2021ᠣᠨ ᠤ ᠥᠪᠥᠷ ᠮᠣᠩᠭᠤᠯ ᠤᠨ ᠡᠩ ᠤᠨ  ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠳᠠᠭᠤᠷᠢᠶᠠᠮᠠᠯ ᠰᠣᠷᠢᠯᠲᠠ ᠥᠨᠥᠳᠦᠷ ᠶᠠᠪᠤᠭᠳᠠᠨ᠎ᠠ
ᠨᠡᠶᠢᠲᠡᠯᠡᠭᠰᠡᠨ ᠴᠠᠭ᠄
2021/6/24
      ︵ᠰᠤᠷᠪᠤᠯᠵᠢᠯᠠᠭᠴᠢ ᠮᠢᠶᠣᠣ ᠴᠢᠩ︶ 6 ᠳ᠋ᠤᠭᠠᠷ ᠰᠠᠷ᠎ᠠ ᠶᠢᠨ 24 ᠤ ᠡᠳᠦᠷ ᠤᠨ 9᠄ 00 — 17᠄ 00 ᠴᠠᠭ ᠲᠤ᠂ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ  ᠰᠢᠰᠲ᠋ᠧᠮ ᠤᠨ ᠰᠤᠷᠤᠭᠴᠢ ᠡᠯᠰᠡᠯᠲᠡ ᠪᠠᠭᠲᠠᠨ᠎ᠠ︶ ᠳᠤ ᠣᠷᠣᠯᠴᠠᠭᠰᠠᠨ ᠪᠣᠶ ᠪᠥᠬᠦᠶ ᠰᠢᠯᠭᠠᠭᠤᠯᠤᠭᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠰᠣᠷᠢᠯᠲᠠ ᠬᠢᠵᠦ ᠪᠣᠯᠤᠨ᠎ᠠ᠃ ᠡᠨᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠨᠡᠶᠢᠲᠡᠯᠡᠭᠰᠡᠨ 2021 ᠣᠨ ᠤ ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠳᠠᠭᠤᠷᠢᠶᠠᠮᠠᠯ ᠰᠣᠷᠢᠯᠲᠠ ᠶᠢᠨ ᠠᠯᠪᠠᠨ ᠵᠠᠷ ᠲᠠᠬᠢ ᠮᠡᠳᠡᠭᠡ ᠵᠠᠩᠭᠢ ᠪᠣᠯᠤᠨ᠎ᠠ᠃       ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠠᠯᠬᠤᠮ ᠳᠠᠷᠠᠭ᠎ᠠ᠄ ᠨᠢᠭᠡ ᠳᠤ ︽2021 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠷᠡᠮᠡᠯᠵᠡᠯ ᠲᠠᠭᠯᠠᠬᠤ ᠲᠤᠰᠬᠠᠶ ᠪᠤᠯᠤᠩ︾ ᠳᠤ ᠳᠠᠭᠤᠷᠢᠶᠠᠮᠠᠯ ᠰᠣᠷᠢᠯᠲᠠ ᠳᠤ ᠬᠡᠷᠡᠭᠯᠡᠬᠦ ᠰᠣᠷᠣᠭᠴᠢ ᠡᠯᠰᠡᠬᠦ ᠲᠥᠯᠥᠪᠯᠡᠭᠡ ᠵᠢ‌ᠯᠠᠪᠯᠠᠨ ᠦᠵᠡᠵᠦ ᠂ ᠨᠡᠷ᠎ᠡ ᠮᠡᠳᠡᠭᠦᠯᠬᠦ ᠭᠡᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠪᠠ ᠲᠤᠰᠬᠠᠶ ᠮᠡᠷᠭᠡᠵᠢᠯ ᠢᠶᠠᠨ ᠰᠣᠩᠭᠤᠨ᠎ᠠ︔ ᠨᠡᠷ᠎ᠡ ᠮᠡᠳᠡᠭᠦᠯᠬᠦ ᠪᠠᠷ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠣᠷᠣᠯᠠᠬᠤ ᠳ᠋ᠤᠭᠠᠷ ᠪᠠ ᠲᠤᠰᠬᠠᠶ ᠮᠡᠷᠭᠡᠵᠢᠯ ᠤᠨ ᠣᠷᠣᠯᠠᠬᠤ ᠳ᠋ᠤᠭᠠᠷ ᠢ ᠲᠡᠮᠳᠡᠭᠯᠡᠨ᠎ᠡ︔ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠢᠯᠡ ᠲᠠᠪᠴᠠᠩ ︵http://gaokao.chsi.com.cn︶ ᠳᠤ  ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠲᠦᠷᠢᠮ ᠢ ᠯᠠᠪᠯᠠᠵᠤ ᠦᠵᠡᠨ᠎ᠡ᠃ ᠬᠤᠶᠠᠷ ᠲᠤ᠂ ᠰᠢᠯᠭᠠᠭᠤᠯᠤᠭᠴᠢ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠳᠡᠭᠡᠷ᠎ᠡ ᠳᠠᠷᠤᠮᠠᠯᠯᠠᠭᠰᠠᠨ ︽ᠰᠢᠯᠭᠠᠭᠤᠯᠤᠭᠴᠢ ᠶᠢᠨ ᠦᠢᠯᠡᠴᠢᠯᠡᠭᠡ ᠵᠢᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠲᠠᠪᠴᠠᠩ︾ ᠭᠡᠬᠦ ᠰᠦᠯᠵᠢᠶᠡᠨ ᠬᠠᠶ᠋ᠢᠭ ᠢᠶᠠᠷ  ᠰᠦᠯᠵᠢᠶᠡᠨ ᠳᠤ  ᠭᠠᠷᠬᠤ ᠶᠢᠨ ᠬᠠᠮᠲᠤ ᠡᠷᠡᠮᠡᠯᠵᠡᠯ ᠲᠠᠭᠯᠠᠵᠤ᠂ ᠮᠡᠳᠡᠭᠦᠯᠦᠭᠰᠡᠨ ᠶᠡᠭᠡ ᠳᠡᠭᠡᠳᠦ ᠰᠤᠷᠭᠠᠭᠤᠯᠢ ᠪᠤᠶᠤ ᠲᠤᠰᠬᠠᠶ ᠮᠡᠷᠭᠡᠵᠢᠯ ᠤᠨ ᠬᠥᠳᠡᠯᠦᠩᠭᠦᠶ ᠨᠡᠷᠡᠰ ᠤᠨ  ᠵᠢᠭᠰᠠᠭᠠᠯᠲᠠ ᠶᠢ ᠪᠠᠶᠢᠴᠠᠭᠠᠨ ᠦᠵᠡᠨ᠎ᠡ᠃ ᠭᠤᠷᠪᠠ ᠳᠤ ᠡᠷᠡᠮᠡᠯᠵᠡᠯ ᠲᠠᠭᠯᠠᠬᠤ  ᠪᠦᠬᠦ ᠶᠠᠪᠤᠴᠠ ᠳᠤ ᠰᠢᠯᠭᠠᠭᠤᠯᠤᠭᠴᠢ ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢ ᠦᠷᠭᠦᠯᠵᠢ ᠯᠠᠪᠯᠠᠵᠤ ᠦᠵᠡᠨ᠂ ᠡᠷᠡᠮᠡᠯᠵᠡᠯ ᠢᠶᠠᠨ ᠲᠠᠰᠤᠷᠠᠯᠲᠠ ᠥᠬᠡᠶ ᠵᠠᠰᠠᠨ᠎ᠠ ᠃      ᠨᠡᠩ ᠤᠯᠠᠨ ᠠᠭᠤᠯᠭ᠎ᠠ ᠶᠢ ᠠᠳᠡ ᠲᠤᠪᠴᠢᠳᠠᠵᠤ ᠦᠵᠡᠭᠡᠷᠡᠢ︕
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ