ᠭᠠᠳᠠᠭᠠᠳᠤ ᠳᠤ ᠰᠤᠷᠤᠯᠴᠠᠭᠰᠠᠳ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠦᠨ ᠦᠢᠯᠡᠰ ᠴᠣᠭᠴᠠᠯᠠᠪᠠᠯ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠤᠨ ᠲᠤᠰᠠᠯᠠᠮᠵᠢ ᠣᠯᠤᠨ᠎ᠠ
ᠨᠡᠶᠢᠲᠡᠯᠡᠭᠰᠡᠨ ᠴᠠᠭ᠄
2021/6/17
      ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠭᠠᠳᠠᠭᠠᠳᠤ ᠳᠤ ᠰᠤᠷᠤᠯᠴᠠᠭᠰᠠᠳ ᠤᠨ ᠣᠷᠣᠨ ᠳᠠᠭᠠᠨ ᠪᠤᠴᠠᠵᠤ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠶᠢᠨ ᠲᠤᠰᠠᠳᠠ᠂ 2021 ᠣᠨ ᠳᠤ ᠥᠪᠡᠷᠲᠡᠭᠡᠨ ᠵᠠᠰᠠᠬᠤ ᠣᠷᠣᠨ ᠠᠴᠠ ᠭᠠᠳᠠᠭᠠᠳᠤ ᠳᠤ ᠰᠤᠷᠤᠯᠴᠠᠭᠰᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠳᠡᠮᠵᠢᠬᠦ ᠲᠥᠯᠥᠪᠯᠡᠭᠡ ᠶᠢ ᠦᠷᠭᠦᠯᠵᠢᠯᠡᠨ ᠥᠷᠨᠢᠭᠦᠯᠦᠨ᠎ᠡ ᠃      ᠣᠶᠢᠯᠠᠭᠠᠭᠰᠠᠨ ᠢᠶᠠᠷ᠂ 2021 ᠣᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠰᠤᠷᠤᠯᠴᠠᠭᠰᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠳᠡᠮᠵᠢᠬᠦ ᠲᠥᠯᠥᠪᠯᠡᠭᠡ ᠨᠢ ᠵᠣᠬᠢᠶᠠᠮᠠᠯ ᠣᠶᠤᠨ᠂ ᠲᠣᠮᠣ ᠳ᠋ᠠᠶᠢᠲ᠋ᠠ᠂ ᠰᠢᠨ᠎ᠡ ᠮᠠᠲ᠋ᠧᠷᠢᠶᠠᠯ᠂ ᠲᠡᠷᠢᠭᠦᠨ ᠤ ᠲᠣᠨᠤᠭᠯᠠᠯ ᠦᠢᠯᠡᠳᠬᠦ᠂ ᠣᠲᠣ ᠦᠶ᠎ᠡ ᠶᠢᠨ ᠠᠨᠠᠭᠠᠬᠤ ᠤᠬᠠᠭᠠᠨ᠂  ᠬᠤᠰᠢᠭᠤᠴᠢ ᠠᠮᠢᠳᠤ ᠪᠣᠳᠠᠰ᠂ ᠴᠡᠪᠡᠷ ᠡᠨᠧᠷᠭᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠠᠭᠤᠷᠢ ᠰᠢᠨᠵᠢᠯᠡᠭᠡᠨ ᠤ ᠰᠤᠳᠤᠯᠭᠠᠨ ᠵᠡᠷᠭᠡ ᠬᠦᠷᠢᠶᠡᠨ ᠳᠠᠬᠢ ᠰᠢᠨ᠎ᠡ ᠶᠢ ᠡᠭᠦᠳᠦᠨ  ᠦᠢᠯᠡᠰ ᠴᠣᠭᠴᠠᠯᠠᠬᠤ ᠲᠥᠷᠥᠯ ᠵᠦᠢᠯ ᠢ ᠭᠤᠤᠯᠳᠠᠯᠭ᠎ᠠ ᠲᠠᠢ ᠲᠤᠰᠠᠯᠠᠨ᠎ᠠ᠃   ᠭᠤᠶᠤᠴᠢᠯᠠᠭᠴᠢ ᠨᠢ ᠳᠤᠮᠳᠠᠳᠤ ᠤᠯᠤᠰ ᠤᠨ ᠤᠯᠤᠰ ᠤᠨ ᠬᠠᠷᠢᠶ᠎ᠠ ᠲᠠᠢ ᠪᠥᠭᠡᠳ ᠨᠢᠭᠡᠨᠲᠡ ᠪᠦᠷᠢᠨ ᠲᠤᠰᠢᠶᠠᠯ ᠲᠠᠢ ᠠᠵᠢᠯ ᠤᠨ ᠪᠠᠶᠢᠷᠢ ᠳᠤ  ᠭᠠᠷᠴᠤ᠂ ᠭᠠᠳᠠᠭᠠᠳᠤ ᠳᠤ ᠠᠵᠢᠯ ᠦᠭᠡᠢ ᠪᠠᠶᠢᠬᠤ ᠬᠡᠷᠡᠭᠲᠡᠢ ᠂  ᠭᠠᠳᠠᠭᠠᠳᠤ ᠳᠤ ᠰᠤᠷᠤᠯᠴᠠᠭᠠᠳ ᠨᠢᠭᠡ ᠵᠢᠯ ᠢᠯᠡᠬᠦᠦ ᠪᠣᠯᠵᠤ᠂ ᠤᠯᠤᠰ ︵ᠬᠢᠯᠢ︶ ᠤᠨ ᠭᠠᠳᠠᠨᠠᠬᠢ ᠠᠰᠫᠢᠷᠠᠨᠲ ᠠᠴᠠ ᠳᠡᠭᠡᠭᠰᠢ ᠡᠷᠳᠡᠮ ᠤᠨ ᠴᠣᠯᠠ ᠣᠯᠤᠭᠰᠠᠨ ᠬᠥᠮᠦᠰ᠂  ᠠᠯᠪᠠᠨ ᠠᠴᠠ ᠲᠣᠮᠢᠯᠠᠵᠤ ᠭᠠᠳᠠᠭᠠᠳᠤ ᠳᠤ ᠰᠤᠷᠤᠯᠴᠠᠭᠤᠯᠤᠭᠰᠠᠳ︔ ᠥᠪᠡᠷᠲᠡᠭᠡᠨ ᠵᠠᠰᠠᠬᠤ ᠣᠷᠣᠨ ᠤ ︽511 ᠴᠢᠳᠠᠪᠤᠷᠢᠲᠠᠨ ᠤ ᠢᠨᠵᠧᠨᠧᠷᠢᠩ︾ ᠤᠨ ᠬᠢᠯᠢ ᠶᠢᠨ ᠭᠠᠳᠠᠨ᠎ᠠ ᠬᠦᠮᠦᠵᠢᠭᠦᠯᠦᠭᠰᠡᠨ ᠬᠦᠮᠦᠰ ᠢ ᠪᠠᠭᠲᠠᠭᠠᠨ᠎ᠠ᠃ ᠰᠢᠨ᠎ᠡ ᠶᠢ ᠡᠭᠦᠳᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠳᠤ  ᠭᠤᠶᠤᠴᠢᠯᠠᠨ ᠮᠡᠳᠡᠭᠦᠯᠦᠭᠴᠢ ᠨᠢ ᠰᠤᠳᠤᠯᠤᠨ ᠨᠡᠭᠡᠭᠡᠬᠦ ᠠᠵᠢᠯ ᠢ ᠪᠡᠶ᠎ᠡ ᠪᠠᠨ ᠳᠠᠭᠠᠭᠠᠨ ᠡᠷᠭᠢᠯᠡᠵᠦ ᠴᠢᠳᠠᠬᠤ᠂ ᠬᠥᠮᠦᠵᠢᠭᠦᠯᠬᠦ ᠬᠥᠭᠵᠢᠯᠲᠡ ᠶᠢᠨ ᠢᠷᠡᠭᠡᠳᠦᠶ ᠲᠠᠢ ᠪᠠᠶᠢᠬᠤ ᠶᠢ ᠱᠠᠭᠠᠷᠳᠠᠨ᠎ᠠ᠃ ᠭᠤᠶᠤᠴᠢᠯᠠᠨ ᠮᠡᠳᠡᠭᠦᠯᠬᠦ ᠲᠥᠷᠥᠯ  ᠵᠦᠢᠯ  ᠨᠢ ᠥᠪᠡᠷᠲᠡᠭᠡᠨ ᠵᠠᠰᠠᠬᠤ ᠣᠷᠣᠨ ᠪᠤᠶᠤ ᠲᠣᠰ ᠭᠠᠵᠠᠷ ᠣᠷᠣᠨ᠂ ᠲᠣᠰ ᠬᠦᠷᠢᠶ᠎ᠡ ᠴᠠᠷᠠᠭ᠎ᠠ ᠳᠤ ᠲᠦᠷᠦᠭᠦᠯᠡᠬᠦ ᠬᠢᠷᠢ ᠬᠡᠮᠵᠢᠶ᠎ᠡ ᠲᠠᠢ ᠪᠠᠶᠢᠵᠤ᠂ ᠬᠡᠷᠡᠭᠯᠡᠭᠡᠨ ᠨᠡᠭᠡᠭᠡᠯᠲᠡ ᠶᠢᠨ ᠬᠡᠲᠦ ᠶᠢᠨ ᠲᠥᠯᠥᠪ ᠲᠠᠢ᠂ ᠰᠠᠶᠢᠨ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠪᠣᠶ ᠪᠣᠯᠭᠠᠵᠤ ᠴᠢᠳᠠᠬᠤ ᠬᠡᠷᠡᠭᠲᠡᠢ᠃ ᠦᠢᠯᠡᠰ ᠴᠣᠭᠴᠠᠯᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠳᠤ ᠭᠤᠶᠤᠴᠢᠯᠠᠨ ᠮᠡᠳᠡᠭᠦᠯᠦᠭᠴᠢ ᠨᠢ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠᠶᠢᠬᠤ ᠬᠡᠷᠡᠭᠲᠡᠶ᠂ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠤᠨ ᠳᠠᠩᠰᠠᠯᠠᠭᠤᠯᠬᠤ ᠴᠠᠭ ᠬᠤᠭᠤᠴᠠᠭ᠎ᠠ ᠨᠢ 5 ᠵᠢᠯ ᠠᠴᠠ ᠬᠡᠲᠦᠷᠡᠵᠦ ᠪᠣᠯᠬᠤ ᠥᠬᠡᠶ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠪᠠᠯᠠ ᠮᠥᠩᠭᠦ ᠶᠢᠨ ᠪᠡᠯᠡᠨ ᠵᠣᠭᠤᠰ ᠤᠨ ᠬᠥᠷᠥᠩᠭᠡ ᠨᠢ ᠠᠷᠠᠳ ᠤᠨ ᠵᠣᠭᠤᠰ ᠢᠶᠠᠷ 30 ᠲᠦᠮᠡᠨ ᠲᠥᠭᠦᠷᠢᠭ ᠠᠴᠠ ᠳᠣᠤᠷ᠎ᠠ ᠪᠠᠶᠢᠵᠤ ᠪᠣᠯᠬᠤ ᠥᠬᠡᠶ᠂ ᠭᠤᠶᠤᠴᠢᠯᠠᠨ ᠮᠡᠳᠡᠭᠦᠯᠦᠭᠴᠢ ᠶᠢᠨ ᠪᠠᠯᠠ ᠭᠠᠷᠭᠠᠭᠰᠠᠨ ᠲᠤᠭ᠎ᠠ ᠨᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠥᠷᠥᠩᠭᠡ ᠶᠢᠨ 30% ᠠᠴᠠ ᠳᠡᠭᠡᠭᠰᠢᠬᠢ ᠶᠢ ᠡᠵᠡᠯᠡᠵᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠪᠤᠶᠤ ᠡᠭᠦᠳᠦᠯᠲᠡ ᠶᠢᠨ ᠲᠤᠰᠬᠠᠶ ᠠᠰᠢᠭ ᠲᠠᠢ᠂ ᠮᠡᠷᠭᠡᠵᠢᠯ ᠤᠨ ᠰᠢᠨ᠎ᠡ ᠶᠢ ᠡᠭᠦᠳᠬᠦ ᠴᠢᠨᠠᠷ ᠢᠶᠠᠷ ᠴᠢᠩᠭ᠎ᠠ᠂ ᠨᠡᠯᠢᠶᠡᠳ ᠴᠢᠩᠭ᠎ᠠ ᠵᠠᠬ᠎ᠠ ᠳᠡᠯᠭᠡᠭᠦᠷ ᠤᠨ ᠳᠠᠯᠳᠠ ᠬᠦᠴᠦᠨ ᠲᠠᠢ ᠪᠠᠶᠢᠬᠤ ᠬᠡᠷᠡᠭᠲᠡᠶ᠃       ᠭᠠᠳᠠᠭᠠᠳᠤ ᠳᠤ ᠰᠤᠷᠤᠯᠴᠠᠭᠰᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠳᠡᠮᠵᠢᠬᠦ ᠲᠥᠯᠥᠪᠯᠡᠭᠡ ᠶᠢ ᠰᠢᠨ᠎ᠡ ᠶᠢ ᠡᠭᠦᠳᠬᠦ ᠲᠥᠷᠥᠯ ᠵᠦᠢᠯ ᠪᠠ ᠦᠢᠯᠡᠰ ᠴᠣᠭᠴᠠᠯᠠᠬᠤ ᠲᠥᠷᠥᠯ ᠵᠦᠢᠯ ᠭᠡᠵᠦ ᠬᠤᠶᠠᠷ ᠲᠥᠷᠥᠯ ᠳᠤ ᠬᠤᠪᠢᠶᠠᠨ᠎ᠠ᠂ ᠡᠭᠦᠨ ᠳᠤ ᠰᠢᠨ᠎ᠡ ᠶᠢ ᠡᠭᠦᠳᠬᠦ ᠲᠦᠷᠦᠯ ᠵᠦᠢᠯ ᠢ ᠡᠬᠢᠯᠡᠭᠦᠯᠬᠦ ᠲᠦᠷᠦᠯ ᠪᠠ ᠪᠠᠭ᠎ᠠ ᠲᠣᠭᠠᠨ ᠤ ᠲᠦᠷᠦᠯ ᠭᠡᠵᠦ ᠬᠤᠪᠢᠶᠠᠨ᠎ᠠ᠃  ᠲᠤᠰᠠᠯᠠᠮᠵᠢ ᠶᠢᠨ ᠮᠦᠩᠭᠦᠨ ᠤ ᠲᠤᠭ᠎ᠠ ᠬᠡᠮᠵᠢᠶ᠎ᠡ ᠶᠢᠨ ᠲᠠᠯ᠎ᠠ ᠪᠠᠷ᠂ ᠰᠢᠨ᠎ᠡ ᠶᠢ ᠡᠭᠦᠳᠬᠦ ᠶᠢ ᠡᠬᠢᠯᠡᠭᠦᠯᠬᠦ ᠲᠥᠷᠥᠯ ᠤᠨ ᠲᠥᠷᠥᠯ  ᠵᠦᠢᠯ ᠤᠨ  ᠲᠤᠰᠠᠯᠠᠮᠵᠢ ᠶᠢᠨ ᠮᠦᠩᠭᠦ ᠨᠢ 2 ᠲᠦᠮᠡ ᠠᠴᠠ 5 ᠲᠦᠮᠡᠨ ᠲᠥᠭᠦᠷᠢᠭ ᠠᠷᠠᠳ ᠤᠨ ᠵᠣᠭᠤᠰ ᠂ ᠰᠢᠨ᠎ᠡ ᠶᠢ ᠡᠭᠦᠳᠬᠦ ᠪᠠᠭ᠎ᠠ ᠲᠣᠭᠠᠨ ᠤ  ᠲᠥᠷᠥᠯ ᠤᠨ ᠲᠥᠷᠥᠯ  ᠵᠦᠢᠯ ᠤᠨ  ᠲᠤᠰᠠᠯᠠᠮᠵᠢ ᠶᠢᠨ ᠮᠦᠩᠭᠦ ᠨᠢ ᠡᠩ ᠤᠨ ᠪᠠᠶᠢᠳᠠᠯ ᠳᠣᠤᠷ᠎ᠠ ᠠᠷᠠᠳ ᠤᠨ ᠵᠣᠭᠤᠰ ᠢᠶᠠᠷ 2 ᠲᠦᠮᠡᠨ ᠲᠥᠭᠦᠷᠢᠭ ᠠᠴᠠ ᠬᠡᠲᠦᠷᠡᠬᠦ ᠥᠬᠡᠶ᠂ ᠦᠢᠯᠡᠰ ᠴᠣᠭᠴᠠᠯᠠᠬᠤ ᠲᠥᠷᠥᠯ  ᠵᠦᠢᠯ ᠤᠨ  ᠲᠤᠰᠠᠯᠠᠮᠵᠢ ᠶᠢᠨ ᠮᠦᠩᠭᠦ ᠨᠢ 5 ᠲᠦᠮᠡ ᠠᠴᠠ 10 ᠲᠦᠮᠡᠨ ᠲᠥᠭᠦᠷᠢᠭ ᠠᠷᠠᠳ ᠤᠨ ᠵᠣᠭᠤᠰ ᠪᠣᠯᠤᠨ᠎ᠠ᠃                                                           ︵ᠰᠤᠷᠪᠤᠯᠵᠢᠯᠠᠭᠴᠢ  ᠡᠾᠦ᠋ᠸᠧ ᠰᠢᠶᠤᠤ ᠴᠢᠩ︶
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ