠢᠬᠦ ᠶᠢᠨ ᠲᠤᠯᠭᠠᠮ᠎ᠠ ᠴᠢᠨᠠᠷ ᠪᠠ ᠴᠢᠬᠤᠯᠠ ᠴᠢᠨᠠᠷ ᠢ | ᠭᠦᠢᠴᠡᠳ ᠲᠠᠨᠢᠵᠤ᠂ ︽ᠠᠷᠠᠳ ᠲᠤ ᠦᠢᠯᠡᠴᠢᠯᠡᠬᠦ ᠬᠡᠷ︾ ᠪᠣᠯ ᠮᠠᠨ ᠤ ᠲᠣᠪᠴᠢᠶ᠎ᠠ ᠪᠣᠯᠤᠨ ᠠᠵᠤ ᠠᠬᠤᠶᠢᠯᠠᠯ ᠤᠯᠠᠨ ᠲᠦᠮᠡᠨ ᠤ ᠬᠤᠭᠤᠷᠣᠨᠳᠣᠬᠢ | ᠬᠦᠭᠦᠷᠭᠡ ᠬᠤᠯᠪᠤᠭᠠᠰᠤ ᠮᠥᠨ᠂ ᠡᠳ᠋ ᠤᠨ ᠵᠠᠰᠠᠭ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠰᠢᠯᠭᠠᠬᠤ ᠰᠢᠯᠭᠠᠭᠤᠷ ᠮᠥᠨ᠂ ᠠᠷᠠᠳ | ᠲᠦᠮᠡᠨ ᠳᠤ ᠦᠢᠯᠡᠴᠢᠯᠡᠬᠦ ᠭᠡᠷ ᠤᠨ ᠡᠯ᠎ᠡ ᠵᠦᠢᠯ ᠤᠨ ᠠᠵᠢᠯ ᠢ ᠰᠠᠶᠢᠲᠤᠷ ᠥᠷᠨᠢᠭᠦᠯᠬᠦ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ᠂ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠬᠠᠮᠤᠭ ᠠᠴᠠ ᠰᠢᠭᠤᠳ ᠢᠯᠡᠷᠡᠭᠦᠯᠵᠦ ᠴᠢᠳᠠᠬᠤ ᠶᠢ ᠪᠠᠲᠤ ᠴᠡᠭᠡᠵᠢᠯᠡᠪᠡ᠃ | ᠮᠠᠨ ᠤ ᠲᠣᠪᠴᠢᠶ᠎ᠠ ᠶᠢᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠭᠠᠷᠳᠠᠨ ᠬᠢᠵᠦ᠂ ᠠᠵᠢᠯ ᠢᠶᠠᠨ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠮᠥᠷᠥᠨ | ᠳᠡᠭᠡᠷ᠎ᠡ ᠪᠠᠨ ᠡᠭᠦᠷᠭᠡᠯᠡᠬᠦ ᠶᠢ ᠪᠠᠷᠢᠮᠲᠠᠯᠠᠪᠠ᠃ ︽ᠠᠷᠠᠳ ᠤᠨ ᠬᠦᠰᠡᠯ ᠱᠠᠭᠠᠷᠳᠠᠯᠭ᠎ᠠ ᠶᠢ ᠬᠦᠯᠢᠶᠡᠪᠡᠯ ᠪᠢᠳᠠ ᠬᠠᠷᠢᠭᠤ ᠥᠭᠴᠦ᠂ ᠴᠢᠮᠡᠭᠡ ᠶᠢ ᠨᠢ | ᠰᠣᠨᠣᠰᠤᠮᠠᠭᠴᠠ ᠬᠥᠳᠡᠯᠦᠯᠴᠡᠵᠦ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠬᠦᠢᠴᠡᠳᠭᠡᠬᠦ︾ ᠱᠠᠭᠠᠷᠳᠠᠯᠭ᠎ᠠ ᠶᠣᠰᠣᠭᠠᠷ᠂ ᠴᠢᠩᠭ᠎ᠠ ᠬᠦᠴᠦᠲᠡᠢ ᠤᠯᠤᠰ | ᠲᠦᠷᠦ ᠶᠢᠨ ᠡᠭᠦᠷᠭᠡᠯᠡᠯ᠂ ᠠᠷᠠᠳ ᠤᠨ ᠲᠥᠯᠥᠭᠡ ᠵᠢᠳᠬᠦᠬᠦ ᠴᠢᠩ ᠦᠨᠡᠨᠴᠢ ᠰᠡᠳᠬᠢᠯᠭᠡ ᠪᠠᠷ ︽ᠠᠷᠠᠳ ᠲᠤ ᠦᠢᠯᠡᠴᠢᠯᠡᠬᠦ︾ ᠠᠵᠢᠯ ᠢ ᠭᠦᠨᠵᠡᠭᠡᠢ ᠠᠳᠬᠤᠵᠤ | ᠂ ᠪᠣᠳᠠᠲᠠᠢ ᠬᠢᠵᠦ᠂ ᠥᠨᠳᠥᠷ ᠲᠦᠪᠰᠢᠨ ᠳᠤ ᠠᠬᠢᠭᠤᠯᠪᠠ᠃ ᠢᠯᠠᠩᠭᠤᠶ᠎ᠠ ᠡᠨᠡ ᠵᠢᠯ ᠤᠨ ᠪᠦᠬᠦ ᠨᠠᠮ ᠢᠶᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠭᠦᠨᠵᠡᠭᠡᠶ ᠥᠷᠨᠢᠭᠦᠯᠵᠦ ᠪᠠᠶᠢᠭ᠎ᠠ ᠴᠢᠬᠤᠯᠠ ᠴᠠᠭ ᠦᠶ᠎ᠡ ᠳᠤ᠂ ᠪᠢᠳᠡ ᠨᠡᠩ ᠴᠤ ︽ ᠠᠷᠠᠳ ᠲᠤ ᠦᠢᠯᠡᠴᠢᠯᠡᠬᠦ ᠬᠡᠷ︾ ᠢ ᠣᠷᠣᠨ ᠤ ᠲᠥᠪ ᠤᠨ | ᠡᠳ᠋ ᠤᠨ ᠵᠠᠰᠠᠭ ᠠᠴᠠ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠ ᠴᠣᠩᠬᠤ ᠪᠣᠯᠭᠠᠵᠤ᠂ ᠡᠨᠡᠬᠦ | ᠲᠠᠪᠴᠠᠩ ᠢᠶᠠᠷ ᠳᠠᠮᠵᠢᠭᠤᠯᠤᠨ ᠠᠵᠤ ᠠᠬᠤᠶᠢᠯᠠᠯ ᠣᠯᠠᠨ ᠲᠦᠮᠡᠨ ᠬᠦᠰᠡᠯ ᠱᠠᠭᠠᠷᠳᠠᠯᠭ᠎ᠠ ᠪᠠᠨ ᠦᠨᠡᠨ ᠬᠦ ᠲᠤᠰᠬᠠᠬᠤ ᠶᠢᠨ ᠬᠠᠮᠲᠤ ᠪᠢᠳᠡᠨ ᠤ | ᠴᠢᠷᠮᠠᠶᠢᠯᠭ᠎ᠠ ᠪᠠᠷ ᠳᠠᠮᠵᠢᠭᠤᠯᠤᠨ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠰᠠᠶᠢᠲᠤᠷ ᠰᠢᠢᠳᠪᠦᠷᠢᠯᠡᠵᠦ᠂ ᠨᠢᠭᠡ ᠶᠢ ᠲᠤᠰᠪᠠᠯ᠂ ᠨᠢᠭᠡ ᠶᠢ ᠬᠢᠵᠦ᠂ | ᠨᠢᠭᠡ ᠶᠢ ᠪᠦᠲᠦᠭᠡᠵᠦ᠂ ᠠᠵᠤ ᠠᠬᠤᠶᠢᠯᠠᠯ ᠣᠯᠠᠨ ᠲᠦᠮᠡᠨ ᠢ ᠣᠴᠢᠷ ᠶᠠᠪᠤᠳᠠᠯ ᠨᠢᠭᠡᠪᠦᠷᠢ ᠳᠤ ᠰᠡᠳᠬᠢᠯ ᠬᠠᠨᠤᠮᠵᠢᠲᠠᠶ ᠪᠣᠯᠭᠠᠬᠤ ᠶᠢ ᠬᠦᠰᠡᠵᠦ ᠪᠠᠶᠢᠨ᠎ᠠ᠃ | ᠡᠭᠦᠨ ᠤ ᠬᠠᠮᠲᠤ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠦᠢᠯᠡᠴᠢᠯᠡᠭᠡᠨ ᠤ ᠦᠢᠯᠡ ᠠᠵᠢᠯᠯᠠᠭ᠎ᠠ ᠪᠠᠨ ᠵᠢᠷᠤᠮᠵᠢᠭᠤᠯᠤᠨ | ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠭᠤᠷᠪᠠᠨ ᠥᠯᠢᠭᠡᠷ ᠳᠠᠭᠤᠷᠢᠶᠠᠯ︾ ᠢ ᠪᠡᠶᠡᠯᠡᠭᠦᠯᠦᠨ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠣᠯᠠᠨ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠶᠢᠨ | ᠲᠥᠯᠥᠭᠡ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠠᠰᠠ ︽ᠠᠷᠠᠳ ᠲᠤ ᠦᠢᠯᠡᠴᠢᠯᠡᠬᠦ ᠬᠡᠷ ᠤᠨ ᠠᠵᠢᠯᠲᠠᠨ ᠤ ᠦᠢᠯᠡ ᠠᠵᠢᠯᠯᠠᠭᠠᠨ ᠤ | ᠵᠢᠷᠤᠮᠵᠢᠯ︾ ᠢ ᠲᠤᠰᠬᠠᠶᠢᠯᠠᠨ ᠰᠤᠳᠤᠯᠤᠨ ᠲᠣᠭᠲᠠᠭᠠᠪᠠ᠃ | 7. ᠬᠥᠲᠥᠯᠥᠭᠴᠢ | ᠡᠨᠡ ᠬᠦ ᠦᠢᠯᠡ ᠠᠵᠢᠯᠯᠠᠭᠠᠨ ᠤ ᠵᠢᠷᠤᠮᠵᠢᠯ ᠨᠢ ᠠᠵᠢᠯᠲᠠᠨ ᠤ ᠦᠢᠯᠡᠴᠢᠯᠡᠭᠡᠨ ᠤ ᠶᠠᠪᠤᠴᠠ ᠳᠤ ᠪᠣᠳᠠᠲᠠᠶ ᠶᠠᠮᠠᠷ ᠶᠠᠮᠠᠷ ᠱᠠᠭᠠᠷᠳᠠᠯᠭ᠎ᠠ ᠲᠠᠢ ᠪᠣᠶ︖ | 8. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠬᠠᠷᠢᠭᠤᠴᠠᠯᠭᠠᠲᠠᠨ ᠯᠢ ᠮᠧᠶ | | | | | | ᠠᠷᠠᠳ ᠲᠤ ᠦᠢᠯᠡᠴᠢᠯᠡᠬᠦ ᠬᠡᠷ ᠤᠨ ᠠᠵᠢᠯᠲᠠᠳ ᠤᠨ ᠠᠵᠢᠯᠯᠠᠭᠠᠨ ᠤ ᠵᠢᠷᠤᠮᠵᠢᠯ ᠨᠢ ᠮᠠᠨ ᠤ ᠦᠢᠯᠡᠴᠢᠯᠡᠭᠡᠨ ᠤ ᠪᠦᠯᠬᠦᠮ ᠳᠤ ᠨᠡᠶᠢᠳᠡ 5 ᠲᠠᠯ᠎ᠠ ᠶᠢᠨ | ᠱᠠᠭᠠᠷᠳᠠᠯᠭ᠎ᠠ ᠳᠤᠷᠠᠳᠪᠠ᠄ | ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢ ᠪᠣᠳᠣᠯᠬᠢᠯᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠴᠢᠶᠡᠨ ᠴᠢᠷᠮᠠᠶᠢᠵᠤ ᠠᠵᠢᠯ ᠦᠢᠯᠡᠰ ᠢᠶᠠᠨ | ᠳᠡᠭᠡᠳᠦᠯᠡᠵᠦ᠂ ᠡᠳ᠋ ᠤᠨ ᠵᠠᠰᠠᠭ ᠤᠨ ᠡᠭᠦᠷᠭᠡ ᠴᠢᠳᠠᠪᠬᠢ ᠪᠠᠨ ᠴᠢᠷᠮᠠᠶᠢᠨ ᠪᠠᠳᠠᠷᠠᠭᠤᠯᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ | ᠠᠰᠠᠭᠤᠳᠠᠯ ᠢ ᠨᠢ ᠰᠢᠢᠳᠪᠦᠷᠢᠯᠡᠨ ᠥᠭᠴᠦ᠂ ᠪᠤᠶᠠᠨ ᠵᠢᠷᠭᠠᠯ ᠡᠳ᠋ᠯᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠦᠢᠯᠡᠴᠢᠯᠡᠭᠡᠨ ᠤ ᠳᠤᠮᠳᠠ ᠬᠥᠮᠦᠨ ᠢ | ᠬᠦᠨᠳᠦᠳᠬᠡᠬᠦ᠂ ᠬᠥᠮᠦᠨ ᠢ ᠬᠠᠯᠠᠮᠵᠢᠯᠠᠬᠤ᠂ ᠬᠥᠮᠦᠨ ᠳᠤ ᠲᠥᠬᠦᠮ ᠦᠵᠡᠭᠦᠯᠬᠦ ᠣᠨᠣᠯᠵᠢᠬᠤᠨ ᠢ ᠭᠦᠢᠴᠡᠳᠢᠯᠡᠷᠡᠭᠦᠯᠵᠦ᠂ ᠰᠢᠯᠢᠳᠡᠭ ᠦᠢᠯᠡᠴᠢᠯᠡᠭᠡᠨ ᠤ | ᠳᠠᠭᠤᠷᠢᠶᠠᠯ ᠪᠣᠯᠬᠤ ᠪᠠᠷ ᠴᠢᠷᠮᠠᠶᠢᠵᠤ᠂ ᠵᠢᠱᠢᠶᠡᠴᠢ ᠨᠢᠭᠡᠴᠡ ᠪᠠᠶᠢᠭᠤᠯᠭ᠎ᠠ ᠶᠢ ᠴᠢᠷᠮᠠᠶᠢᠨ ᠡᠭᠦᠳᠬᠦ ᠬᠡᠷᠡᠭᠲᠡᠶ᠃ | ᠬᠤᠶᠠᠷ ᠲᠤ᠂ ᠬᠥᠮᠦᠨ ᠳᠤ ᠶᠣᠰᠣᠷᠬᠠᠭ᠂ ᠦᠨᠡᠨᠴᠢ ᠬᠠᠯᠠᠭᠤᠮᠰᠤᠭ ᠬᠠᠨᠳᠤᠬᠤ ᠬᠡᠷᠡᠭᠲᠡᠶ᠃ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ | ᠬᠦᠯᠢᠶᠡᠨ ᠠᠪᠬᠤ ᠳᠤ᠂ ᠢᠷᠡᠬᠦ ᠳᠤ ᠨᠢ ᠤᠭᠳᠤᠵᠤ᠂ ᠠᠰᠠᠭᠤᠬᠤ ᠳᠤ ᠨᠢ ᠬᠠᠷᠢᠭᠤᠯᠵᠤ᠂ ᠶᠠᠪᠤᠬᠤ ᠳᠤ ᠨᠢ ᠥᠳᠡᠬᠦ ᠶᠢ ᠪᠡᠶᠡᠯᠡᠭᠦᠯᠬᠦ ᠬᠡᠷᠡᠭᠲᠡᠶ᠃ | ᠬᠦᠯᠢᠴᠡᠩᠭᠦᠶ ᠪᠠᠷ ᠰᠣᠨᠣᠰᠴᠤ᠂ ᠨᠠᠷᠢᠨ ᠨᠢᠭᠲᠠ ᠲᠡᠮᠳᠡᠭᠯᠡᠵᠦ᠂ ᠢᠳᠡᠪᠬᠢᠲᠡᠶ ᠬᠠᠷᠢᠯᠴᠠᠵᠤ᠂ ᠲᠣᠬᠢᠲᠠᠶ ᠰᠢᠢᠳᠪᠦᠷᠢᠯᠡᠵᠦ᠂ ᠬᠢᠵᠦ ᠳᠡᠶᠢᠯᠬᠦ ᠵᠦᠢᠯ ᠢ | ᠳᠠᠷᠦ᠋ᠢᠬᠠᠨ ᠭᠦᠢᠴᠡᠳᠬᠡᠵᠦ᠂ ᠮᠡᠳᠡᠬᠦ ᠦᠭᠡᠢ ᠪᠤᠶᠤ ᠣᠶᠢᠯᠠᠭᠠᠬᠤ ᠦᠭᠡᠢ ᠠᠰᠠᠭᠤᠳᠠᠯ ᠢ ᠲᠣᠳᠣᠷᠬᠠᠶ ᠠᠰᠠᠭᠤᠭᠰᠠᠨ ᠤ ᠳᠠᠷᠠᠭ᠎ᠠ ᠳᠠᠬᠢᠨ ᠬᠠᠷᠢᠭᠤᠯᠲᠠ ᠥᠭᠴᠦ | ᠂ ᠲᠤᠰᠢᠶᠠᠯ ᠬᠠᠷᠢᠭᠤᠴᠠᠯᠭ᠎ᠠ ᠶᠢᠨ ᠪᠤᠰᠤ ᠬᠡᠪᠴᠢᠶᠡᠨ ᠳᠠᠬᠢ ᠱᠠᠭᠠᠷᠳᠠᠯᠭ᠎ᠠ ᠪᠠ ᠲᠦᠷ ᠴᠠᠭ ᠰᠢᠢᠳᠪᠦᠷᠢᠯᠡᠵᠦ ᠳᠡᠶᠢᠯᠬᠦ ᠦᠭᠡᠢ ᠵᠦᠢᠯ ᠢ ᠲᠠᠶᠢᠯᠪᠤᠷᠢᠯᠠᠬᠤ | ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠠᠵᠢᠯᠲᠠᠨ ᠤ ᠰᠠᠶᠢᠨ ᠰᠠᠶᠢᠬᠠᠨ ᠬᠡᠪ ᠪᠣᠯᠪᠠᠰᠤᠷᠠᠯ ᠪᠠ ᠤᠶᠤᠨ ᠰᠠᠨᠠᠭᠠᠨ ᠤ ᠳᠦᠷᠰᠦ ᠪᠠᠶᠢᠳᠠᠯ ᠢ ᠴᠠᠭ | ᠢᠮᠠᠭᠲᠠ ᠢᠯᠡᠷᠡᠭᠦᠯᠬᠦ ᠬᠡᠷᠡᠭᠲᠡᠶ᠃ | ᠭᠤᠷᠪᠠ ᠳᠤ ᠪᠣᠯᠪᠠᠰᠤᠨ ᠦᠭᠡ ᠬᠡᠯᠡᠯᠭᠡ ᠶᠢ ᠬᠡᠷᠡᠭᠯᠡᠵᠦ᠂ ᠡᠪᠲᠡᠢ ᠰᠠᠶᠢᠬᠠᠨ ᠢᠯᠡᠳᠬᠡᠬᠦ ᠬᠡᠷᠡᠭᠲᠡᠶ᠃ ᠬᠥᠮᠦᠨ ᠲᠠᠢ ᠶᠠᠷᠢᠯᠴᠠᠬᠤ ᠳᠠᠭᠠᠨ ᠠᠬᠤᠶ | ᠪᠠᠶᠢᠳᠠᠯ ᠢ ᠠᠩᠬᠠᠷᠴᠤ᠂ ᠡᠪᠲᠡᠢ ᠢᠯᠡᠳᠬᠡᠨ᠂ ᠪᠣᠯᠪᠠᠰᠤᠨ ᠶᠠᠷᠢᠬᠤ ᠬᠡᠷᠡᠭᠲᠡᠶ᠃ | ᠳᠥᠷᠪᠡ ᠳᠤ᠂ ᠳᠦᠷᠢ ᠲᠥᠷᠬᠦ ᠴᠡᠪᠡᠷ ᠲᠡᠭᠰᠢ᠂ ᠬᠥᠳᠡᠯᠦᠯ ᠪᠠᠷᠢᠯ ᠨᠢ ᠠᠭᠤᠵᠢᠭᠤ ᠲᠠᠯᠪᠢᠭᠤ ᠪᠠᠶᠢᠬᠤ ᠬᠡᠷᠡᠭᠲᠡᠶ᠃ ᠨᠠᠮ ᠤᠨ ᠭᠡᠰᠢᠭᠦᠨ ᠨᠠᠮ ᠤᠨ | ᠰᠦᠯᠳᠡ ᠪᠠᠨ ᠵᠡᠭᠦᠨ᠎ᠡ᠃ | ᠲᠠᠪᠤ ᠳᠤ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠲᠥᠪ ᠭᠤᠣᠯᠴᠢ ᠪᠠᠶᠢᠬᠤ ᠬᠡᠷᠡᠭᠲᠡᠶ᠃ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ | ᠪᠠ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠠᠬᠢᠵᠤ᠂ ᠨᠢᠭᠤᠴᠠ ᠶᠢ ᠬᠠᠮᠠᠭᠠᠯᠠᠬᠤ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠠᠷᠴᠢᠮ ᠢ ᠪᠠᠷᠢᠮᠲᠠᠯᠠᠨ ᠭᠤᠣᠯᠴᠢ ᠪᠠᠷ ᠠᠵᠢᠯᠯᠠᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ | ᠡᠷᠬᠡᠪᠰᠢ ᠭᠦᠢᠴᠡᠳᠬᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ ᠪᠠᠶᠢᠬᠤ ᠶᠢ ᠪᠡᠶᠡᠯᠡᠭᠦᠯᠵᠦ᠂ ᠭᠠᠷ ᠲᠠᠬᠢ ᠡᠷᠬᠡ ᠪᠠᠨ ᠢᠯᠡ ᠪᠠᠷ | ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠮᠠᠨ ᠤ ᠦᠢᠯᠡᠴᠢᠯᠡᠭᠡᠨ ᠤ ᠪᠦᠯᠬᠦᠮ ᠤᠨ ᠬᠢᠨ ᠡᠨᠡ ᠲᠠᠪᠤᠨ ᠵᠦᠢᠯ ᠤᠨ ᠱᠠᠭᠠᠷᠳᠠᠯᠭ᠎ᠠ ᠶᠢ ᠪᠠᠷᠢᠮᠲᠠᠯᠠᠨ ᠪᠡᠶᠡᠯᠡᠭᠦᠯᠬᠦ ᠶᠢᠨ ᠬᠠᠮᠳᠤ᠂ ︽ᠬᠥᠮᠦᠨ ᠪᠦᠬᠦᠨ | ᠴᠥᠮ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠪᠠᠶᠢᠵᠤ᠂ ᠬᠥᠮᠦᠨ ᠪᠦᠬᠦᠨ ᠣᠷᠣᠨ ᠤ ᠲᠥᠪ ᠤᠨ ᠳᠦᠷᠢ ᠲᠥᠷᠬᠦ ᠲᠠᠢ ᠬᠤᠯᠪᠣᠭᠳᠠᠨ᠎ᠠ︾ ᠭᠡᠬᠦ | ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠡᠳ᠋ ᠤᠨ ᠵᠠᠰᠠᠭ ᠤᠨ ᠵᠣᠷᠢᠭ ᠰᠠᠨᠠᠭ᠎ᠠ ᠶᠢ ᠢᠳᠡᠪᠬᠢᠲᠡᠶ ᠦᠢᠯᠡᠳᠦᠯᠭᠡᠵᠢᠭᠦᠯᠦᠨ᠂ ︽6646︾ ᠦᠢᠯᠡᠴᠢᠯᠡᠭᠡᠨ ᠤ | ᠵᠢᠷᠤᠮᠵᠢᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ᠂ ᠦᠨᠳᠦᠰᠦᠨ ᠱᠠᠲᠤᠨ ᠳᠤ | ᠦᠢᠯᠡᠴᠢᠯᠡᠬᠦ᠂ ᠲᠥᠰᠦᠪ ᠤᠨ ᠨᠢᠭᠡᠴᠡ ᠳᠤ ᠦᠢᠯᠡᠴᠢᠯᠡᠬᠦ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠭᠡᠵᠦ᠂ ᠣᠷᠣᠨ ᠤ | ᠲᠥᠪ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠴᠢᠷᠮᠠᠶᠢᠨ | ᠳᠡᠭᠡᠭᠰᠢᠯᠡᠭᠦᠯᠦᠨ᠎ᠡ᠃ | 9. ᠬᠥᠲᠥᠯᠥᠭᠴᠢ | ᠲᠠ ︽6646︾ ᠭᠡᠰᠡᠨ ᠦᠭᠡ ᠶᠢ ᠳᠤᠷᠠᠳᠴᠠᠶ᠂ ᠡᠨᠡ ᠦᠭᠡ ᠶᠠᠮᠠᠷ ᠤᠳᠬ᠎ᠠ ᠶᠢ ᠲᠥᠯᠥᠭᠡᠯᠡᠵᠦ ᠪᠠᠶᠢᠬᠤ ᠪᠤᠢ︖ | 10. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠬᠠᠷᠢᠭᠤᠴᠠᠯᠭᠠᠲᠠᠨ ᠯᠢ ᠮᠧᠶ | ︽6646︾ ᠪᠣᠯ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2020 ᠣᠨ ᠤ ᠡᠬᠢ ᠪᠠᠷ ᠪᠥᠬᠦ ᠲᠣᠪᠴᠢᠶ᠎ᠠ ᠶᠢᠨ | ᠺᠠᠳ᠋ᠷ ᠠᠵᠢᠯᠲᠠᠨ ᠠᠵᠢᠯᠴᠢᠨ ᠳᠤ ᠳᠤᠷᠠᠳᠤᠭᠰᠠᠨ ᠪᠥᠭᠡᠳ ᠰᠠᠨᠠᠭᠠᠴᠢᠯᠠᠭᠰᠠᠨ ᠨᠢᠭᠡ ᠵᠦᠢᠯ ᠤᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢᠨ ᠵᠢᠷᠤᠮᠵᠢᠯ ᠮᠥᠨ | ᠂ ᠡᠨᠡ ᠨᠢ ᠵᠥᠪᠬᠡᠨ ᠠᠷᠠᠳ ᠲᠤ ᠦᠢᠯᠡᠴᠢᠯᠡᠬᠦ ᠬᠡᠷ ᠤᠨ ᠺᠠᠳ᠋ᠷᠴᠤᠳ ᠲᠤ ᠵᠣᠷᠢᠭᠤᠯᠤᠭᠰᠠᠨ ᠪᠢᠰᠢ ᠬᠠᠷᠢᠨ ᠪᠥᠬᠦ ᠲᠣᠪᠴᠢᠶ᠎ᠠ ᠶᠢᠨ ᠺᠠᠳ᠋ᠷ ᠠᠵᠢᠯᠲᠠᠨ | ᠠᠵᠢᠯᠴᠢᠨ ᠢ ᠪᠠᠭᠲᠠᠭᠠᠭᠰᠠᠨ ᠨᠢᠭᠡ ᠵᠦᠢᠯ ᠤᠨ ᠴᠢᠬᠤᠯᠠ ᠦᠢᠯᠡᠴᠢᠯᠡᠭᠡᠨ ᠤ ᠦᠢᠯᠡ ᠠᠵᠢᠯᠯᠠᠭ᠎ᠠ ᠶᠢᠨ ᠱᠠᠭᠠᠷᠳᠠᠯᠭ᠎ᠠ ᠮᠥᠨ᠂ ᠲᠡᠭᠦᠨ ᠤ ᠮᠥᠨ ᠴᠢᠨᠠᠷ ᠨᠢ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠶᠠᠪᠤᠳᠠᠯ ᠬᠦᠢᠴᠡᠳᠭᠡᠬᠦ ᠠᠵᠤ ᠠᠬᠤᠶᠢᠯᠠᠯ᠂ ᠣᠯᠠᠨ | ᠲᠦᠮᠡᠨ ᠳᠤ ᠨᠠᠩ ᠲᠥᠬᠦᠮ ᠦᠵᠡᠭᠦᠯᠵᠦ᠂ ᠡᠳ᠋ ᠤᠨ ᠵᠠᠰᠠᠭ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠳᠤ ᠪᠣᠶ᠃ | ᠨᠢᠭᠡᠳᠦᠭᠡᠷ ᠲᠣᠭᠠᠨ ᠤ ︽6︾ ᠨᠢ ︽ᠵᠢᠷᠭᠤᠭᠠᠨ ᠨᠢᠭᠡ︾ ᠶᠢ ᠵᠢᠭᠠᠵᠤ ᠪᠠᠶᠢᠨ᠎ᠠ᠄ ᠨᠢᠭᠡ ᠨᠢᠭᠤᠷ ᠢᠨᠢᠶᠡᠮᠰᠦᠭᠯᠡᠨ ᠤᠭᠲᠤᠬᠤ᠂ ᠨᠢᠭᠡ ᠰᠠᠨᠳᠠᠯᠢ ᠢᠶᠠᠨ ᠤᠷᠤᠨ | ᠵᠠᠶᠢᠯᠠᠵᠤ ᠥᠭᠬᠦ᠂ ᠨᠢᠭᠡ ᠴᠣᠮᠣ ᠤᠰᠤ ᠪᠠᠷᠢᠵᠤ ᠬᠠᠯᠠᠮᠵᠢᠯᠠᠬᠤ᠂ ᠨᠢᠭᠡ ᠬᠠᠯᠠᠭᠤᠨ ᠰᠡᠳᠬᠢᠯ ᠢᠶᠠᠷ ᠤᠴᠢᠷ ᠶᠠᠪᠤᠳᠠᠯ ᠢ ᠪᠦᠲᠦᠭᠡᠬᠦ᠂ ᠨᠢᠭᠡ ᠠᠰᠠᠭᠤᠪᠠᠯ ᠨᠢᠭᠡ | ᠬᠠᠷᠢᠭᠤᠯᠲᠠ ᠥᠭᠬᠦ᠂ ᠪᠠᠶᠠᠷᠲᠠᠶ ᠭᠡᠬᠦ ᠨᠢᠭᠡ ᠥᠭᠡ ᠪᠠᠷ ᠦᠳᠡᠨ ᠮᠣᠷᠳᠠᠭᠤᠯᠬᠤ ᠶᠢ ᠵᠢᠭᠠᠵᠤ ᠪᠠᠶᠢᠨ᠎ᠠ᠃ ᠬᠤᠶᠠᠳᠤᠭᠠᠷ ᠲᠤᠭ᠎ᠠ ︽6︾ ᠨᠢ ︽ᠵᠢᠷᠭᠤᠭᠠᠨ | ᠰᠠᠶᠢᠨ︾ ᠢ ᠵᠢᠭᠠᠵᠤ ᠪᠠᠶᠢᠨ᠎ᠠ᠄ ᠦᠭᠡ ᠨᠢᠭᠡᠪᠦᠷᠢ ᠶᠢ ᠰᠠᠶᠢᠲᠤᠷ ᠶᠠᠷᠢᠵᠤ᠂ ᠤᠲᠠᠰᠤ ᠨᠢᠭᠡᠪᠦᠷᠢ ᠶᠢ ᠰᠠᠶᠢᠲᠤᠷ ᠲᠤᠰᠴᠤ᠂ ᠦᠢᠯᠡᠴᠢᠯᠡᠬᠦ ᠡᠲᠡᠭᠡᠳ ᠨᠢᠭᠡᠪᠦᠷᠢ ᠶᠢ | ᠰᠠᠶᠢᠲᠤᠷ ᠬᠦᠯᠢᠶᠡᠨ ᠠᠪᠴᠤ᠂ ᠠᠯᠪᠠᠨ ᠪᠢᠴᠢᠭ ᠨᠢᠭᠡᠪᠦᠷᠢ ᠶᠢᠨ ᠠᠵᠢᠯ ᠢ ᠰᠠᠶᠢᠳᠤᠷ ᠬᠢᠵᠦ᠂ ᠤᠴᠢᠷ ᠶᠠᠪᠤᠳᠠᠯ ᠨᠢᠭᠡᠪᠦᠷᠢ ᠶᠢ ᠰᠠᠶᠢᠲᠤᠷ ᠰᠢᠢᠳᠪᠦᠷᠢᠯᠡᠵᠦ᠂ | ᠲᠦᠷᠦ ᠶᠢᠨ ᠪᠤᠳᠤᠯᠭ᠎ᠠ ᠨᠢᠭᠡᠪᠦᠷᠢ ᠶᠢ ᠬᠦᠯᠢᠴᠡᠩᠭᠦᠶ ᠪᠠᠷ ᠰᠠᠶᠢᠲᠤᠷ ᠲᠠᠶᠢᠯᠪᠤᠷᠢᠯᠠᠨ᠎ᠠ᠃ ᠭᠤᠷᠪᠠᠳᠤᠭᠠᠷ ᠲᠤᠭ᠎ᠠ ︽4︾ ᠨᠢ ︽ᠲᠦᠷᠪᠡ ᠶᠢ ᠵᠢᠷᠤᠮᠵᠢᠭᠤᠯᠬᠤ︾ | ᠶᠢ ᠵᠢᠭᠠᠵᠤ ᠪᠠᠶᠢᠨ᠎ᠠ᠄ ᠡᠳ᠋ ᠤᠨ ᠵᠠᠰᠠᠭ ᠤᠨ ᠪᠡᠯᠡ ᠮᠥᠩᠭᠦ ᠶᠢ ᠬᠢᠨᠠᠨ ᠬᠠᠷᠭᠤᠭᠤᠯᠬᠤ ᠶᠢ ᠵᠢᠷᠤᠮᠵᠢᠭᠤᠯᠵᠤ᠂ ᠡᠳ᠋ ᠤᠨ ᠵᠠᠰᠠᠭ ᠤᠨ ᠲᠤᠬᠠᠶᠢᠯᠠᠭᠰᠠᠨ ᠠᠵᠢᠯ ᠢ | ᠭᠦᠢᠴᠡᠳᠬᠡᠬᠦ ᠶᠢ ᠵᠢᠷᠤᠮᠵᠢᠭᠤᠯᠵᠤ᠂ ᠡᠳ᠋ ᠤᠨ ᠵᠠᠰᠠᠭ ᠤᠨ ᠦᠢᠯᠡᠴᠢᠯᠡᠭᠡᠨ ᠤ ᠪᠠᠷᠢᠮᠵᠢᠶ᠎ᠠ ᠶᠢ ᠵᠢᠷᠤᠮᠵᠢᠭᠤᠯᠵᠤ᠂ ᠡᠳ᠋ ᠤᠨ ᠵᠠᠰᠠᠭ ᠤᠨ ᠪᠠᠶᠢᠭᠤᠯᠭ᠎ᠠ ᠶᠢᠨ | ᠠᠵᠢᠯᠯᠠᠭᠠᠨ ᠢ ᠵᠢᠷᠤᠮᠵᠢᠭᠤᠯᠤᠨ᠎ᠠ᠃ ᠳᠥᠷᠪᠡᠳᠦᠭᠡᠷ ᠲᠤᠭ᠎ᠠ ︽6︾ ᠨᠢ ︽ᠵᠢᠷᠭᠤᠭ᠎ᠠ ᠶᠢ ᠦᠯᠦ ᠵᠥᠪᠰᠢᠶᠡᠷᠡᠬᠦ︾ ᠶᠢ ᠵᠢᠭᠠᠵᠤ ᠪᠠᠶᠢᠨ᠎ᠠ᠄ ᠦᠢᠯᠡᠴᠢᠯᠡᠬᠦ | ᠡᠲᠡᠭᠡᠳ ᠢ ᠮᠢᠨᠦ ᠠᠳᠡ ᠬᠦᠢᠳᠡᠮᠰᠦᠭ ᠣᠪᠤᠷ ᠲᠤ ᠤᠴᠠᠷᠠᠭᠤᠯᠬᠤ ᠦᠭᠡᠢ᠂ ᠠᠵᠢᠯ ᠤᠨ ᠤᠴᠢᠷ ᠶᠠᠪᠤᠳᠠᠯ ᠢ ᠮᠢᠨᠦ ᠠᠳᠡ ᠵᠠᠶᠢᠯᠠᠭᠤᠯᠬᠤ ᠦᠭᠡᠢ᠂ ᠡᠯ᠎ᠡ | ᠵᠦᠢᠯ ᠤᠨ ᠠᠯᠳᠠᠭ᠎ᠠ ᠪᠤᠷᠤᠭᠤ ᠶᠢ ᠮᠢᠨᠦ ᠠᠳᠡ ᠭᠠᠷᠭᠠᠬᠤ ᠦᠭᠡᠢ᠂ ᠡᠳ᠋ ᠤᠨ ᠵᠠᠰᠠᠭ ᠤᠨ ᠦᠢᠯᠡᠴᠢᠯᠡᠭᠡ ᠶᠢᠨ ᠱᠠᠭᠠᠷᠳᠠᠯᠭ᠎ᠠ ᠶᠢ ᠮᠢᠨᠦ ᠠᠳᠡ ᠪᠠᠭᠤᠷᠠᠭᠤᠯᠬᠤ | ᠦᠭᠡᠢ᠂ ᠢᠯᠵᠠᠷᠠᠯ ᠤᠨ ᠦᠢᠯᠡ ᠠᠵᠢᠯᠯᠠᠭ᠎ᠠ ᠶᠢ ᠮᠢᠨᠦ ᠠᠳᠡ ᠭᠠᠷᠭᠠᠬᠤ ᠦᠭᠡᠢ᠂ ᠡᠳ᠋ ᠤᠨ ᠵᠠᠰᠠᠭ ᠤᠨ ᠨᠡᠷ᠎ᠡ ᠲᠦᠷᠥ ᠶᠢ ᠮᠢᠨᠦ ᠠᠳᠡ ᠭᠤᠲᠤᠭᠠᠬᠤ ᠦᠭᠡᠢ | ᠪᠠᠶᠢᠬᠤ ᠶᠢ ᠵᠢᠭᠠᠵᠤ ᠪᠠᠶᠢᠨ᠎ᠠ᠃ | 11. ᠬᠥᠲᠥᠯᠥᠭᠴᠢ | ᠣᠶᠢᠷ᠎ᠠ ᠶᠢᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠮᠠᠭᠲᠠ ᠣᠯᠠᠨ ᠲᠦᠮᠡᠨ ᠲᠠᠢ ᠨᠢᠭᠲᠠ ᠬᠠᠷᠢᠯᠴᠠᠬᠤ ᠶᠢ | ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ 2020 ᠣᠨ ᠳᠤ ᠬᠥᠬᠡᠬᠤᠲᠠ ᠶᠢᠨ ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤᠨ ᠤ | ᠲᠠᠪᠴᠠᠩ ᠢ ᠪᠠᠶᠢᠭᠤᠯᠵᠤ᠂ ᠬᠤᠳᠠ ᠶᠢᠨ ᠲᠤᠰ ᠱᠠᠲᠤᠨ ᠳᠤ ᠬᠤᠳᠠ ᠶᠢᠨ 12345 ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ | ᠵᠢᠯᠣᠭᠤᠳᠤᠨ ᠲᠤᠬᠢᠷᠠᠭᠤᠯᠬᠤ ᠲᠥᠪ ᠢ ᠪᠠᠶᠢᠭᠤᠯᠵᠤ᠂ ᠪᠦᠬᠦ ᠬᠤᠳᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠠᠵᠢᠯ ᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠪᠤᠢ ᠪᠦᠬᠦᠢ ᠠᠰᠠᠭᠤᠳᠠᠯ ᠢ | ᠬᠠᠷᠢᠭᠤᠴᠠᠬᠤ ᠬᠥᠮᠦᠨ ᠲᠠᠢ᠂ ᠤᠯᠠᠮᠵᠢᠯᠠᠬᠤ ᠬᠥᠮᠦᠨ ᠲᠠᠢ᠂ ᠰᠢᠢᠳᠪᠦᠷᠢᠯᠡᠬᠦ ᠬᠥᠮᠦᠨ ᠲᠠᠢ᠂ ᠰᠢᠮᠳᠠᠭᠤᠯᠤᠨ ᠰᠢᠢᠳᠪᠦᠷᠢᠯᠡᠭᠦᠯᠬᠦ ᠬᠦᠮᠦᠨ ᠲᠠᠢ᠂ ᠬᠠᠷᠢᠭᠤ | ᠲᠤᠰᠬᠠᠬᠤ ᠬᠦᠮᠦᠨ ᠲᠠᠢ ᠪᠠᠶᠢᠬᠤ ᠶᠢ ᠪᠡᠶᠡᠯᠡᠭᠦᠯᠵᠦ᠂ ︽ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠭᠡᠬᠦ︾ ᠠᠵᠢᠯ ᠢ ᠶᠠᠪᠤᠬᠤ ᠲᠤᠳᠤᠮ | ᠰᠠᠶᠢᠨ ᠬᠢᠬᠦ ᠪᠣᠯᠪᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠭᠡᠷ ᠤᠨ ᠭᠤᠣᠯ ᠡᠭᠦᠷᠭᠡ ᠴᠢᠳᠠᠪᠤᠷᠢ ᠶᠢᠨ ᠨᠢᠭᠡ ᠨᠢ | ᠪᠣᠯ ᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠲᠠᠷᠤᠢ ᠬᠦᠢᠴᠡᠳᠭᠡᠬᠦ ᠵᠢᠯᠣᠭᠤᠳᠤᠨ ᠲᠣᠬᠢᠷᠠᠭᠤᠯᠬᠤ ᠲᠥᠪ ᠠᠴᠠ ᠬᠤᠪᠢᠶᠠᠷᠢᠯᠠᠨ ᠲᠣᠮᠢᠯᠠᠬᠤ ᠡᠯ᠎ᠡ | ᠵᠦᠢᠯ ᠤᠨ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠂ ᠲᠡᠭᠡᠪᠡᠯ ᠣᠳᠣᠬᠠᠨ ᠳᠤ ᠡᠨᠡᠬᠦ ᠠᠵᠢᠯ ᠢ ᠬᠢᠷᠢ ᠵᠡᠷᠭᠡ ᠥᠷᠨᠢᠭᠦᠯᠵᠦ | ᠪᠠᠶᠢᠭ᠎ᠠ ᠪᠤᠶ ︖ | 12. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠬᠠᠷᠢᠭᠤᠴᠠᠯᠭᠠᠲᠠᠨ ᠯᠢ ᠮᠧᠶ | | | | | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽12345︾ ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤᠨ ᠤ ᠲᠠᠪᠴᠠᠩ ᠤᠨ | ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ | ᠵᠢᠯᠣᠭᠤᠳᠤᠨ ᠲᠣᠬᠢᠷᠠᠭᠤᠯᠬᠤ ᠲᠥᠪ ᠤᠨ ᠬᠤᠪᠢᠶᠠᠷᠢᠯᠠᠨ ᠲᠣᠮᠢᠯᠠᠬᠤ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠢᠳᠡ | ᠲᠤᠰᠬᠠᠶᠢᠯᠠᠨ ᠠᠷᠠᠳ ᠲᠤ ᠦᠢᠯᠡᠴᠢᠯᠡᠬᠦ ᠶᠢ ᠨᠢᠭᠡᠳᠦᠯᠲᠡᠶ ᠲᠥᠯᠥᠪᠯᠡᠬᠦ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠤᠰᠬᠠᠶ ᠠᠯᠪᠠᠨ ᠭᠡᠷ᠂ ᠵᠠᠷᠤᠳᠠᠯ ᠤᠨ | ᠪᠠᠲᠤᠯᠠᠭ᠎ᠠ ᠶᠢᠨ ᠳᠤᠭᠤᠶᠢᠯᠠᠩ᠂ ᠠᠵᠢᠯᠲᠠᠨ ᠤ ᠬᠠᠮᠢᠶᠠᠷᠤᠯᠲᠠ ᠶᠢᠨ ᠳᠤᠭᠤᠶᠢᠯᠠᠩ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢᠨ ᠳᠤᠭᠤᠶᠢᠯᠠᠩ᠂ | ᠬᠦᠴᠢᠷᠳᠡᠯ ᠢ ᠰᠢᠢᠳᠪᠦᠷᠢᠯᠡᠵᠦ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠳᠤᠭᠤᠶᠢᠯᠠᠩ ᠵᠡᠷᠭᠡ 5 ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠠᠷᠠᠳ ᠲᠤ | ᠦᠢᠯᠡᠴᠢᠯᠡᠬᠦ ᠬᠡᠷ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠳᠡᠭᠡᠳᠦ ᠳᠠᠪᠬᠤᠷᠭ᠎ᠠ ᠠᠴᠠ ︽ᠵᠠᠷᠭᠤ ᠶᠢ ᠬᠦᠯᠢᠶᠡᠨ ᠠᠪᠤᠭᠰᠠᠨ ᠳᠠᠷᠤᠶ ᠬᠦᠢᠴᠡᠳᠭᠡᠬᠦ︾ | ᠠᠵᠢᠯ ᠤᠨ ᠬᠡᠷᠡᠭᠵᠢᠭᠦᠯᠬᠦ ᠲᠥᠰᠦᠯ ᠢ ᠰᠦᠪᠡᠭᠴᠢᠯᠡᠨ ᠠᠬᠢᠭᠤᠯᠵᠤ᠂ ᠶᠠᠰᠤ ᠴᠢᠨᠠᠷ ᠢᠶᠠᠷ ᠲᠡᠷᠢᠭᠦᠨ ᠵᠡᠷᠭᠡ ᠶᠢᠨ᠂ ᠦᠢᠯᠡᠴᠢᠯᠡᠭᠡ ᠪᠠᠷ ᠥᠨᠳᠥᠷ ᠦᠷ᠎ᠡ | ᠪᠦᠲᠦᠮᠵᠢ ᠲᠠᠢ᠂ ᠣᠯᠠᠨ ᠲᠦᠮᠡᠨ ᠳᠤ ᠮᠡᠳᠡᠷᠡᠭᠳᠡᠭᠰᠡᠨ ᠣᠷᠣᠨ ᠤ ᠲᠥᠪ ᠤᠨ ᠡᠳ᠋ ᠤᠨ ᠵᠠᠰᠠᠭ ᠤᠨ ᠠᠷᠠᠳ ᠲᠤ ᠦᠢᠯᠡᠴᠢᠯᠡᠬᠦ ᠬᠡᠷ ᠢ ᠰᠢᠰᠲ᠋ᠧᠮ ᠲᠠᠢ | ᠪᠠᠶᠢᠭᠤᠯᠵᠤ᠂ ᠣᠯᠠᠨ ᠲᠦᠮᠡᠨ ᠤ ᠭᠤᠮᠣᠳᠠᠯ ᠲᠣᠭᠠᠴᠢᠬᠤ ᠠᠷᠭ᠎ᠠ ᠵᠠᠮ ᠢ ᠲᠠᠰᠤᠷᠠᠯᠲᠠ ᠥᠬᠡᠶ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠤ ᠲᠣᠰ | ᠪᠡᠶ᠎ᠡᠶᠢᠨ ᠠᠰᠢᠭ ᠲᠤᠰᠠ ᠶᠢ ᠬᠠᠮᠠᠭᠠᠯᠠᠨ᠂ ︽12345᠂ ᠤᠴᠢᠷ ᠲᠠᠢ ᠪᠣᠯ ᠵᠠᠰᠠᠭ ᠤᠨ ᠣᠷᠳᠣᠨ ᠢ ᠡᠷᠢᠬᠦ︾ ᠦᠢᠯᠡᠴᠢᠯᠡᠭᠡᠨ ᠤ ᠣᠨᠣᠯᠵᠢᠬᠤᠨ ᠢ | ᠠᠷᠠᠳ ᠤᠨ ᠰᠡᠳᠬᠢᠯ ᠳᠤ ᠭᠦᠨᠵᠡᠭᠡᠶᠢᠷᠡᠭᠦᠯᠵᠦ᠂ ᠣᠷᠣᠨ ᠤ ᠲᠥᠪ ᠤᠨ ᠡᠳ᠋ ᠤᠨ ᠵᠠᠰᠠᠭ ᠤᠨ ᠦᠢᠯᠡᠴᠢᠯᠡᠭᠡᠨ ᠤ ᠬᠢᠷᠢ ᠲᠦᠪᠰᠢᠨ ᠪᠠ ᠣᠯᠠᠨ ᠨᠡᠶᠢᠲᠡ ᠶᠢᠨ | ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠣᠷᠣᠨ ᠤ ᠲᠥᠪ ᠤᠨ ᠡᠳ᠋ ᠤᠨ ᠵᠠᠰᠠᠭ ᠤᠨ | ᠰᠢᠨ᠎ᠡ ᠳᠦᠷᠢ ᠲᠥᠷᠬᠦ ᠶᠢ ᠪᠣᠶ ᠪᠣᠯᠭᠠᠪᠠ᠃ | ︽ᠠᠷᠠᠳ ᠲᠤ ᠦᠢᠯᠡᠴᠢᠯᠡᠬᠦ ᠭᠡᠷ︾ ᠤᠨ ᠠᠵᠢᠯ ᠢ ᠥᠷᠨᠢᠭᠦᠯᠦᠭᠰᠡᠨ ᠠᠴᠠ ᠨᠠᠰᠢ᠂ ᠪᠢᠳᠡ ᠬᠤᠲᠠ ᠶᠢᠨ ︽ᠵᠠᠭᠠᠯᠳᠤᠯᠭ᠎ᠠ ᠶᠢ ᠭᠥᠯᠢᠶᠡᠨ ᠠᠪᠤᠭᠰᠠᠨ | ᠳᠠᠷᠤᠶ ᠬᠦᠢᠴᠡᠳᠭᠡᠬᠦ︾ ᠠᠵᠢᠯ ᠲᠠᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠢᠰᠲ᠋ᠧᠮ ᠪᠠ | ᠬᠡᠰᠡᠭ ᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠠᠩᠬ᠎ᠠ ᠠᠯᠬᠤᠮ ᠪᠠᠶᠢᠭᠤᠯᠵᠤ᠂ ᠱᠠᠲᠤ ᠬᠤᠪᠢᠶᠠᠨ ᠬᠠᠷᠢᠭᠤᠴᠠᠬᠤ᠂ ᠴᠠᠭ ᠲᠤᠬᠠᠶ ᠳᠤᠨᠢ | ᠴᠤᠤᠷᠢᠶᠠᠳᠤᠨ ᠳᠠᠭᠠᠬᠤ᠂ ᠭᠦᠢᠴᠡᠳᠭᠡᠬᠦ᠂ ᠰᠢᠮᠳᠠᠭᠤᠯᠤᠨ ᠰᠢᠢᠳᠪᠦᠷᠢᠯᠡᠭᠦᠯᠵᠦ ᠬᠠᠷᠢᠭᠤ ᠲᠤᠰᠬᠠᠬᠤ ᠠᠵᠢᠯ ᠤᠨ ᠲᠣᠭᠲᠠᠴᠠ ᠪᠠ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠵᠤ ᠦᠨᠡᠯᠡᠬᠦ ᠨᠠᠷᠢᠨ ᠲᠦᠷᠢᠮ ᠢ ᠲᠣᠭᠲᠠᠭᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠵᠠᠷᠢᠮ ᠪᠣᠳᠠᠲᠠᠶ ᠠᠰᠠᠭᠤᠳᠠᠯ ᠢ | ᠰᠢᠢᠳᠪᠦᠷᠢᠯᠡᠨ᠂ ᠠᠵᠢᠯ ᠤᠨ ᠬᠠᠭᠤᠳᠠᠰᠤ ᠶᠢ ᠰᠢᠢᠳᠪᠦᠷᠢᠯᠡᠭᠰᠡᠨ ᠨᠣᠷᠮ᠎ᠠ᠂ ᠬᠠᠨᠤᠮᠵᠢ ᠶᠢᠨ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | 13. ᠬᠥᠲᠥᠯᠥᠭᠴᠢ | ᠠᠵᠤ ᠠᠬᠤᠶᠢᠯᠠᠯ᠂ ᠣᠯᠠᠨ ᠲᠦᠮᠡᠨ ᠠᠷᠠᠳ ᠲᠤ ᠦᠢᠯᠡᠴᠢᠯᠡᠬᠦ ᠬᠡᠷ ᠲᠠᠢ ᠰᠢᠭᠤᠳ ᠬᠠᠷᠢᠯᠴᠠᠵᠤ ᠠᠰᠠᠭᠤᠳᠠᠯ ᠢ ᠰᠢᠢᠳᠪᠦᠷᠢᠯᠡᠵᠦ ᠪᠣᠯᠤᠨ᠎ᠠ ᠤᠤ︖ | ᠠᠷᠠᠳᠲ᠋ᠤ ᠦᠢᠯᠡᠴᠢᠯᠡᠬᠦ ᠬᠡᠷ ᠨᠢ ᠤᠯᠠᠨ ᠢ ᠬᠡᠷᠬᠢᠨ ᠬᠠᠪᠰᠤᠷᠬᠤ ᠪᠤᠢ︖ ᠡᠨᠡ ᠲᠤᠬᠠᠢ ᠰᠦᠯᠵᠢᠶᠡᠨ ᠠᠨᠳᠠ ᠬᠠᠯᠠᠮᠵᠢᠯᠠᠵᠤ ᠪᠤᠢ᠃ | 14. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠤᠷᠠᠯᠢᠭ | | | | | | ᠣᠲᠣ ᠪᠣᠯᠲᠠᠯ᠎ᠠ᠂ ᠠᠷᠠᠳ ᠲᠤ ᠦᠢᠯᠡᠴᠢᠯᠡᠬᠦ ᠬᠡᠷ ᠨᠢ ᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠬᠦᠢᠴᠡᠳᠭᠡᠬᠦ ︵12345︶ | ᠵᠢᠯᠣᠭᠤᠳᠤᠨ ᠳᠣᠭᠢᠷᠠᠭᠤᠯᠬᠤ ᠲᠥᠪ ᠤᠨ ᠲᠣᠮᠢᠯᠠᠭᠰᠠᠨ 26 ᠠᠵᠢᠯ ᠤᠨ ᠬᠠᠭᠤᠳᠠᠰᠤ ᠶᠢ ᠬᠤᠷᠢᠶᠠᠨ ᠣᠯᠵᠠᠶ᠂ ᠡᠭᠦᠨ ᠳᠤ ᠡᠳ᠋ ᠤᠨ ᠵᠠᠰᠠᠭ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ 14 ᠠᠵᠢᠯ ᠤᠨ ᠬᠠᠭᠤᠳᠠᠰᠤ ᠶᠢ ᠪᠢᠳᠡ ᠨᠢᠭᠡᠨᠲᠡ ᠪᠦᠬᠦᠨ ᠢ ᠬᠦᠢᠴᠡᠳᠭᠡᠵᠦ ᠳᠠᠭᠤᠰᠬᠠᠪᠠ᠂ ᠡᠨᠡ ᠨᠢ | ᠨᠢᠭᠲᠠᠯᠠᠨ ᠪᠤᠲᠤᠭᠴᠢ ᠶᠢᠨ ᠰᠢᠯᠭᠠᠯᠲᠠ ᠶᠢᠨ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠰᠢᠲᠠᠮᠠᠬᠠᠶ ᠬᠡᠶ ᠶᠢᠨ | ᠨᠥᠬᠦᠪᠥᠷᠢ᠂ ᠨᠡᠶᠢᠭᠡᠮ ᠤᠨ ᠳᠠᠭᠠᠳᠬᠠᠯ ᠤᠨ ᠪᠠᠯᠠ ᠮᠥᠩᠭᠦ ᠲᠤᠰᠢᠶᠠᠬᠤ ᠵᠡᠷᠭᠡ ᠠᠭᠤᠯᠭ᠎ᠠ ᠲᠠᠢ ᠬᠤᠯᠪᠣᠭᠳᠠᠨ᠎ᠠ᠃ ᠳᠣᠣᠷ᠎ᠠ ᠪᠢ ᠬᠤᠶᠠᠷ ᠵᠢᠱᠢᠶ᠎ᠡ ᠲᠠᠲᠠᠵᠤ | ᠮᠠᠨ ᠤ ᠠᠵᠢᠯ ᠤᠨ ᠪᠠᠶᠢᠳᠠᠯ ᠢᠶᠠᠨ ᠲᠠᠨᠢᠯᠴᠠᠭᠤᠯᠤᠶ᠎ᠠ᠃ | ᠨᠢᠭᠡᠳᠦᠭᠡᠷ ᠲᠤ᠂ ᠨᠢᠭᠲᠠᠯᠠᠨ ᠪᠤᠳᠤᠭᠴᠢ ᠶᠢᠨ ᠰᠢᠯᠭᠠᠯᠲᠠ ᠶᠢᠨ ᠬᠢᠷᠢ ᠪᠦᠲᠦᠮᠵᠢ ᠳᠤ ᠣᠨᠳᠣᠤ ᠰᠠᠨᠠᠯ ᠲᠠᠢ ᠪᠠᠶᠢᠬᠤ ᠲᠤᠬᠠᠶ ᠵᠢᠱᠢᠶ᠎ᠡ ᠪᠣᠯᠤᠨ᠎ᠠ᠂ ᠨᠢᠭᠡ | ᠬᠤᠲᠠ ᠶᠢᠨ ᠠᠷᠠᠳ ︽12345︾ ᠪᠠᠷ ᠳᠡᠮᠵᠢᠨ ᠲᠣᠰ ᠬᠥᠮᠦᠨ ᠤ ᠨᠢᠭᠲᠠᠯᠠᠨ ᠪᠤᠳᠤᠭᠴᠢ ᠶᠢᠨ ᠰᠢᠯᠭᠠᠯᠲᠠ ᠪᠠᠨ ᠲᠤᠰᠬᠠᠵᠤ᠂ ᠵᠢᠱᠢᠭᠰᠡᠨ ᠬᠤᠪᠢ ᠪᠠ | ᠪᠣᠳᠠᠲᠠᠶ ᠬᠢᠷᠢ ᠪᠦᠲᠦᠮᠵᠢ ᠶᠢᠨ ᠵᠥᠷᠢᠶ᠎ᠡ ᠨᠢ ᠮᠠᠰᠢ ᠶᠡᠭᠡ ᠪᠠᠶᠢᠵᠤ᠂ ᠨᠢᠭᠲᠠᠯᠠᠨ ᠪᠤᠳᠤᠭᠴᠢ ᠶᠢᠨ ᠬᠢᠷᠢ ᠪᠦᠲᠦᠮᠵᠢ ᠳᠤ ᠡᠷᠡᠭᠡᠯᠵᠡᠭᠡ ᠲᠠᠢ ᠪᠠᠶᠢᠪᠠ᠃ ᠪᠢᠳᠡ | ᠬᠦᠰᠡᠯ ᠱᠠᠭᠠᠷᠳᠠᠯᠭ᠎ᠠ ᠶᠢ ᠬᠦᠯᠢᠶᠡᠨ ᠠᠪᠤᠭᠰᠠᠨ ᠳᠠᠷᠤᠶ ᠳᠤᠨᠢ ᠮᠠᠨ ᠤ ᠲᠣᠪᠴᠢᠶᠠᠨ ᠤ ᠨᠢᠭᠲᠠᠯᠠᠨ ᠪᠣᠳᠣᠬᠤ ᠰᠠᠯᠠᠭ᠎ᠠ ᠳᠤ ᠮᠡᠳᠡᠭᠳᠡᠵᠦ᠂ ᠲᠣᠪᠴᠢᠶ᠎ᠠ ᠶᠢᠨ | ᠨᠢᠭᠲᠠᠯᠠᠨ ᠪᠤᠳᠤᠬᠤ ᠰᠠᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠢᠭᠲᠠᠯᠠᠨ ᠪᠣᠳᠤᠭᠴᠢ ᠶᠢᠨ ᠬᠢᠷᠢ ᠬᠡᠮ ᠢ ᠦᠨᠡᠯᠡᠬᠦ ᠲᠥᠪ ᠲᠠᠢ | ᠢᠳᠡᠪᠬᠢᠲᠡᠶ ᠵᠣᠯᠭᠠᠭᠤᠯᠪᠠ ᠂ ᠰᠢᠯᠭᠠᠭᠤᠯᠤᠭᠴᠢ ᠶᠢᠨ ᠭᠤᠷᠪᠠᠨ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠳᠤ ᠡᠷᠡᠭᠡᠯᠵᠡᠭᠡ ᠲᠠᠢ ᠪᠠᠶᠢᠬᠤ ᠪᠠᠨ | ᠬᠦᠴᠦᠳᠡᠢ ᠳᠤᠷᠠᠳᠬᠤ ᠶᠢᠨ ᠬᠠᠮᠲᠤ ᠳᠠᠬᠢᠨ ᠬᠢᠨᠠᠭᠤᠯᠬᠤ ᠪᠠᠷ ᠱᠠᠭᠠᠷᠳᠠᠭᠰᠠᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠨᠢᠭᠲᠠᠯᠠᠨ ᠪᠤᠳᠤᠭᠴᠢ ᠶᠢᠨ ᠬᠢᠷᠢ ᠬᠡᠮ ᠤᠨ ᠦᠨᠡᠯᠡᠯᠲᠡ ᠶᠢᠨ ᠲᠥᠪ ᠠᠴᠠ ︽ᠰᠢᠯᠭᠠᠭᠤᠯᠤᠭᠴᠢ ×× ᠶᠢᠨ ᠳᠤᠮᠳᠠ ᠵᠡᠷᠭᠡ ᠶᠢᠨ ᠰᠢᠯᠭᠠᠯᠲᠠ ᠶᠢᠨ | ᠬᠢᠷᠢ ᠪᠦᠲᠦᠮᠵᠢ ᠳᠤ ᠡᠷᠡᠭᠡᠯᠵᠡᠭᠡ ᠲᠠᠢ ᠵᠦᠢᠯ ᠢ ᠬᠠᠷᠭᠤᠭᠤᠯᠤ᠋ ᠪᠠᠶᠢᠴᠠᠭᠠᠬᠤ ᠲᠤᠷᠠᠳᠤᠯᠭ᠎ᠠ ᠶᠢᠨ ᠲᠤᠬᠠᠶ ᠬᠠᠷᠢᠭᠤᠯᠲᠠ︾ ᠶᠢ ᠳᠠᠷᠤᠮᠠᠯᠯᠠᠨ ᠲᠠᠷᠬᠠᠭᠠᠪᠠ᠂ | ᠬᠠᠷᠢᠭᠤᠯᠲᠠ ᠳᠤ ᠵᠢᠭᠠᠵᠤ ᠭᠠᠷᠭᠠᠭᠰᠠᠨ ᠨᠢ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠢᠯᠭᠠᠯᠲᠠ ᠶᠢᠨ ᠬᠠᠭᠤᠳᠠᠰᠤ ᠶᠢ ᠬᠢᠨᠠᠬᠤ ᠴᠤᠪᠤᠷᠠᠯ ᠢ ᠴᠢᠩᠭ᠎ᠠ ᠵᠢᠷᠤᠮᠯᠠᠨ ᠰᠢᠯᠭᠠᠯᠲᠠ ᠶᠢᠨ ᠬᠠᠭᠤᠳᠠᠰᠤ ᠶᠢ ᠬᠢᠨᠠᠵᠤ᠂ | ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠠᠴᠠ ᠳᠠᠬᠢᠨ ᠬᠢᠨᠠᠭᠰᠠᠨ ᠳ᠋ᠦᠩᠨᠡᠯᠲᠡ ᠶᠢ ᠲᠠᠭᠯᠠᠨ ᠪᠢᠴᠢᠬᠦ ᠶᠢᠨ ᠬᠠᠮᠲᠤ ᠭᠠᠷ ᠤᠨ ᠥᠰᠥᠭ ᠵᠢᠷᠤᠵᠤ ᠨᠤᠳᠠᠯᠠᠪᠠ᠃ | ᠮᠠᠭᠠᠳᠯᠠᠨ ᠲᠣᠭᠲᠠᠭᠠᠬᠤ ᠪᠠᠷ ᠳᠠᠮᠵᠢᠭᠠᠳ ᠪᠤᠷᠤᠭᠤ ᠦᠨᠡᠯᠡᠭᠰᠡᠨ᠂ ᠳᠤᠲᠠᠭᠤ ᠦᠨᠡᠯᠡᠭᠰᠡᠨ᠂ ᠬᠢᠨᠠᠨ ᠬᠠᠷᠭᠤᠭᠤᠯᠤᠭᠰᠠᠨ ᠨᠢ ᠪᠤᠷᠤᠭᠤᠳᠠᠭᠰᠠᠨ ᠵᠡᠷᠭᠡ | ᠠᠰᠠᠭᠤᠳᠠᠯ ᠢ ᠣᠯᠵᠤ ᠮᠡᠳᠡᠭᠰᠡᠨ ᠦᠭᠡᠢ᠃ ᠡᠨᠡᠬᠦ ᠬᠡᠷᠡᠭ ᠤᠨ ᠵᠢᠱᠢᠶ᠎ᠡ ᠶᠢᠨ ᠣᠨᠴᠠᠭᠠᠶ ᠴᠢᠨᠠᠷ ᠠᠴᠠ ᠪᠤᠯᠵᠤ᠂ ᠪᠢᠳᠡ ᠡᠳ᠋ ᠤᠨ ᠵᠠᠰᠠᠭ ᠤᠨ ᠶᠠᠮᠤᠨ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠢᠭᠲᠠᠯᠠᠨ ᠪᠣᠳᠤᠭᠴᠢ ᠶᠢᠨ ᠬᠢᠷᠢ ᠬᠡᠮ ᠤᠨ | ᠦᠨᠡᠯᠡᠯᠲᠡ ᠶᠢᠨ ᠲᠥᠪ ᠲᠤ ᠱᠠᠳᠤ ᠳᠠᠷᠠᠭᠠᠯᠠᠨ ᠳᠡᠭᠡᠭᠰᠢ ᠮᠡᠳᠡᠭᠦᠯᠬᠦ ᠴᠢᠬᠤᠯᠠᠲᠠᠶ ᠪᠥᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠢᠭᠲᠠᠯᠠᠨ | ᠪᠣᠳᠤᠭᠴᠢ ᠶᠢᠨ ᠬᠢᠷᠢ ᠬᠡᠮ ᠤᠨ ᠦᠨᠡᠯᠡᠯᠲᠡ ᠶᠢᠨ ᠲᠥᠪ ᠠᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠬᠤᠯᠪᠣᠭᠳᠠᠯ ᠪᠦᠬᠦᠢ | ᠦᠨᠡᠯᠡᠨ ᠲᠣᠭᠲᠠᠭᠠᠭᠰᠠᠨ ᠦᠷ᠎ᠡ ᠳ᠋ᠦᠩ ᠢ ᠭᠠᠷᠭᠠᠬᠤ ᠳᠤ ᠴᠥᠮ ᠵᠣᠬᠢᠬᠤ ᠴᠠᠭ ᠬᠡᠷᠡᠭᠰᠡᠨ᠎ᠡ᠃ ᠰᠠᠯᠠᠭ᠎ᠠ ᠲᠠᠰᠤᠭ ᠤᠨ ᠠᠵᠢᠯᠲᠠᠨ ᠢᠳᠡᠪᠬᠢᠲᠡᠶ | ᠰᠠᠨᠠᠭᠠᠴᠢᠯᠠᠭ᠎ᠠ ᠲᠠᠢ ᠮᠥᠷᠲᠡᠭᠡᠨ ᠡᠳᠦᠷ ᠪᠦᠷᠢ ᠳᠤᠭᠤᠶᠢᠯᠠᠩ ᠬᠤᠪᠢᠶᠠᠨ ᠤᠴᠢᠷ ᠶᠠᠪᠤᠳᠠᠯ ᠤᠨ ᠬᠥᠭᠵᠢᠯᠲᠡ ᠶᠢᠨ ᠠᠬᠢᠴᠠ ᠶᠢ ᠠᠰᠠᠭᠤᠨ ᠯᠠᠪᠯᠠᠵᠤ᠂ ᠪᠢᠳᠡ | ᠵᠥᠪᠬᠡᠨ 15 ᠡᠳᠦᠷ ᠤᠨ ᠴᠠᠭ ᠵᠠᠷᠤᠴᠠᠭᠤᠯᠵᠤ ᠪᠠᠶᠢᠭᠠᠳ ᠰᠢᠯᠭᠠᠭᠤᠯᠤᠭᠴᠢ ᠳᠤ ᠬᠠᠨᠤᠮᠵᠢᠲᠠᠶ ᠬᠠᠷᠢᠭᠤᠯᠲᠠ ᠥᠭᠭᠦᠭᠰᠡᠨ ᠪᠠᠶᠢᠨ᠎ᠠ᠃ | ᠬᠤᠶᠠᠳᠤᠭᠠᠷ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠷᠡᠭ ᠤᠨ ᠵᠢᠱᠢᠶ᠎ᠡ ᠪᠣᠯᠤᠨ᠎ᠠ᠂ ᠨᠢᠭᠡ ᠬᠤᠲᠠ ᠶᠢᠨ ᠠᠷᠠᠳ ︽12345︾ ᠪᠠᠷ | ᠳᠠᠮᠵᠢᠭᠤᠯᠤᠨ ᠲᠤᠰᠬᠠᠭᠰᠠᠨ ᠨᠢ᠂ × ᠨᠢᠭᠡᠴᠡ ᠶᠢᠨ × ᠬᠤᠳᠠᠯᠳᠤᠨ ᠠᠪᠬᠤ ᠵᠦᠢᠯ ᠪᠣᠯ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠵᠦᠢᠯ | ᠮᠥᠨ᠂ ᠬᠤᠳᠠᠯᠳᠤᠨ ᠠᠪᠬᠤ ᠠᠷᠭ᠎ᠠ ᠮᠠᠶ᠋ᠢᠭ ᠨᠢ ᠦᠨ᠎ᠡ ᠯᠠᠪᠯᠠᠬᠤ ᠵᠦᠢᠯ ᠮᠥᠨ᠂ ᠬᠠᠮᠤᠭ ᠤᠨ ᠳᠣᠣᠷ᠎ᠠ ᠦᠨ᠎ᠡ ᠪᠠᠷ ᠳᠠᠭᠠᠭᠠᠴᠢᠯᠠᠯᠲᠠ ᠤᠯᠬᠤ ᠶᠣᠰᠣᠲᠠᠶ᠂ | ᠭᠡᠪᠡᠴᠦ ᠡᠨᠡ ᠬᠦ ᠵᠦᠢᠯ ᠪᠣᠯ ᠬᠠᠮᠤᠭ ᠤᠨ ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠯᠤᠭᠰᠠᠨ ᠶᠠᠪᠤᠳᠠᠯ ᠪᠢᠰᠢ᠂ ᠡᠨᠡ ᠬᠦ ᠵᠦᠢᠯ ᠢ ᠵᠠᠷᠢᠮ ᠬᠥᠮᠦᠨ ᠡᠵᠡᠮᠳᠡᠵᠦ | ᠪᠠᠶᠢᠭ᠎ᠠ ᠪᠣᠯᠬᠤᠷ ᠭᠤᠣᠯᠴᠢ ᠶᠣᠰᠣ ᠶᠢ ᠠᠯᠳᠠᠵᠤ᠂ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠡᠰᠡᠬᠦ ᠶᠢ ᠬᠢᠨᠠᠨ ᠮᠠᠭᠠᠳᠯᠠᠬᠤ ᠬᠡᠷᠡᠭᠲᠡᠶ ᠭᠡᠵᠡᠶ᠃ | ᠪᠢᠳᠡ ᠬᠦᠰᠡᠯ ᠱᠠᠭᠠᠷᠳᠠᠯᠭ᠎ᠠ ᠶᠢ ᠬᠦᠯᠢᠶᠡᠨ ᠠᠪᠤᠭᠰᠠᠨ ᠳᠠᠷᠤᠢ ᠳᠠᠭᠠᠨ ᠮᠠᠨ ᠤ ᠲᠣᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠯᠠᠭ᠎ᠠ ᠳᠤ | ᠮᠡᠳᠡᠭᠳᠡᠵᠦ᠂ ᠤᠳᠠᠯ ᠦᠭᠡᠢ ᠰᠠᠯᠠᠭ᠎ᠠ ᠲᠠᠰᠤᠭ ᠤᠨ ᠬᠠᠷᠢᠭᠤ ᠶᠢ ᠣᠯᠪᠠ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠶᠠᠳᠤᠭᠠᠷ | ᠵᠦᠢᠯ ᠤᠨ ᠨᠢᠭᠡᠳᠦᠭᠡᠷ ᠵᠤᠷᠪᠤᠰ ᠪᠣᠯᠤᠨ ︽ᠪᠦᠬᠦ ᠣᠷᠣᠨ ᠤ ᠨᠢᠭᠡᠳᠦᠯᠲᠡᠶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ︵2020 ᠣᠨ ᠤ ᠬᠡᠪᠯᠡᠯ︶ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠮᠡᠳᠡᠭᠳᠡᠯ︾ ᠤᠨ ᠭᠤᠷᠪᠠᠳᠤᠭᠠᠷ ᠵᠦᠢᠯ ᠳᠠᠬᠢ ᠲᠠᠷᠠᠬᠠᠶ ᠪᠤᠲᠠᠷᠬᠠᠶ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠵᠡᠷᠭᠡ ᠲᠣᠭᠲᠠᠭᠠᠯ ᠢ | ᠦᠨᠳᠦᠰᠦᠯᠡᠪᠡᠯ᠂ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠨᠢ 80 ᠲᠦᠮᠡᠨ | ᠲᠥᠭᠦᠷᠢᠭ ᠠᠴᠠ ᠳᠣᠷᠣᠭᠰᠢᠬᠢ ᠵᠦᠢᠯᠡᠰ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠵᠢᠷᠤᠮᠵᠢᠯ ᠤᠨ ᠬᠡᠪᠴᠢᠶᠡᠨ ᠳᠤ ᠣᠷᠣᠭᠤᠯᠬᠤ ᠦᠭᠡᠢ᠂ | ᠬᠤᠳᠠᠯᠳᠤᠨ ᠠᠪᠤᠭᠴᠢ ᠨᠢ ᠳᠣᠲᠣᠭᠠᠳᠤ ᠶᠢᠨ ᠡᠵᠡᠮᠳᠡᠯ ᠤᠨ ᠲᠦᠷᠢᠮ ᠤᠨ ᠶᠣᠰᠣᠭᠠᠷ ᠬᠤᠳᠠᠯᠳᠤᠨ ᠠᠪᠤᠨ᠎ᠠ᠃ ᠬᠢᠨᠠᠨ ᠬᠠᠷᠭᠤᠭᠤᠯᠤᠭᠠᠳ᠂ ᠲᠣᠰ ᠲᠥᠷᠥᠯ | ᠵᠦᠢᠯ ᠨᠢ ᠲᠠᠷᠠᠬᠠᠶ ᠪᠤᠲᠠᠷᠬᠠᠶ ᠬᠤᠳᠠᠯᠳᠤᠨ ᠠᠪᠬᠤ ᠬᠢᠵᠠᠭᠠᠷ ᠲᠤᠭ᠎ᠠ ᠳᠤ ᠬᠦᠷᠦᠭᠰᠡᠨ ᠥᠬᠡᠶ ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠷᠤᠮᠵᠢᠯ ᠤᠨ | ᠠᠵᠢᠯᠯᠠᠭ᠎ᠠ ᠳᠤ ᠲᠣᠭᠠᠴᠠᠭᠳᠠᠬᠤ ᠥᠬᠡᠶ᠂ ᠨᠢᠭᠡᠴᠡ ᠶᠢᠨ ᠥᠪᠡᠰᠦᠪᠡᠨ ᠨᠠᠶᠢᠳᠠᠵᠤ ᠬᠤᠳᠠᠯᠳᠤᠨ ᠠᠪᠬᠤ ᠠᠵᠢᠯᠯᠠᠭ᠎ᠠ ᠳᠤ ᠬᠠᠷᠢᠶᠠᠯᠠᠭᠳᠠᠨ᠎ᠠ᠃ ᠲᠤᠰ ᠵᠦᠢᠯ ᠢ | ᠬᠤᠳᠠᠯᠳᠤᠨ ᠠᠪᠬᠤ ᠨᠢᠭᠡᠴᠡ ᠳᠤ ᠰᠢᠯᠵᠢᠭᠦᠯᠦᠨ ᠥᠭᠴᠦ ᠬᠠᠷᠢᠭᠤᠯᠲᠠ ᠥᠭᠭᠦᠭᠦᠯᠬᠦ ᠪᠠᠷ ᠰᠠᠨᠠᠭᠤᠯᠪᠠ᠃ ᠡᠨᠡ ᠶᠠᠪᠤᠳᠠᠯ ᠢ ᠪᠢᠳᠠ ᠳᠠᠷᠤᠶ ᠲᠦᠷᠭᠡᠨ ᠬᠦᠯᠢᠶᠡᠠ | ᠠᠪᠴᠤ ᠲᠦᠷᠭᠡᠨ ᠰᠢᠢᠳᠪᠦᠷᠢᠯᠡᠭᠰᠡᠨ ᠶᠤᠮ᠃ | ᠶᠡᠷᠦᠩᠬᠡᠶᠢᠯᠡᠪᠡᠯ᠂ ᠣᠷᠣᠨ ᠤ ᠲᠥᠪ ᠤᠨ ᠡᠳ᠋ ᠤᠨ ᠵᠠᠰᠠᠭ ︽ᠬᠥᠭᠵᠢᠯᠲᠡ ᠳᠤ ᠦᠢᠯᠡᠴᠢᠯᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ | ᠠᠷᠠᠳ ᠤᠨ ᠲᠥᠯᠥᠭᠡ ᠡᠳ᠋ ᠤᠨ ᠶᠠᠪᠤᠳᠠᠯ ᠢ ᠬᠠᠮᠢᠶᠠᠷᠴᠤ ᠤᠬ ᠰᠠᠨᠠᠭ᠎ᠠ ᠪᠠᠨ ᠪᠠᠷᠢᠮᠲᠠᠯᠠᠬᠤ︾ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ︽ᠠᠷᠠᠳ | ᠲᠦᠮᠡᠨ ᠢ ᠳᠡᠭᠡᠳᠦᠯᠡᠬᠦ︾ ᠡᠳ᠋ ᠤᠨ ᠵᠠᠰᠠᠭ ᠤᠨ ᠵᠣᠷᠢᠭ ᠰᠠᠨᠠᠭ᠎ᠠ ᠪᠠᠷ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ ᠪᠤᠢ᠃ | 15. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠦᠢᠯᠡᠴᠢᠯᠡᠬᠦ ᠭᠡᠷ ᠤᠨ ᠤᠷᠠᠯᠢᠭ | ᠪᠢᠳᠡᠨ ᠤ ᠠᠵᠢᠯᠯᠠᠬᠤ ᠴᠠᠭ ᠪᠣᠯ ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 9᠄ 00 — 12᠄ 00᠂ | ᠦᠳᠡ ᠶᠢᠨ ᠬᠤᠶᠢᠨᠠᠬᠢ 2᠄ 00 — 5᠄ 00᠂ ᠣᠯᠠᠨ ᠢᠶᠠᠷ ᠢᠶᠠᠨ ᠶᠠᠮᠠᠷᠪᠠ ᠬᠦᠰᠡᠯ ᠱᠠᠭᠠᠷᠳᠠᠯᠭ᠎ᠠ ᠲᠠᠢ ᠪᠣᠯ ᠴᠥᠮ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ ᠭᠤᠷᠪᠠᠳᠤᠭᠠᠷ ᠳᠠᠪᠬᠤᠷᠯᠢᠭ ᠤᠨ ᠪᠠᠷᠠᠭᠤᠨ ᠲᠠᠯ᠎ᠠ ᠶᠢᠨ ︽ᠠᠷᠠᠳ ᠲᠤ ᠦᠢᠯᠡᠴᠢᠯᠡᠬᠦ ᠬᠡᠷ︾ ᠲᠤ ᠬᠦᠷᠴᠦ ᠲᠤᠬᠠᠶ ᠶᠢᠨ ᠲᠠᠯᠠᠪᠤᠷ ᠲᠤ | ᠠᠰᠠᠭᠤᠨ ᠯᠠᠪᠯᠠᠵᠤ ᠪᠣᠯᠤᠨ᠎ᠠ᠂ ᠪᠠᠰᠠ 6299777 ᠳᠤ ᠰᠢᠭᠤᠳ ᠤᠲᠠᠰᠤᠳᠠᠵᠤ ᠠᠰᠠᠭᠤᠨ ᠯᠠᠪᠯᠠᠵᠤ ᠪᠣᠯᠤᠨ᠎ᠠ᠃ | ᠠᠰᠠᠠᠭᠤᠨ ᠯᠠᠪᠯᠠᠬᠤ ᠤᠳᠠᠰᠤ ᠶᠢ ᠲᠤᠰᠤᠭᠰᠠᠨ ᠦᠶ᠎ᠡ ᠳᠤ᠂ ᠠᠵᠢᠯᠲᠠᠨ ᠠᠰᠠᠭᠤᠨ ᠯᠠᠪᠯᠠᠭᠴᠢ ᠶᠢᠨ ᠭᠤᠶᠤᠴᠢᠯᠠᠯ ᠢ ᠳᠡᠩᠰᠡᠯᠡᠵᠦ᠂ ᠲᠤᠬᠠᠶᠢᠯᠠᠭᠰᠠᠨ | ᠠᠵᠢᠯ ᠤᠨ ᠠᠰᠠᠭᠤᠨ ᠯᠠᠪᠯᠠᠭᠰᠠᠨ ᠠᠭᠤᠯᠭ᠎ᠠ ᠶᠢ ᠦᠨᠳᠦᠰᠦᠯᠡᠨ ᠲᠤᠬᠠᠶᠢᠯᠠᠭᠰᠠᠨ ᠠᠵᠢᠯ ᠤᠨ ᠬᠠᠷᠢᠶᠠᠯᠠᠯ ᠢ ᠤᠷᠢᠳ ᠢᠶᠠᠷ ᠲᠣᠭᠲᠠᠭᠠᠨ᠎ᠠ᠃ ᠠᠵᠢᠯᠲᠠᠳ | ᠠᠰᠠᠭᠤᠨ ᠯᠠᠪᠯᠠᠬᠤ ᠠᠭᠤᠯᠭ᠎ᠠ ᠶᠢ ᠰᠠᠶᠢᠨ ᠮᠡᠳᠡᠵᠦ ᠪᠠᠶᠢᠪᠠᠯ ᠰᠢᠭᠤᠳ ᠬᠠᠷᠢᠭᠤᠯᠲᠠ ᠥᠭᠬᠦ ᠶᠢᠨ ᠬᠠᠮᠲᠤ ᠲᠥᠬᠦᠮ ᠲᠡᠮᠳᠡᠭᠯᠡᠯ ᠬᠢᠵᠦ᠂ ᠠᠵᠢᠯᠲᠠᠨ ᠠᠰᠠᠭᠤᠨ | ᠯᠠᠪᠯᠠᠬᠤ ᠲᠤᠬᠠᠶᠢᠯᠠᠭᠰᠠᠨ ᠠᠵᠢᠯ ᠢ ᠰᠠᠶᠢᠨ ᠮᠡᠳᠡᠬᠦ ᠥᠬᠡᠶ ᠪᠠᠶᠢᠪᠠᠯ᠂ ᠴᠠᠭ ᠲᠤᠬᠠᠶ ᠳᠤᠨᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ᠂ | ᠨᠢᠭᠡᠴᠡ ᠲᠠᠢ ᠬᠠᠷᠢᠯᠴᠠᠵᠤ ᠬᠠᠷᠢᠭᠤᠯᠲᠠ ᠥᠭᠭᠦᠨ᠎ᠡ᠃ ᠵᠢᠱᠢᠶᠡᠯᠡᠪᠡᠯ᠂ ᠤᠲᠠᠰᠤ ᠢᠷᠡᠭᠦᠯᠵᠦ ᠨᠢᠭᠲᠠᠯᠠᠨ ᠪᠤᠳᠤᠭᠴᠢ ᠶᠢᠨ ᠲᠤᠰᠬᠠᠶ ᠮᠡᠷᠭᠡᠵᠢᠯ ᠤᠨ ᠠᠩᠬ᠎ᠠ᠂ | ᠳᠤᠮᠳᠠ ᠵᠡᠷᠭᠡ ᠶᠢᠨ ᠬᠢᠷᠢ ᠬᠡᠮ ᠤᠨ ᠦᠨᠡᠮᠯᠡᠯ ᠢ ᠬᠡᠷᠬᠢᠨ ᠤᠯᠬᠤ ᠪᠣᠶ︖ ᠶᠠᠮᠠᠷ ᠮᠠᠲ᠋ᠧᠷᠢᠶᠠᠯ ᠠᠪᠬᠤ ᠴᠢᠬᠤᠯᠠ ᠲᠠᠢ ᠪᠤᠢ︖ ᠭᠡᠵᠦ ᠠᠰᠠᠭᠤᠨ ᠯᠠᠪᠯᠠᠬᠤ ᠳᠤ | ᠪᠢᠳᠡ ᠤᠷᠢᠳ ᠢᠶᠠᠷ ᠬᠠᠷᠢᠶᠠᠯᠠᠭᠳᠠᠬᠤ ᠰᠠᠯᠠᠭ᠎ᠠ ᠲᠠᠰᠤᠭ ᠢ ᠨᠤᠲᠠᠯᠠᠨ ᠲᠣᠭᠲᠠᠭᠠᠵᠤ᠂ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠲᠤ ᠮᠡᠳᠡᠭᠳᠡᠵᠦ᠂ | ᠰᠠᠯᠠᠭ᠎ᠠ ᠲᠠᠰᠤᠭ ᠠᠴᠠ ᠬᠠᠷᠢᠭᠤ ᠤᠲᠠᠰᠤ ᠢᠷᠡᠭᠦᠯᠵᠦ ᠪᠣᠳᠠᠲᠠᠶ ᠬᠠᠷᠢᠭᠤᠯᠲᠠ ᠥᠭᠭᠦᠨ᠎ᠡ᠃ ᠦᠨᠡᠨ ᠳᠡᠭᠡᠨ ᠡᠨᠡ ᠠᠰᠠᠭᠤᠳᠠᠯ ᠤᠨ ᠲᠤᠬᠠᠶ ᠯᠠᠪᠯᠠᠯᠲᠠ ᠶᠢᠨ | ᠬᠡᠮᠵᠢᠶ᠎ᠡ ᠮᠠᠰᠢ ᠶᠡᠭᠡ᠂ ᠪᠢ ᠠᠳᠡ ᠪᠠᠰᠠ ᠣᠯᠠᠨ ᠳᠤ ᠰᠢᠭᠤᠳ ᠬᠠᠷᠢᠭᠤᠯᠲᠠ ᠥᠭᠭᠦᠶ᠎ᠡ᠄ ᠰᠢᠯᠭᠠᠭᠤᠯᠤᠭᠴᠢᠳ ᠡᠩ ᠲᠡᠷᠢᠭᠦᠨ ᠳᠤ ︽ᠥᠪᠥᠷ ᠮᠣᠩᠭᠤᠯ ᠤᠨ | ᠨᠢᠭᠲᠠᠯᠠᠨ ᠪᠣᠳᠤᠭᠴᠢ ᠶᠢᠨ ᠰᠦᠯᠵᠢᠶ᠎ᠡ︾ ᠶᠢᠨ ᠵᠢᠯ ᠪᠦᠷᠢ ᠶᠢᠨ ᠲᠤᠰᠬᠠᠶ ᠮᠡᠷᠭᠡᠵᠢᠯ ᠤᠨ ᠠᠩᠬ᠎ᠠ᠂ ᠳᠤᠮᠳᠠ ᠵᠡᠷᠭᠡ ᠶᠢᠨ ᠬᠢᠷᠢ ᠬᠡᠮ ᠤᠨ ᠦᠨᠡᠮᠯᠡᠯ ᠤᠨ | ᠠᠷᠭ᠎ᠠ ᠴᠠᠭ ᠢ ᠠᠩᠬᠠᠷᠪᠠᠯ ᠵᠣᠬᠢᠨ᠎ᠠ᠂ ᠬᠥᠬᠡᠬᠤᠲᠠ ᠶᠢᠨ ᠰᠢᠯᠭᠠᠯᠲᠠ ᠶᠢᠨ ᠲᠣᠭᠤᠷᠢᠭ ᠤᠨ ᠬᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠵᠡᠭᠦᠨ | ᠵᠡᠭᠡᠯᠢ ᠶᠢᠨ 18 ᠳ᠋ᠤᠭᠠᠷ ᠨᠣᠮᠧᠷ ᠤᠨ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠦᠨᠡᠮᠯᠡᠯ ᠠᠪᠤᠨ᠎ᠠ᠃ ᠰᠢᠯᠭᠠᠯᠲᠠ ᠶᠢᠨ ᠬᠢᠷᠢ ᠪᠦᠲᠦᠮᠵᠢ ᠨᠢ | ᠬᠢᠷᠢ ᠲᠡᠩᠴᠡᠭᠰᠡᠨ ᠠᠩᠬ᠎ᠠ ᠵᠡᠷᠭᠡ ᠶᠢᠨ ᠬᠢᠷᠢ ᠬᠡᠮ ᠤᠨ ᠰᠢᠯᠭᠠᠭᠤᠯᠤᠭᠴᠢ ᠥᠪᠡᠷ ᠤᠨ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠪᠠ ᠰᠢᠯᠭᠠᠯᠲᠠ ᠶᠢᠨ ᠬᠢᠷᠢ | ᠪᠦᠲᠦᠮᠵᠢ ᠶᠢᠨ ᠬᠢᠷᠢ ᠲᠡᠩᠴᠡᠭᠰᠡᠨ ᠬᠠᠭᠤᠳᠠᠰᠤ ᠪᠠᠨ ᠠᠪᠬᠤ ᠬᠡᠷᠡᠭᠲᠡᠶ᠃ ᠬᠢᠷᠢ ᠪᠦᠲᠦᠮᠵᠢ ᠨᠢ ᠬᠢᠷᠢ ᠲᠡᠩᠴᠡᠭᠰᠡᠨ ᠳᠤᠮᠳᠠ ᠵᠡᠷᠭᠡ ᠶᠢᠨ ᠬᠢᠷᠢ ᠬᠡᠮ ᠤᠨ | ᠰᠢᠯᠭᠠᠭᠤᠯᠤᠭᠴᠢ ᠥᠪᠡᠷ ᠤᠨ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ᠂ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠤᠨ ᠣᠭ ᠮᠠᠲ᠋ᠧᠷᠢᠶᠠᠯ | ᠂ ᠰᠢᠯᠭᠠᠯᠲᠠ ᠶᠢᠨ ᠬᠢᠷᠢ ᠪᠦᠲᠦᠮᠵᠢ ᠶᠢᠨ ᠬᠢᠷᠢ ᠲᠡᠩᠴᠡᠭᠰᠡᠨ ᠬᠠᠭᠤᠳᠠᠰᠤ᠂ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠭᠰᠠᠨ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠦᠭᠰᠡᠨ ᠰᠢᠯᠭᠠᠭᠤᠯᠤᠭᠴᠢ ᠶᠢᠨ ᠮᠡᠳᠡᠭᠡ ᠵᠠᠩᠭᠢ ᠶᠢᠨ ᠬᠦᠰᠦᠨᠦᠭᠲᠦ ᠶᠢ ᠰᠢᠯᠭᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ ᠦᠨᠡᠮᠯᠡᠯ ᠢᠶᠠᠨ ᠠᠪᠤᠨ᠎ᠠ᠃ ᠲᠣᠰ ᠰᠢᠯᠭᠠᠯᠲᠠ ᠶᠢᠨ ᠲᠣᠭᠤᠷᠢᠭ ᠤᠨ ᠪᠤᠰᠤ ᠰᠢᠯᠭᠠᠭᠤᠯᠤᠭᠴᠢ ᠳᠡᠭᠡᠷᠡᠬᠢ ᠮᠠᠲ᠋ᠧᠷᠢᠶᠠᠯ ᠤᠳ ᠢ | ᠡᠵᠡᠮᠰᠢᠬᠦ ᠠᠴᠠ ᠭᠠᠳᠠᠨ᠎ᠠ ᠪᠠᠰᠠ ᠲᠣᠰ ᠰᠢᠯᠭᠠᠯᠲᠠ ᠶᠢᠨ ᠲᠣᠭᠤᠷᠢᠭ ᠤᠨ ᠬᠦᠴᠦᠨ ᠪᠥᠬᠦᠶ ᠣᠷᠣᠰᠢᠨ ᠰᠠᠭᠤᠬᠤ ᠦᠨᠡᠮᠯᠡᠯ ᠪᠤᠶᠤ ᠬᠡᠷ ᠬᠥᠷᠥᠩᠭᠡ ᠶᠢᠨ | ᠦᠨᠡᠮᠯᠡᠯ ᠲᠠᠢ ᠪᠠᠶᠢᠬᠤ ᠬᠡᠷᠡᠭᠲᠡᠶ᠃ ᠬᠢᠷᠢ ᠲᠡᠩᠴᠡᠭᠰᠡᠨ ᠦᠨᠡᠮᠯᠡᠯ ᠠᠪᠬᠤ ᠳᠤ ᠳᠠᠭᠤᠰᠬᠤ ᠬᠤᠭᠤᠴᠠᠭ᠎ᠠ ᠭᠡᠵᠦ ᠪᠠᠶᠢᠬᠤ ᠦᠭᠡᠢ᠂ ᠠᠩᠬ᠎ᠠ ᠵᠡᠷᠭᠡ ᠶᠢᠨ ᠪᠠ | ᠳᠤᠮᠳᠠ ᠵᠡᠷᠭᠡ ᠶᠢᠨ ᠨᠢᠭᠲᠠᠯᠠᠨ ᠪᠣᠳᠤᠭᠴᠢ ᠶᠢᠨ ᠲᠤᠰᠬᠠᠶ ᠮᠡᠷᠭᠡᠵᠢᠯ ᠤᠨ ᠬᠢᠷᠢ ᠬᠡᠮ ᠤᠨ ᠬᠢᠷᠢ ᠲᠡᠩᠴᠡᠭᠰᠡᠨ ᠦᠨᠡᠮᠯᠡᠯ ᠢ ᠪᠤᠰᠤᠳ ᠬᠥᠮᠦᠨ ᠳᠤ ᠨᠠᠶᠢᠳᠠᠵᠤ | ᠳᠡᠭᠡᠷ᠎ᠡ ᠳᠤᠷᠠᠳᠤᠭᠰᠠᠨ ᠬᠤᠯᠪᠣᠭᠳᠠᠯ ᠪᠦᠬᠦᠢ ᠦᠨᠡᠮᠯᠡᠯ ᠢ ᠠᠪᠴᠤ ᠬᠢᠨᠠᠨ ᠬᠠᠷᠭᠤᠭᠤᠯᠬᠤ ᠶᠢᠨ ᠬᠠᠮᠲᠤ ᠠᠪᠴᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠰᠢᠯᠭᠠᠯᠲᠠ ᠶᠢᠨ ᠲᠣᠭᠤᠷᠢᠭ ᠤᠨ ᠰᠢᠯᠭᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ | ᠵᠡᠭᠡᠯᠢ ᠶᠢᠨ 19 ᠳ᠋ᠤᠭᠡᠷ ᠨᠣᠮᠧᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠢᠭᠲᠠᠯᠠᠨ ᠪᠣᠳᠤᠭᠴᠢ ᠶᠢᠨ ᠬᠢᠷᠢ | ᠬᠡᠮ ᠤᠨ ᠦᠨᠡᠯᠡᠯᠲᠡ ᠶᠢᠨ ᠲᠥᠪ ᠲᠤ ᠬᠦᠷᠴᠦ ᠦᠨᠡᠮᠯᠡᠯ ᠠᠪᠤᠭᠠᠷᠠᠶ᠃ ᠥᠪᠡᠷᠲᠡᠭᠡᠨ ᠵᠠᠰᠠᠬᠤ ᠣᠷᠣᠨ ᠤ ᠪᠤᠰᠤᠳ ᠰᠢᠯᠭᠠᠯᠲᠠ ᠶᠢᠨ ᠲᠣᠭᠤᠷᠢᠭ ᠤᠨ | ᠰᠢᠯᠭᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠰᠢᠯᠭᠠᠯᠲᠠ ᠶᠢᠨ ᠲᠣᠭᠤᠷᠢᠭ ᠤᠨ ᠨᠢᠭᠲᠠᠯᠠᠨ ᠪᠤᠳᠤᠭᠴᠢ ᠶᠢᠨ ᠲᠤᠰᠬᠠᠶ ᠮᠡᠷᠭᠡᠵᠢᠯ ᠤᠨ ᠬᠢᠷᠢ ᠬᠡᠮ ᠤᠨ | ᠰᠢᠯᠭᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠷᠢᠯᠴᠠᠵᠤ ᠦᠨᠡᠮᠯᠡᠯ ᠠᠪᠤᠭᠠᠷᠠᠶ᠃ ᠬᠠᠷᠢᠭᠤᠯᠲᠠ ᠥᠭᠭᠦᠭᠰᠡᠨ ᠤ ᠳᠠᠷᠠᠭ᠎ᠠ᠂ ᠰᠠᠯᠠᠭ᠎ᠠ ᠲᠠᠰᠤᠭ ᠤᠨ | ᠠᠵᠢᠯᠲᠠᠨ ᠠᠷᠠᠳ ᠲᠤ ᠦᠢᠯᠡᠴᠢᠯᠡᠬᠦ ᠭᠡᠷ ᠤᠨ ᠠᠵᠢᠯᠲᠠᠨ ᠳᠤ ᠨᠢᠭᠡᠨᠲᠡ ᠬᠠᠷᠢᠭᠤᠯᠲᠠ ᠥᠭᠴᠦ ᠳᠠᠭᠤᠰᠤᠭᠰᠠᠨ ᠢ ᠮᠡᠳᠡᠭᠳᠡᠨ᠎ᠡ᠃ ᠠᠷᠠᠳ ᠲᠤ ᠦᠢᠯᠡᠴᠢᠯᠡᠬᠦ | ᠭᠡᠷ ᠤᠨ ᠠᠵᠢᠯᠲᠠᠳ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠪᠠᠷ ᠢᠷᠡᠭᠰᠡᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠠᠰᠠᠭᠤᠨ᠎ᠠ᠃ | ᠣᠯᠠᠨ ᠲᠦᠮᠡᠨ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠦᠶ᠎ᠡ ᠳᠤ᠂ ᠵᠢᠱᠢᠶᠡᠯᠡᠪᠡᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ | ᠬᠡᠷᠬᠢᠨ ᠭᠤᠶᠤᠴᠢᠯᠠᠬᠤ ᠶᠢ ᠠᠰᠠᠭᠤᠨ ᠯᠠᠪᠯᠠᠬᠤ ᠳᠤ ᠪᠢᠳᠡ ᠶᠠᠭᠤᠨ ᠤ ᠡᠮᠦᠨ᠎ᠡ ᠡᠨᠡ ᠠᠰᠠᠭᠤᠯᠲᠠ ᠶᠢᠨ ᠬᠠᠷᠢᠶᠠᠯᠠᠭᠳᠠᠬᠤ ᠰᠠᠯᠠᠭ᠎ᠠ ᠲᠠᠰᠤᠭ ᠢ ᠨᠤᠲᠠᠯᠠᠨ | ᠲᠣᠭᠲᠠᠭᠠᠵᠤ᠂ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠲᠤ ᠮᠡᠳᠡᠭᠳᠡᠵᠦ᠂ ᠰᠠᠯᠠᠭ᠎ᠠ ᠲᠠᠰᠤᠭ ᠠᠴᠠ ᠠᠷᠠᠳ ᠲᠤ ᠦᠢᠯᠡᠴᠢᠯᠡᠬᠦ ᠭᠡᠷ ᠲᠤ ᠬᠥᠮᠦᠨ | ᠲᠣᠮᠢᠯᠠᠨ ᠢᠷᠡᠭᠦᠯᠦᠭᠡᠳ ᠪᠣᠳᠠᠲᠠᠶ ᠬᠠᠷᠢᠭᠤᠯᠲᠠ ᠥᠭᠭᠦᠭᠦᠯᠦᠨᠡ᠃ ᠡᠨᠡ ᠠᠰᠠᠭᠤᠳᠠᠯ ᠳᠤ ᠴᠢᠭᠯᠡᠭᠦᠯᠦᠨ ᠪᠢ ᠪᠠᠰᠠ ᠡ᠊ᠨᠳᠡ ᠤᠯᠠᠨ ᠳᠤ ᠬᠠᠷᠢᠭᠤᠯᠲᠠ | ᠥᠭᠭᠦᠶ᠎ᠡ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠳᠤ ᠬᠤᠶᠠᠷ ᠵᠦᠢᠯ ᠤᠨ ᠠᠷᠭ᠎ᠠ ᠵᠠᠮ ᠪᠠᠶᠢᠳᠠᠭ᠂ ᠨᠢᠭᠡᠳᠦᠭᠡᠷ ᠠᠷᠭ᠎ᠠ ᠵᠠᠮ | ᠪᠣᠯ ᠰᠦᠯᠵᠢᠶᠡᠨ ᠳᠡᠭᠡᠷ᠎ᠡ ᠭᠤᠶᠤᠴᠢᠯᠠᠬᠤ ᠶᠠᠪᠤᠳᠠᠯ ᠪᠣᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠭᠤᠶᠤᠴᠢᠯᠠᠬᠤ | ᠬᠦᠴᠢᠷᠳᠡᠯᠲᠡᠶ ᠣᠯᠠᠨ ᠲᠦᠮᠡᠨ ᠭᠠᠷ ᠤᠲᠠᠰᠤ ᠵᠡᠷᠭᠡ ᠰᠢᠯᠵᠢᠮᠡᠯ ᠦᠵᠦᠭᠦᠷᠯᠢᠭ ᠢᠶᠠᠷ ᠳᠠᠮᠵᠢᠭᠤᠯᠤᠨ ᠸᠢᠴᠠᠲ ᠲᠤ ᠣᠷᠣᠵᠤ ︽ᠬᠥᠬᠡᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ ᠪᠢᠴᠢᠯ ᠲᠠᠪᠴᠠᠩ ᠤᠨ ᠫᠷᠤᠭ᠍ᠷᠠᠮ︾ ᠢ ᠡᠷᠢᠵᠦ ᠪᠣᠯᠤᠨ᠎ᠠ᠂ ᠫᠷᠤᠭ᠍ᠷᠠᠮ ᠳᠤ ᠤᠷᠤᠭᠰᠠᠨ ᠤ | ᠳᠠᠷᠠᠭ᠎ᠠ ᠰᠦᠯᠵᠢᠶ᠎ᠡ ᠪᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ | ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠨ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠣᠯᠭᠤᠨ᠎ᠠ᠃ ᠬᠤᠶᠠᠳᠤᠭᠠᠷ ᠵᠦᠢᠯ ᠤᠨ ᠠᠷᠭ᠎ᠠ ᠵᠠᠮ ᠪᠣᠯ ᠰᠦᠯᠵᠢᠶᠡᠨ ᠠᠴᠠ | ᠭᠠᠳᠠᠨ᠎ᠠ ᠭᠤᠶᠤᠴᠢᠯᠠᠬᠤ ᠶᠠᠪᠤᠳᠠᠯ ᠪᠣᠯᠤᠨ᠎ᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠣᠯᠠᠨ ᠲᠦᠮᠡᠨ ᠡᠷᠦᠬᠡ ᠠᠮᠠ ᠶᠢᠨ ᠲᠠᠩᠰᠠ ᠪᠠᠶᠢᠭ᠎ᠠ | ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠪᠠᠶᠢᠭᠤᠯᠤᠭᠰᠠᠨ ᠨᠡᠶᠢᠭᠡᠮ ᠤᠨ | ᠠᠪᠤᠷᠠᠨ ᠲᠤᠰᠠᠯᠠᠬᠤ ᠦᠢᠯᠡᠴᠢᠯᠡᠭᠡᠨ ᠤ ᠴᠣᠩᠬᠤᠨ ᠳᠤ ᠬᠦᠷᠴᠦ ᠪᠢᠴᠢᠭ ᠢᠶᠠᠷ ᠭᠤᠶᠤᠴᠢᠯᠠᠯ ᠳᠡᠪᠰᠢᠭᠦᠯᠵᠦ᠂ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠨ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠣᠯᠭᠤᠨ᠎ᠠ᠃ ᠭᠤᠶᠤᠴᠢᠯᠠᠭᠴᠢ ᠶᠢᠨ ᠨᠠᠶᠢᠳᠠᠯᠭ᠎ᠠ ᠪᠠᠷ᠂ ᠭᠠᠴᠠᠭᠠᠨ ᠤ ᠠᠷᠠᠳ ᠤᠨ ᠵᠥᠪᠯᠡᠯ ᠨᠢ | ᠲᠡᠭᠦᠨ ᠢ ᠣᠷᠣᠯᠠᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠳᠤ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠪᠢᠴᠢᠭ ᠤᠨ ᠭᠤᠶᠤᠴᠢᠯᠠᠯ ᠵᠢᠴᠢ ᠬᠤᠯᠪᠤᠭᠳᠠᠯ ᠪᠦᠬᠦᠢ ᠮᠠᠲ᠋ᠧᠷᠢᠶᠠᠯ ᠢ ᠲᠤᠰᠢᠶᠠᠵᠤ | ᠪᠣᠯᠤᠨ᠎ᠠ᠃ ᠬᠠᠷᠢᠭᠤᠯᠲᠠ ᠥᠭᠭᠦᠭᠰᠡᠨ ᠤ ᠳᠠᠷᠠᠭ᠎ᠠ᠂ ᠰᠠᠯᠠᠭ᠎ᠠ ᠲᠠᠰᠤᠭ ᠤᠨ ᠠᠵᠢᠯᠲᠠᠨ ᠠᠷᠠᠳ ᠲᠤ ᠦᠢᠯᠡᠴᠢᠯᠡᠬᠦ ᠭᠡᠷ ᠤᠨ ᠠᠵᠢᠯᠲᠠᠨ ᠳᠤ ᠨᠢᠭᠡᠨᠲᠡ | ᠬᠠᠷᠢᠭᠤᠯᠲᠠ ᠥᠭᠴᠦ ᠳᠠᠭᠤᠰᠤᠭᠰᠠᠨ ᠢ ᠮᠡᠳᠡᠭᠳᠡᠨ᠎ᠡ᠃ ᠠᠷᠠᠳ ᠲᠤ ᠦᠢᠯᠡᠴᠢᠯᠡᠬᠦ ᠭᠡᠷ ᠤᠨ ᠠᠵᠢᠯᠳᠠᠨ ᠲᠤᠬᠠᠢ ᠶᠢᠨ ᠲᠠᠯᠠᠪᠠᠢ ᠳᠤ ᠠᠰᠠᠭᠤᠨ ᠯᠠᠪᠯᠠᠬᠤ ᠪᠠᠷ | ᠢᠷᠡᠭᠰᠡᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠠᠰᠠᠭᠤᠨ᠎ᠠ ᠃ | ᠳᠡᠭᠡᠷᠡᠬᠢ ᠯᠠᠪᠯᠠᠯᠲᠠ ᠶᠢᠨ ᠭᠤᠭᠴᠤᠭ᠎ᠠ ᠳᠤ ᠪᠢᠳᠡ ᠴᠥᠮ ᠬᠠᠷᠠᠭᠠᠯᠵᠠᠭᠰᠠᠨ ᠬᠦᠰᠦᠨᠦᠭᠲᠦ ᠲᠣᠭᠲᠠᠭᠠᠭᠰᠠᠨ ᠪᠥᠭᠡᠳ ᠡᠯ᠎ᠡ ᠭᠤᠬᠴᠤᠭ᠎ᠠ ᠶᠢᠨ ᠬᠥᠮᠦᠰ | ᠭᠠᠷ ᠤᠨ ᠦᠰᠦᠭ ᠵᠢᠷᠤᠵᠤ᠂ ᠠᠷᠠᠳ ᠲᠤ ᠦᠢᠯᠡᠴᠢᠯᠡᠬᠦ ᠭᠡᠷ ᠤᠨ ᠬᠢᠨ ᠨᠢᠭᠡᠳᠦᠯᠲᠡᠶ ᠳᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠨ᠎ᠠ᠃ | ᠡᠭᠦᠨ ᠠᠴᠠ ᠭᠠᠳᠠᠨ᠎ᠠ᠂ ᠠᠵᠤ ᠠᠬᠤᠶᠢᠯᠠᠯ᠂ ᠲᠥᠰᠦᠪ ᠤᠨ ᠨᠢᠭᠡᠴᠡ ᠪᠠᠰᠠ ᠤᠲᠠᠰᠤ ᠪᠠ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠪᠠᠷ | ᠳᠠᠮᠵᠢᠭᠤᠯᠤᠨ ᠠᠯᠪᠠᠨ ᠪᠢᠴᠢᠭ ᠤᠨ ᠡᠷᠭᠢᠯᠲᠡ ᠰᠢᠢᠳᠪᠦᠷᠢᠯᠡᠯᠲᠡ ᠶᠢᠨ ᠪᠠᠶᠢᠳᠠᠯ ᠢ ᠯᠠᠪᠯᠠᠵᠤ ᠪᠣᠯᠤᠨ᠎ᠠ᠂ ᠪᠢᠳᠡ ᠪᠠᠰᠠ ᠲᠤᠬᠠᠶ ᠶᠢᠨ ᠲᠠᠯᠠᠪᠤᠷ ᠤᠨ ᠵᠠᠭᠠᠯᠳᠤᠯᠭ᠎ᠠ | ᠪᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠠᠷᠢᠨ ᠬᠢᠨᠠᠮᠠᠭᠠᠶ ᠭᠥᠯᠢᠶᠡᠨ ᠠᠪᠴᠤ᠂ ᠠᠵᠤ ᠠᠬᠤᠶᠢᠯᠠᠯ ᠣᠯᠠᠨ ᠲᠦᠮᠡᠨ ᠤ ᠬᠠᠮᠤᠭ ᠤᠨ ᠪᠠᠴᠢᠮ ᠬᠠᠮᠤᠭ ᠤᠨ | ᠵᠣᠪᠠᠭᠤᠷᠢ ᠲᠠᠢ ᠬᠠᠮᠤᠭ ᠤᠨ ᠬᠦᠰᠡᠵᠦ ᠪᠠᠶᠢᠭ᠎ᠠ ᠠᠰᠠᠭᠤᠳᠠᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠢᠢᠳᠪᠦᠷᠢᠯᠡᠨ᠎ᠡ᠃ | ᠬᠡᠯᠡᠯᠭᠡᠨ ᠦᠭᠡᠢ᠂ ᠪᠢᠳᠡ ᠪᠠᠰᠠ ᠪᠣᠳᠠᠲᠤ ᠬᠡᠷᠡᠭᠴᠡᠭᠡ ᠪᠠᠨ ᠦᠨᠳᠦᠰᠦᠯᠡᠨ ᠦᠢᠯᠡᠴᠢᠯᠡᠭᠡᠨ ᠤ ᠲᠦᠷᠦᠯ ᠵᠦᠢᠯ ᠢᠶᠠᠨ ᠴᠠᠭ ᠲᠤᠬᠠᠶ ᠳᠤᠨᠢ | ᠲᠣᠬᠢᠷᠠᠭᠤᠯᠬᠤ ᠪᠣᠯᠤᠨ᠎ᠠ᠂ ᠭᠡᠪᠡᠴᠦ ᠪᠢᠳᠡᠨ ᠤ ᠬᠤᠪᠢᠷᠠᠭᠤᠯᠬᠤ ᠦᠭᠡᠢ ᠵᠣᠷᠢᠯᠲᠠ ᠪᠣᠯ ᠰᠢᠢᠳᠪᠦᠷᠢᠯᠡᠬᠦ ᠴᠠᠭ ᠢ ᠠᠯᠢ ᠴᠢᠳᠠᠬᠤ ᠪᠠᠷ ᠲᠦᠷᠭᠡᠨ ᠪᠣᠯᠭᠠᠵᠤ᠂ | ᠤᠴᠢᠷ ᠶᠠᠪᠤᠳᠠᠯ ᠢ ᠰᠢᠢᠳᠪᠦᠷᠢᠯᠡᠬᠦ ᠶᠠᠪᠤᠴᠠ ᠶᠢ ᠠᠯᠢ ᠴᠢᠳᠠᠬᠤ ᠪᠠᠷ ᠳᠥᠭᠦᠮ ᠳᠥᠲᠡ ᠪᠠᠶᠢᠯᠭᠠᠵᠤ᠂ ᠦᠢᠯᠡᠴᠢᠯᠡᠭᠡᠨ ᠤ ᠶᠠᠰᠤ ᠴᠢᠨᠠᠷ ᠢ ᠠᠯᠢ ᠴᠢᠳᠠᠬᠤ ᠪᠠᠷ | ᠰᠢᠯᠢᠳᠡᠭ ᠪᠠᠶᠢᠯᠭᠠᠬᠤ ᠳᠤ ᠣᠷᠣᠰᠢᠨ᠎ᠠ᠃ | 16. ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ | ᠴᠤᠤ ᠰᠢᠶᠦ᠋ᠩ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠭᠦᠷ ᠬᠡᠷ ᠤᠨ ᠬᠠᠷᠢᠭᠤᠴᠠᠯᠭᠠᠲᠠᠨ ᠯᠢ ᠮᠧᠶ᠂ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠷᠠᠳ ᠲᠤ ᠦᠢᠯᠡᠴᠢᠯᠡᠬᠦ ᠬᠡᠷ ᠤᠨ ᠤᠷᠯᠢᠭ ᠲᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ | ᠨᠠᠷ ᠤᠨ ᠠᠩᠬᠠᠷᠤᠯ ᠪᠠ ᠣᠷᠣᠯᠴᠠᠯᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠠᠶᠠᠷᠯᠠᠯ᠎ᠠ᠃ | |