2021 ᠣᠨ ᠤ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ  ᠬᠠᠮᠤᠭ ᠤᠨ ᠲᠤᠤᠷ᠎ᠠ ᠬᠢᠵᠠᠭᠠᠷᠯᠠᠬᠤ  ᠬᠤᠪᠢ ᠶᠢᠨ ᠱᠤᠭᠤᠮ ᠢ ᠨᠡᠶᠢᠲᠡᠯᠡᠪᠡ
ᠨᠡᠶᠢᠲᠡᠯᠡᠭᠰᠡᠨ ᠴᠠᠭ᠄
2021/6/24
                      ᠨᠡᠶᠢᠭᠡᠮ ᠤᠨ ᠰᠢᠨᠵᠢᠯᠡᠬᠦ ᠤᠬᠠᠭᠠᠨ ᠤ ᠨᠢᠭᠡ ᠪᠦᠯᠦᠭ 488 ᠬᠤᠪᠢ ᠪᠠᠶᠢᠭᠠᠯᠢ ᠶᠢᠨ ᠰᠢᠨᠵᠢᠯᠡᠬᠦ ᠤᠬᠠᠭᠠᠨ ᠤ ᠨᠢᠭᠡ ᠪᠦᠯᠦᠭ 418 ᠬᠤᠪᠢ      ︵ᠰᠤᠷᠪᠤᠯᠵᠢᠯᠠᠭᠴᠢ ᠮᠢᠶᠣᠣ ᠴᠢᠩ︶ 6  ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠮᠡᠳᠡᠭᠡ ᠨᠡᠶᠢᠲᠡᠯᠡᠵᠦ᠂ 2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠬᠠᠮᠤᠭ ᠤᠨ ᠳᠣᠤᠷ᠎ᠠ ᠬᠢᠵᠠᠭᠠᠷᠯᠠᠬᠤ ᠬᠤᠪᠢ ᠶᠢᠨ ᠱᠤᠭᠤᠮ ᠲᠤᠭᠲᠠᠪᠠ᠃ ᠡᠭᠦᠨ ᠳᠤ᠂ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠵᠢᠩᠬᠢᠨᠢ ᠠᠩᠭᠢ ᠶᠢᠨ ᠨᠢᠭᠡᠳᠦᠭᠡᠷ ᠪᠦᠯᠦᠭ  488 ᠬᠤᠪᠢ ᠪᠠᠶᠢᠵᠤ᠂ ᠨᠢᠳᠤᠨᠤᠨ ᠤ 520 ᠬᠤᠪᠢ ᠠᠴᠠ 32 ᠬᠤᠪᠢ ᠪᠠᠭᠤᠷᠠᠵᠤ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ  392 ᠬᠤᠪᠢ  ᠪᠠᠶᠢᠵᠤ᠂ ᠨᠢᠳᠤᠨᠤᠨ ᠤ 437 ᠬᠤᠪᠢ ᠠᠴᠠ 45 ᠬᠤᠪᠢ ᠪᠠᠭᠤᠷᠠᠪᠠ︔ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ 418 ᠬᠤᠪᠢ ᠪᠠᠶᠢᠵᠤ᠂ ᠨᠢᠳᠤᠨᠤᠨ ᠤ 452 ᠬᠤᠪᠢ ᠠᠴᠠ 34 ᠬᠤᠪᠢ ᠪᠠᠭᠤᠷᠠᠵᠤ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ  301 ᠬᠤᠪᠢ ᠪᠠᠶᠢᠵᠤ᠂ ᠨᠢᠳᠤᠨᠤᠨ ᠤ 333 ᠬᠤᠪᠢ ᠠᠴᠠ 32 ᠬᠤᠪᠢ ᠪᠠᠭᠤᠷᠠᠵᠠᠶ᠃       ᠣᠶᠢᠯᠠᠭᠠᠭᠰᠠᠨ ᠢᠶᠠᠷ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠠᠷ ᠰᠤᠷᠤᠭᠴᠢ ᠡᠯᠰᠡᠬᠦ ᠬᠠᠮᠤᠭ ᠤᠨ ᠳᠤᠤᠷ᠎ᠠ ᠬᠢᠵᠠᠭᠠᠷᠯᠠᠬᠤ ᠬᠤᠪᠢ ᠶᠢᠨ ᠱᠤᠭᠤᠮ ᠢ  ᠰᠢᠯᠭᠠᠯᠲᠠ ᠶᠢᠨ ᠬᠠᠭᠤᠳᠠᠰᠤ ᠶᠢᠨ ᠬᠦᠴᠢᠷ ᠤᠨ ᠬᠡᠮᠵᠢᠶ᠎ᠡ ᠵᠢᠴᠢ ᠰᠣᠷᠣᠭᠴᠢ ᠡᠯᠰᠡᠬᠦ ᠲᠥᠯᠥᠪᠯᠡᠭᠡ ᠪᠣᠯᠤᠨ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠶᠢᠨ ᠬᠠᠷᠢᠴᠠᠯ ᠵᠡᠷᠭᠡ ᠬᠦᠴᠦᠨ  ᠵᠦᠢᠯ ᠢ ᠦᠨᠳᠦᠰᠦᠯᠡᠨ ᠲᠣᠭᠲᠠᠭᠠᠳᠠᠭ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ