︽ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/6/28
            ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 5 ᠳ᠋ᠤᠭᠠᠷ ᠲᠣᠭᠠᠲᠤ            2021 ᠣᠨ ᠤ 5 ᠳ᠋ᠤᠭᠠᠷ ᠰᠠᠷ᠎ᠠ ᠶᠢᠨ 6 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄      ︽ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠲᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠦᠭᠠᠢ᠃ ᠪᠡᠶ᠎ᠡ ᠶᠢᠨ ᠲᠠᠮᠢᠷ ᠰᠤᠷᠭᠠᠨ ᠬᠦᠮᠦᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠡᠶ᠎ᠡ ᠶᠢᠨ ᠲᠠᠮᠢᠷ ᠰᠤᠷᠭᠠᠨ ᠬᠥᠮᠥᠵᠢᠯ ᠢ ᠠᠭᠤᠰᠤᠯᠴᠠᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠡᠶ᠎ᠡ ᠶᠢᠨ ᠲᠠᠮᠢᠷ ᠰᠤᠷᠭᠠᠨ  ᠬᠦᠮᠦᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠬᠦᠨᠵᠡᠭᠡᠶᠢᠷᠡᠭᠦᠯᠦᠨ ᠥᠪᠥᠷ ᠮᠣᠩᠭᠤᠯ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 55 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠲᠤᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠨᠢᠭᠡ᠂ ᠭᠤᠣᠯ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ  ᠪᠡᠶ᠎ᠡ ᠶᠢᠨ ᠲᠠᠮᠢᠷ ᠤᠨ ᠠᠵᠢᠯ ᠪᠠ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠲᠠᠰᠤᠷᠠᠯᠲᠠ ᠦᠭᠡᠶ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠪᠥᠬᠦ ᠨᠡᠶᠢᠭᠡᠮ ᠤᠨ ᠡᠯ᠎ᠡ ᠲᠠᠯ᠎ᠠ ᠶᠢᠨ ᠡᠬᠢ ᠪᠠᠶᠠᠯᠢᠭ ᠢ ᠳᠠᠶᠢᠴᠢᠯᠠᠨ᠂ ᠤᠷᠤᠯᠳᠤᠭᠠᠨ ᠤ  ᠪᠠᠶᠢᠭᠤᠯᠤᠯ ᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠤ ᠦᠰᠦᠨ ᠪᠤᠶᠢᠵᠢᠬᠤ ᠠᠷᠭ᠎ᠠ ᠵᠠᠮ ᠢ ᠰᠢᠯᠤᠭᠤᠳᠬᠠᠵᠤ᠂ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠦᠵᠢᠭᠦᠯᠬᠦ᠂ ᠵᠣᠬᠢᠶᠠᠨ ᠪᠠᠶᠢᠭᠤᠯᠤᠨ ᠬᠠᠮᠢᠶᠠᠷᠬᠤ᠂ ᠤᠷᠤᠯᠳᠤᠭᠠᠨ ᠤ ᠰᠢᠰᠲ᠋ᠧᠮᠵᠢ᠂ ᠤᠷᠮᠠᠰᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠮᠦᠨ ᠠᠮᠠ ᠶᠢ ᠦᠷᠭᠦᠯᠵᠢᠯᠡᠨ ᠥᠷᠭᠡᠳᠬᠡᠵᠦ᠂ ᠥᠷᠢᠰᠦᠯᠳᠦᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠪᠠᠶᠢᠯᠭᠠᠵᠤ᠂ ᠣᠷᠣᠨ ᠤ ᠲᠥᠪ ᠬᠤᠲᠠ ᠶᠢᠨ ᠪᠣᠳᠠᠲᠠᠶ ᠳᠤ ᠨᠡᠶᠢᠴᠡᠭᠰᠡᠨ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠦᠨ᠎ᠡ︔ ᠬᠥᠯ ᠪᠥᠮᠪᠦᠭᠡ ᠶᠢᠨ ᠰᠠᠭᠤᠷᠢ ᠲᠥᠬᠦᠭᠡᠷᠦᠮᠵᠢ ᠲᠠᠰᠤᠷᠠᠯᠲᠠ ᠥᠬᠡᠶ ᠲᠡᠭᠦᠯᠳᠡᠷᠵᠢᠵᠦ᠂ ᠨᠡᠶᠢᠭᠡᠮ ᠤᠨ ᠬᠥᠯ ᠪᠥᠮᠪᠦᠭᠡ ᠥᠷᠨᠢᠭᠦᠨ ᠬᠥᠭᠵᠢᠵᠦ᠂ ᠬᠥᠯ ᠪᠥᠮᠪᠦᠭᠡ ᠶᠢᠨ ᠠᠵᠤ ᠦᠢᠯᠡᠰ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠵᠦ᠂ ᠣᠷᠣᠨ ᠤ ᠲᠥᠪ ᠬᠤᠲᠠ ᠶᠢᠨ ᠣᠨᠴᠠᠯᠢᠭ  ᠲᠠᠢ᠂ ᠲᠠᠯ᠎ᠠ ᠨᠤᠲᠤᠭ ᠤᠨ ᠬᠡᠪ ᠨᠠᠮᠪᠠ ᠲᠠᠢ ᠬᠥᠯ ᠪᠥᠮᠪᠦᠭᠡ ᠶᠢᠨ ᠰᠣᠶᠣᠯ ᠤᠨ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠵᠦ᠂ ︽ᠦᠵᠡᠰᠬᠦᠯᠡᠩᠲᠦ ᠰᠠᠶᠢᠬᠠᠨ ᠬᠥᠬᠡᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ︾ ᠶᠢ ᠪᠥᠲᠥᠭᠡᠨ ᠪᠠᠶᠢᠭᠤᠯᠬᠤ ᠳᠤ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠨ᠎ᠡ᠃      ᠬᠤᠶᠠᠷ᠂ ᠠᠵᠢᠯ ᠤᠨ ᠡᠭᠦᠷᠭᠡ      ︵ᠨᠢᠭᠡ︶ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ      1. ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠦᠷᠭᠦᠯᠵᠢᠯᠡᠨ ᠰᠠᠶᠢᠨ ᠠᠳᠬᠤᠨ᠎ᠠ᠃       ᠪᠣᠳᠠᠲᠠᠢ ᠠᠷᠭ᠎ᠠ ᠬᠡᠮᠵᠢᠶ᠎ᠡ᠄ ① ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠢᠨᠠᠯᠲᠠ ᠬᠠᠮᠢᠶᠠᠷᠤᠯᠲᠠ᠂ ᠰᠢᠯᠭᠠᠨ ᠦᠨᠡᠯᠡᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠳᠠᠪᠤᠷᠢᠲᠠᠨ ᠢ ᠢᠯᠡᠷᠡᠭᠦᠯᠬᠦ ᠪᠠ ᠬᠦᠷᠭᠡᠨ ᠬᠥᠮᠥᠵᠢᠭᠦᠯᠬᠦ᠂ ᠲᠤᠰᠬᠠᠢ ᠲᠥᠷᠥᠯ ᠤᠨ ᠪᠡᠯᠡ ᠮᠥᠩᠭᠦ ᠲᠠᠢ᠂ ᠲᠡᠰ ᠵᠡᠷᠭᠡᠯᠡᠯ ᠪᠦᠬᠦᠢ ᠬᠥᠯ ᠪᠥᠮᠪᠦᠭᠡ ᠶᠢᠨ ᠰᠤᠷᠭᠠᠭᠴᠢ ᠲᠠᠢ᠂ ᠬᠥᠯ ᠪᠥᠮᠪᠦᠭᠡ ᠶᠢᠨ ᠠᠩᠭᠢ ᠲᠠᠢ᠂ ᠳᠦᠷᠢᠮᠵᠢᠭᠰᠡᠨ ︽ᠰᠤᠷᠭᠠᠭᠤᠯᠢ ᠶᠢᠨ ᠵᠠᠬᠢᠷᠤᠯ ᠬᠤᠨᠳᠠᠭᠠᠲᠤ︾ ᠵᠡᠷᠭᠡ ᠤᠷᠤᠯᠳᠤᠭᠠᠨ ᠲᠠᠢ ᠪᠠᠷ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠰᠢᠯᠭᠠᠨ ᠦᠨᠡᠯᠡᠬᠦ ᠭᠦᠢᠴᠡᠳᠬᠡᠯ ᠲᠤᠭ᠎ᠠ ᠪᠣᠯᠭᠠᠵᠤ᠂ ᠰᠤᠷᠭᠠᠭᠤᠯᠢ ᠪᠠ ᠲᠤᠬᠠᠢ ᠶᠢᠨ ᠭᠠᠵᠠᠷ ᠤᠨ ᠰᠤᠷᠭᠠᠨ ᠬᠥᠮᠥᠵᠢᠯ ᠤᠨ ᠶᠠᠰᠤ ᠴᠢᠨᠠᠷ ᠢ ᠦᠨᠡᠯᠡᠬᠦ ᠰᠢᠰᠲ᠋ᠧᠮᠵᠢ ᠳᠤ ᠣᠷᠣᠭᠤᠯᠤᠨ᠎ᠠ᠃ ② ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠤᠷᠰᠢᠯᠲᠠ ᠶᠢᠨ ᠬᠤᠰᠢᠭᠤ ᠰᠢᠶᠠᠨ ᠲᠣᠭᠤᠷᠢᠭ᠂ ᠣᠨᠴᠠᠯᠢᠭᠲᠤ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠴᠢᠩᠭᠠᠳᠬᠠᠨ᠎ᠠ᠃ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡ ᠶᠢᠨ ᠲᠦᠭᠡᠮᠡᠯᠵᠢᠭᠦᠯᠦᠯᠲᠡ ᠶᠢᠨ ᠬᠡᠮᠵᠢᠶ᠎ᠡ᠂ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡ ᠶᠢᠨ ᠰᠣᠶᠣᠯ ᠢ ᠬᠥᠮᠥᠵᠢᠭᠦᠯᠦᠨ᠎ᠡ᠃ 2025 ᠣᠨ ᠪᠣᠯᠬᠤ ᠳᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠳᠤ ᠵᠢᠭᠠᠨ ᠰᠤᠷᠭᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠪᠥᠭᠡᠳ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ C᠂ D ᠲᠠᠰ ᠠᠴᠠ ᠳᠡᠭᠡᠭᠰᠢᠬᠢ ᠲᠠᠰ ᠤᠨ ᠬᠢᠷᠢ ᠬᠡᠮ ᠲᠠᠢ ᠰᠤᠷᠭᠠᠭᠴᠢ ︵ᠪᠤᠶᠤ ᠠᠳᠠᠯᠢ ᠬᠢᠷᠢ ᠲᠦᠪᠰᠢᠨ ᠲᠠᠢ ᠰᠤᠷᠭᠠᠭᠴᠢ᠂ ᠪᠠᠭᠰᠢ︶ ᠶᠢ ᠠᠳᠠᠭ ᠲᠠᠭᠠᠨ ᠲᠣᠰ ᠲᠣᠰ 1 ᠳᠣᠭᠢᠷᠠᠭᠤᠯᠤᠨ᠎ᠠ᠃ ③ ᠬᠥᠯ ᠪᠥᠮᠪᠦᠭᠡ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠵᠣᠬᠢᠶᠠᠨ ᠪᠠᠶᠢᠭᠤᠯᠤᠯᠲᠠ ᠪᠠ ᠬᠢᠴᠢᠶᠡᠯ ᠤᠨ ᠳᠡᠯᠭᠡᠷᠡᠭᠦᠯᠦᠯᠲᠡ ᠶᠢ ᠴᠢᠩᠭᠠᠳᠬᠠᠵᠤ᠂ ᠬᠥᠯ ᠪᠥᠮᠪᠦᠭᠡ ᠶᠢᠨ ᠬᠢᠴᠢᠶᠡᠯ ᠤᠨ ᠪᠦᠲᠦᠴᠡ᠂ ᠵᠢᠭᠠᠨ ᠰᠤᠷᠭᠠᠯᠲᠠ ᠵᠢᠭᠠᠨ ᠰᠤᠳᠤᠯᠤᠯᠲᠠ᠂ ᠰᠢᠯᠭᠠᠨ ᠦᠨᠡᠯᠡᠬᠦ ᠵᠡᠷᠭᠡ ᠵᠢᠭᠠᠨ ᠰᠤᠷᠭᠠᠯᠲᠠ ᠶᠢᠨ ᠰᠢᠰᠲ᠋ᠧᠮᠵᠢ ᠶᠢ ᠨᠠᠩ ᠰᠢᠨᠵᠢᠯᠡᠬᠦ ᠤᠬᠠᠭᠠᠨᠴᠢ ᠪᠥᠭᠡᠳ ᠴᠢᠩᠭ᠎ᠠ ᠨᠢᠮᠪᠠᠶ ᠪᠣᠯᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠂ ᠬᠡᠤᠬᠡᠳ ᠤᠨ ᠴᠡᠴᠡᠷᠯᠢᠭ ᠤᠳ ᠬᠥᠯ ᠪᠥᠮᠪᠦᠭᠡ ᠶᠢᠨ ︵ᠳᠤᠷ᠎ᠠ ᠰᠣᠨᠢᠷᠬᠠᠯ︶ ᠬᠢᠴᠢᠶᠡᠯ ᠢ ᠭᠠᠷᠠᠭ ᠲᠤ ᠠᠳᠠᠭ ᠲᠠᠭᠠᠨ ᠨᠢᠭᠡ ᠤᠳᠠᠭ᠎ᠠ ᠣᠷᠣᠬᠤ ᠶᠢ ᠪᠠᠲᠤᠯᠠᠨ᠎ᠠ᠃      ᠬᠤᠶᠠᠷ᠂ ᠬᠥᠯ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ ᠦᠷᠭᠦᠯᠵᠢᠯᠡᠨ ᠰᠢᠯᠢᠳᠡᠭᠵᠢᠭᠦᠯᠦᠨ᠎ᠡ       ᠪᠣᠳᠠᠲᠠᠢ ᠠᠷᠭ᠎ᠠ ᠬᠡᠮᠵᠢᠶ᠎ᠡ᠄ ① ᠬᠤᠰᠢᠭᠤ ᠰᠢᠶᠠᠨ ᠲᠣᠭᠤᠷᠢᠭ᠂ ᠬᠤᠲᠠ᠂ ᠥᠪᠡᠷᠲᠡᠭᠡᠨ ᠵᠠᠰᠠᠬᠤ ᠣᠷᠣᠨ ᠢ ᠨᠢᠭᠡ ᠴᠣᠠᠠᠴᠠᠵᠢᠭᠤᠯᠬᠤ ᠰᠡᠳᠬᠢᠬᠦᠢ ᠪᠠᠷ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠢᠶᠠᠷ ᠴᠢᠳᠠᠪᠤᠷᠢᠲᠠᠨ ᠢ ᠰᠣᠩᠭᠤᠬᠤ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠪᠣᠯᠭᠠᠬᠤ ᠵᠢᠴᠢ ᠬᠦᠷᠭᠡᠨ ᠬᠥᠮᠥᠵᠢᠭᠦᠯᠬᠦ ᠠᠷᠭ᠎ᠠ ᠵᠠᠮ ᠢ ᠰᠢᠯᠤᠭᠤᠳᠬᠠᠨ᠎ᠠ᠃ ᠵᠠᠯᠠᠭᠤᠴᠤᠳ ᠪᠠᠭᠠᠴᠤᠳ ᠤᠨ ᠬᠥᠯ ᠪᠥᠮᠪᠦᠭᠡ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠢᠰᠲ᠋ᠧᠮᠵᠢ ᠶᠢ ᠭᠦᠨᠵᠡᠭᠡᠶ ᠠᠭᠤᠰᠤᠯᠴᠠᠭᠤᠯᠤᠨ᠂ ᠬᠤᠲᠠ᠂ ᠬᠤᠰᠢᠭᠤ ᠰᠢᠶᠠᠨ ᠲᠣᠭᠤᠷᠢᠭ᠂ ᠤᠨᠴᠠᠯᠢᠬᠳᠤ ᠰᠤᠷᠭᠠᠭᠤᠯᠢ ᠭᠤᠷᠪᠠᠨ ᠱᠠᠲᠤᠨ ᠤ ᠬᠥᠯ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ ᠨᠢᠭᠡᠳᠦᠯᠲᠡᠶ ᠲᠥᠯᠥᠪᠵᠢᠭᠦᠯᠦᠨ ᠨᠡᠶᠢᠳᠬᠡᠵᠦ᠂ ᠬᠥᠯ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ︽ᠵᠢᠱᠢᠶ᠎ᠡ ᠦᠵᠡᠭᠦᠯᠬᠦ ᠰᠤᠷᠭᠠᠭᠤᠯᠢ︾ ᠶᠢ ᠡᠭᠦᠳᠦᠨ ᠪᠠᠶᠢᠭᠤᠯᠵᠤ᠂ ᠬᠤᠷᠢᠨᠭᠡᠷ ᠰᠢᠶᠠᠨ᠂ ᠰᠢᠨ᠎ᠡ ᠬᠤᠲᠠ ᠲᠣᠭᠤᠷᠢᠭ᠂ ᠰᠠᠶᠢᠬᠠᠨ ᠲᠣᠭᠤᠷᠢᠭ ᠲᠤ ᠤᠯᠤᠰ ᠤᠨ ︽ᠣᠭᠲᠠᠷᠭᠤᠶ ᠳᠦᠭᠦᠷᠡᠩ ᠤᠳᠤᠳ ︾ ᠪᠣᠯᠪᠠᠰᠤᠷᠠᠯ ᠤᠨ ᠬᠤᠸᠠᠷᠠᠨ ᠢ ᠪᠠᠶᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠤᠷᠰᠢᠯᠲᠠ ᠶᠢᠨ ᠰᠢᠶᠠᠨ᠂ ᠤᠨᠴᠠᠯᠢᠬᠳᠤ ᠰᠤᠷᠭᠠᠭᠤᠯᠢ᠂ ᠤᠨᠴᠠᠯᠢᠬᠳᠤ ᠬᠦᠷᠢᠶᠡᠯᠡᠩ ᠢ ᠦᠷᠭᠦᠯᠵᠢᠯᠡᠨ ᠡᠭᠦᠳᠦᠨ ᠪᠠᠶᠢᠭᠤᠯᠵᠤ᠂ ᠰᠢᠯᠭᠠᠨ ᠦᠨᠡᠯᠡᠬᠦ ᠲᠦᠷᠢᠮ ᠢ ᠲᠡᠭᠦᠯᠳᠡᠷᠵᠢᠭᠦᠯᠦᠨ᠂ ᠠᠳᠠᠭ ᠢ ᠨᠢ ᠰᠢᠭᠰᠢᠬᠦ ᠲᠦᠷᠢᠮ ᠢ ᠬᠡᠷᠡᠭᠵᠢᠭᠦᠯᠦᠨ᠎ᠡ᠃ ② ᠬᠤᠰᠢᠭᠤ ᠰᠢᠶᠠᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠵᠢᠱᠢᠶ᠎ᠡ ᠦᠵᠡᠭᠦᠯᠬᠦ ᠰᠤᠷᠭᠠᠭᠤᠯᠢ ᠨᠢ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ ᠯᠤᠭ᠎ᠠ ᠬᠠᠮᠲᠤᠪᠠᠷ ᠬᠤᠰᠢᠭᠤ ᠰᠢᠶᠠᠨ ᠲᠣᠭᠤᠷᠢᠭ ᠤᠨ ᠱᠠᠲᠤᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠬᠤᠸᠠᠷᠠᠨ ᠢ ᠪᠠᠶᠢᠭᠤᠯᠤᠨ᠂ ᠬᠥᠯ ᠪᠥᠮᠪᠦᠭᠡ ᠶᠢᠨ ᠲᠠᠮᠢᠷᠴᠢᠨ ᠢ ᠬᠥᠮᠦᠵᠢᠭᠦᠯᠵᠦ᠂ ᠬᠤᠰᠢᠭᠤ ᠰᠢᠶᠠᠨ ᠲᠣᠭᠤᠷᠢᠭ ᠤᠨ ᠱᠠᠲᠤᠨ ᠤ ᠲᠥᠯᠥᠭᠡᠯᠡᠭᠴᠢ ᠶᠢᠨ ᠠᠩᠭᠢ ᠶᠢ ᠵᠡᠷᠭᠡ ᠳᠤᠨᠢ ᠪᠠᠶᠢᠭᠤᠯᠤᠨ᠎ᠠ᠃ ᠬᠤᠲᠠ ᠶᠢᠨ ᠱᠠᠲᠤᠨ ᠤ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠤᠨ᠂ ᠰᠢᠯᠢᠳᠡᠭ ᠰᠤᠷᠭᠠᠭᠴᠢ ᠶᠢᠨ ᠪᠦᠯᠬᠦᠮ ᠢ ᠰᠢᠯᠭᠠᠷᠠᠭᠤᠯᠤᠨ ᠵᠣᠬᠢᠶᠠᠨ ᠪᠠᠶᠢᠭᠤᠯᠵᠤ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠡᠬᠢ ᠪᠠᠶᠠᠯᠢᠭ ᠪᠠ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠠᠰᠢᠭᠯᠠᠨ᠂ ᠮᠠᠨ ᠤ ᠬᠤᠲᠠ ᠶᠢᠨ ᠲᠥᠯᠥᠭᠡᠯᠡᠭᠴᠢ ᠶᠢᠨ ᠠᠩᠭᠢ ᠶᠢ ᠬᠠᠮᠲᠤᠪᠠᠷ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠤᠷᠤᠯᠳᠤᠭᠠᠨ ᠳᠤ ᠣᠷᠣᠯᠴᠠᠬᠤ ᠡᠭᠦᠷᠭᠡ ᠶᠢ ᠬᠠᠷᠢᠭᠤᠴᠠᠨ᠎ᠠ᠃ ③ ᠨᠡᠶᠢᠭᠡᠮ ᠤᠨ ᠬᠦᠴᠦᠨ ᠢ ᠬᠥᠲᠥᠯᠦᠨ ᠵᠢᠯᠣᠭᠤᠳᠴᠤ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠳᠤ ᠥᠷᠭᠡᠨ ᠢᠶᠠᠷ ᠣᠷᠣᠯᠴᠠᠭᠤᠯᠵᠤ᠂ ᠠᠷᠠᠳ ᠠᠴᠠ ᠡᠷᠭᠢᠯᠡᠭᠰᠡᠨ ᠠᠰᠢᠭ ᠣᠷᠤᠯᠭ᠎ᠠ ᠶᠢᠨ ᠪᠤᠰᠤ ᠢᠯᠠᠩᠭᠤᠶ᠎ᠠ ᠵᠠᠯᠠᠭᠤᠴᠤᠳ ᠪᠠᠭᠠᠴᠤᠳ ᠲᠤ ᠵᠣᠷᠢᠭᠤᠯᠤᠭᠰᠠᠨ ᠨᠡᠶᠢᠭᠡᠮ ᠤᠨ ᠬᠥᠯ ᠪᠥᠮᠪᠦᠭᠡ ᠶᠢᠨ ᠺᠯᠦ᠋ᠪ ᠤᠨ ᠬᠥᠭᠵᠢᠯᠲᠡ ᠶᠢ ᠳᠡᠮᠵᠢᠵᠦ᠂ ᠨᠡᠶᠢᠭᠡᠮ ᠤᠨ ᠬᠥᠯ ᠪᠥᠮᠪᠦᠭᠡ ᠶᠢᠨ ᠺᠯᠦ᠋ᠪ ᠤᠨ ᠲᠠᠰ ᠲᠣᠭᠲᠠᠭᠠᠬᠤ ᠲᠦᠷᠢᠮ ᠢ ᠪᠠᠶᠢᠭᠤᠯᠤᠨ᠎ᠠ᠃      3. ᠪᠡᠶ᠎ᠡ ᠶᠢᠨ ᠲᠠᠮᠢᠷ ᠰᠤᠷᠭᠠᠨ ᠬᠥᠮᠥᠵᠢᠯ ᠢ ᠠᠭᠤᠰᠤᠯᠴᠠᠭᠤᠯᠬᠤ ᠶᠢ ᠬᠠᠮᠲᠤᠪᠠᠷ ᠬᠠᠮᠢᠶᠠᠷᠬᠤ ᠲᠣᠭᠲᠠᠴᠠ ᠶᠢ ᠭᠦᠨᠵᠡᠭᠡᠶᠢᠷᠡᠭᠦᠯᠦᠨ᠎ᠡ      ᠪᠣᠳᠠᠲᠠᠢ ᠠᠷᠭ᠎ᠠ ᠬᠡᠮᠵᠢᠶ᠎ᠡ᠄ ① ︽ᠨᠢᠭᠡ ᠴᠣᠠᠠᠴᠠᠵᠢᠭᠤᠯᠥᠨ ᠲᠥᠯᠥᠪᠯᠡᠵᠦ᠂ ᠨᠢᠭᠡ ᠴᠣᠠᠴᠠᠵᠢᠭᠤᠯᠥᠨ ᠠᠬᠢᠭᠤᠯᠬᠤ︾ ᠶᠢ ᠪᠠᠷᠢᠮᠲᠠᠯᠠᠨ᠂ ᠡᠯ᠎ᠡ ᠱᠠᠲᠤᠨ ᠤ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠰᠣᠷᠣᠭᠴᠢ ᠲᠠᠮᠢᠷᠴᠢᠳ ᠢ ᠬᠠᠮᠲᠤᠪᠠᠷ ᠰᠢᠯᠢᠨ ᠰᠣᠩᠭᠤᠬᠤ᠂ ᠬᠠᠮᠲᠤᠪᠠᠷ ᠳᠠᠩᠰᠠᠯᠠᠬᠤ᠂ ᠬᠠᠮᠲᠤᠪᠠᠷ ᠬᠠᠮᠢᠶᠠᠷᠬᠤ᠂ ᠬᠠᠮᠲᠤᠪᠠᠷ ᠤᠷᠤᠯᠳᠤᠭᠠᠨ ᠳᠤ ᠣᠷᠣᠯᠴᠠᠭᠤᠯᠬᠤ᠂ ᠬᠠᠮᠲᠤᠪᠠᠷ ᠭᠡᠷᠡᠴᠢᠯᠡᠬᠦ ᠶᠢ ᠪᠡᠶᠡᠯᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠲᠠᠮᠢᠷᠴᠢᠳ ᠤᠨ ᠨᠢᠭᠡᠳᠦᠯᠲᠡᠶ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠬᠠᠮᠲᠤᠷᠠᠨ ᠪᠣᠯᠪᠠᠰᠤᠷᠠᠭᠤᠯᠵᠤ ᠲᠥᠪᠯᠡᠷᠡᠭᠦᠯᠦᠨ ᠪᠣᠯᠪᠠᠰᠤᠷᠠᠭᠤᠯᠬᠤ᠂ ᠬᠠᠮᠲᠤᠷᠠᠨ ᠰᠢᠯᠭᠠᠵᠤ ᠬᠠᠮᠲᠤᠷᠠᠨ ᠡᠯᠰᠡᠬᠦ ᠶᠢ ᠬᠡᠷᠡᠭᠵᠢᠭᠦᠯᠦᠨ᠎ᠡ᠃ ᠮᠠᠨ ᠤ ᠬᠤᠲᠠ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠮᠦᠨ ᠠᠮᠠ ᠶᠢᠨ ᠲᠤᠭ᠎ᠠ ᠶᠢ ᠵᠢᠯ ᠳᠠᠷᠠᠭᠠᠯᠠᠨ ᠨᠡᠮᠡᠭᠳᠡᠭᠦᠯᠵᠦ᠂ 2025 ᠣᠨ ᠪᠣᠯᠬᠤ ᠳᠤ ᠳᠠᠩᠰᠠᠯᠠᠭᠤᠯᠤᠭᠰᠠᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠲᠠᠮᠢᠷᠴᠢᠨ ᠢ 7000 ᠬᠦᠷᠭᠡᠨ᠎ᠡ ᠃ ② ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︽ᠲᠣᠭᠤᠷᠢᠭ ᠤᠨ ᠳᠠᠷᠤᠭ᠎ᠠ ᠬᠤᠨᠳᠠᠭᠠᠲᠤ︾ ︽ᠬᠤᠲᠠ ᠶᠢᠨ ᠳᠠᠷᠤᠭ᠎ᠠ ᠬᠤᠨᠳᠠᠭᠠᠲᠤ︾ ᠪᠠ ᠵᠠᠯᠠᠭᠤᠴᠤᠳ ᠪᠠᠭᠠᠴᠤᠳ ᠤᠨ ᠰᠢᠷᠢᠰ ᠤᠷᠤᠯᠳᠤᠭᠠᠨ ᠢ ᠰᠢᠯᠢᠳᠡᠭᠵᠢᠭᠦᠯᠦᠨ ᠨᠡᠶᠢᠳᠬᠡᠵᠦ᠂ ᠨᠡᠷ᠎ᠡ ᠮᠡᠳᠡᠭᠦᠯᠦᠨ ᠤᠷᠤᠯᠳᠤᠭᠠᠨ ᠳᠤ ᠣᠷᠣᠯᠴᠠᠬᠤ᠂ ᠬᠢᠷᠢ ᠬᠡᠮ ᠢ ᠬᠢᠨᠠᠨ ᠪᠠᠶᠢᠴᠠᠭᠠᠬᠤ᠂ ᠮᠡᠷᠭᠡᠵᠢᠯ ᠤᠨ ᠪᠦᠷᠢᠳᠬᠡᠯ᠂ ᠬᠢᠷᠢ ᠪᠦᠲᠦᠮᠵᠢ ᠶᠢ ᠨᠡᠶᠢᠲᠡᠯᠡᠬᠦ ᠵᠡᠷᠭᠡ ᠮᠡᠳᠡᠭᠡ ᠵᠠᠩᠭᠢ ᠶᠢ ᠨᠢᠭᠡ ᠴᠤᠭᠴᠠᠵᠢᠭᠤᠯᠤᠭᠰᠠᠨ ᠲᠠᠪᠴᠠᠩ ᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠤᠷᠤᠯᠳᠤᠭᠠᠨ ᠤ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠵᠤ᠂ ᠬᠥᠯ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢᠨ ᠲᠣᠭᠠᠴᠢᠯᠠᠭᠰᠠᠨ ᠮᠡᠷᠭᠡᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ③ ᠬᠥᠯ ᠪᠥᠮᠪᠦᠭᠡ ᠶᠢᠨ ᠪᠠᠭᠰᠢ᠂ ᠰᠤᠷᠭᠠᠭᠴᠢ ᠶᠢ ᠰᠢᠯᠢᠨ ᠰᠣᠩᠭᠤᠬᠤ᠂ ᠪᠣᠯᠪᠠᠰᠤᠷᠠᠭᠤᠯᠬᠤ᠂ ᠰᠢᠯᠭᠠᠨ ᠦᠨᠡᠯᠡᠬᠦ᠂ ᠰᠣᠩᠭᠤᠨ ᠲᠣᠮᠢᠯᠠᠬᠤ᠂ ᠵᠡᠷᠭᠡ ᠳᠡᠰ ᠢ ᠭᠡᠷᠡᠴᠢᠯᠡᠬᠦ᠂ ᠤᠯᠠᠭᠠᠨ ᠬᠠᠷ᠎ᠠ ᠲᠠᠩᠰᠠ ᠵᠡᠷᠭᠡ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠪᠥᠬᠦ ᠣᠷᠣᠨ ᠤ ᠨᠢᠭᠡᠳᠦᠯᠲᠡᠶ ᠰᠤᠷᠭᠠᠭᠴᠢ᠂ ᠬᠢᠨᠠᠭᠴᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠳᠤ ᠥᠯᠢᠭᠡᠷ ᠬᠠᠩᠭᠠᠨ᠎ᠠ᠃      4. ᠡᠮᠡᠭᠲᠡᠢ ᠶᠢᠨ ᠬᠥᠯ ᠪᠥᠮᠪᠦᠭᠡ ᠶᠢᠨ ᠬᠥᠭᠵᠢᠯᠲᠡ ᠶᠢ ᠶᠡᠬᠡᠪᠡᠷ ᠳᠡᠮᠵᠢᠨ᠎ᠡ       ᠪᠣᠳᠠᠲᠠᠢ ᠠᠷᠭ᠎ᠠ ᠬᠡᠮᠵᠢᠶ᠎ᠡ᠄ ①  ᠡᠮᠡᠭᠲᠡᠶ ᠶᠢᠨ ᠬᠥᠯ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠢᠶᠠᠷ ᠭᠤᠤᠯᠳᠠᠯᠭ᠎ᠠ ᠪᠣᠯᠭᠠᠨ᠂ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠡᠮᠡᠭᠲᠡᠶ ᠶᠢᠨ ᠬᠥᠯ ᠪᠥᠮᠪᠦᠭᠡ ᠶᠢᠨ ᠬᠥᠭᠵᠢᠯᠲᠡ ᠶᠢᠨ ᠵᠠᠷᠤᠳᠠᠯ ᠢ ᠪᠠᠲᠤᠯᠠᠨ᠎ᠠ᠃ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠮᠡᠭᠲᠡᠢ ᠶᠢᠨ ᠬᠥᠯ ᠪᠥᠮᠪᠦᠭᠡ ᠶᠢ ᠬᠥᠭᠵᠢᠭᠦᠯᠦᠨ᠂ ᠬᠥᠯ ᠪᠥᠮᠪᠦᠭᠡ ᠶᠢᠨ ᠠᠩᠭᠢ ᠪᠠᠶᠢᠭᠤᠯᠤᠨ᠂ ᠳᠤᠷ᠎ᠠ ᠰᠣᠨᠢᠷᠬᠠᠯ ᠪᠠ ᠤᠷᠤᠯᠳᠤᠭᠠᠨ ᠤ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ ᠬᠤᠲᠠ ᠶᠢᠨ ᠰᠢᠭᠤᠳ ᠬᠠᠷᠢᠶ᠎ᠠ ᠰᠤᠷᠭᠠᠭᠤᠯᠢ ᠳᠤ ᠠᠳᠠᠭ ᠲᠠᠭᠠᠨ 3 ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠬᠤᠲᠠ ᠶᠢᠨ ᠳᠥᠷᠪᠡᠨ ᠲᠣᠭᠤᠷᠢᠭ ᠤᠨ ᠲᠣᠭᠤᠷᠢᠭ ᠪᠦᠷᠢ ᠳᠤ ᠠᠳᠠᠭ ᠲᠠᠭᠠᠨ 2 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ 1 ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠡᠯ᠎ᠡ ᠬᠤᠰᠢᠭᠤ ᠰᠢᠶᠠᠨ ᠳᠤ ᠠᠳᠠᠭ ᠲᠠᠭᠠᠨ 1ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ 1 ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠡᠮᠡᠭᠲᠡᠶ ᠶᠢᠨ ᠬᠥᠯ ᠪᠥᠮᠪᠦᠭᠡ ᠶᠢᠨ ᠠᠩᠭᠢ ᠪᠠᠶᠢᠭᠤᠯᠤᠨ᠎ᠠ᠃ ② ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠬᠥᠬᠡᠬᠤᠲᠠ ᠳᠠᠬᠢ ᠡᠮᠡᠭᠲᠡᠶ ᠶᠢᠨ ᠬᠥᠯ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠲᠥᠪ ᠢ ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠬᠤᠲᠠ ᠶᠢᠨ ᠮᠣᠩᠭᠤᠯ ᠰᠤᠷᠭᠠᠭᠤᠯᠢ ᠪᠠᠷ ᠲᠣᠯᠣᠭᠠᠶᠢᠯᠠᠭᠤᠯᠤᠨ ᠰᠢᠪᠲᠤᠯᠤᠯᠲᠠ ᠭᠠᠷᠭᠠᠵᠤ᠂ ᠮᠠᠨ ᠤ ᠬᠤᠲᠠ ᠶᠢᠨ ᠵᠠᠯᠠᠭᠤᠴᠤᠳ ᠪᠠᠭᠠᠴᠤᠳ ᠤᠨ ᠡᠮᠡᠭᠲᠡᠶ ᠶᠢᠨ ᠬᠥᠯ ᠪᠥᠮᠪᠦᠭᠡ ᠶᠢᠨ ᠥᠷᠢᠰᠦᠯᠳᠦᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠱᠠᠲᠤᠨ ᠤ ᠡᠮᠡᠭᠲᠡᠶ ᠶᠢᠨ ᠬᠥᠯ ᠪᠥᠮᠪᠦᠭᠡ ᠶᠢᠨ ᠤᠯᠤᠰ ᠤᠨ ᠨᠠᠷᠠᠲᠤ ᠪᠥᠮᠪᠥᠭᠡᠨ ᠠᠩᠭᠢ ᠳᠤ ᠴᠢᠳᠠᠪᠤᠷᠢᠲᠠᠨ ᠬᠦᠷᠭᠡᠨ᠎ᠡ᠃ ᠶᠡᠷᠦᠩᠬᠡᠢ ᠬᠢᠷᠢ ᠪᠦᠲᠦᠮᠵᠢ ᠶᠢᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠪᠠᠶᠢᠷᠢ ᠰᠠᠭᠤᠷᠢ ᠶᠢ ᠦᠷᠭᠦᠯᠵᠢᠯᠡᠨ ᠪᠠᠲᠤᠯᠠᠬᠤ ᠶᠢᠨ ᠬᠠᠮᠲᠤ ᠤᠯᠤᠰ ᠤᠨ ᠳᠣᠲᠣᠭᠠᠳᠤ ᠶᠢᠨ ᠪᠠ  ᠲᠡᠯᠡᠭᠡᠢ ᠶᠢᠨ ᠤᠷᠤᠯᠳᠤᠭᠠᠨ ᠳᠤ ᠨᠠᠩ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠨ᠎ᠠ᠃      5. ᠬᠥᠯ ᠪᠥᠮᠪᠦᠭᠡ ᠳᠤ ᠠᠪᠢᠶᠠᠰ ᠲᠠᠢ ᠰᠤᠷᠤᠭᠴᠢ ᠶᠢᠨ ᠦᠰᠦᠨ ᠪᠣᠶᠢᠵᠢᠬᠤ ᠵᠠᠮ ᠮᠥᠷ ᠢ ᠰᠢᠯᠤᠭᠤᠳᠬᠠᠨ᠎ᠠ      ᠪᠣᠳᠠᠲᠠᠢ ᠠᠷᠭ᠎ᠠ ᠬᠡᠮᠵᠢᠶ᠎ᠡ᠄ ① ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠥᠯ ᠪᠥᠮᠪᠦᠭᠡ ᠳᠤ ᠠᠪᠢᠶᠠᠰ ᠲᠠᠢ ᠰᠣᠷᠣᠭᠴᠢ ᠶᠢ ᠦᠨᠡᠯᠡᠬᠦ᠂ ᠰᠤᠷᠭᠠᠭᠤᠯᠢ ᠳᠡᠪᠰᠢᠬᠦ ᠶᠢ ᠪᠠᠲᠤᠯᠠᠬᠤ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ᠂ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ  ᠵᠡᠷᠭᠡ ᠶᠢᠨ ᠲᠤᠮᠳᠠᠳᠤ ᠰᠤᠷᠭᠠᠭᠤᠯᠢ᠂ ᠳᠡᠭᠡᠳᠦ ᠵᠡᠷᠭᠡ ᠶᠢᠨ ᠲᠤᠮᠳᠠᠳᠤ ᠰᠤᠷᠭᠠᠭᠤᠯᠢ ᠶᠢ ᠬᠠᠷᠢᠯᠴᠠᠨ ᠵᠣᠯᠭᠠᠭᠤᠯᠤᠭᠰᠠᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠢᠯᠢᠳᠡᠭ ᠲᠠᠮᠢᠷᠴᠢᠨ ᠢ ᠦᠷᠭᠦᠯᠵᠢᠯᠡᠨ ᠬᠥᠮᠦᠵᠢᠭᠦᠯᠬᠦ ᠵᠠᠮ ᠢ ᠪᠠᠶᠢᠭᠤᠯᠵᠤ᠂ ᠮᠠᠨ ᠤ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠦᠭᠡᠮᠡᠯᠵᠢᠯᠲᠡ ᠪᠠ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ︔ ᠰᠤᠷᠭᠠᠭᠤᠯᠢ ᠪᠣᠯᠤᠨ ᠲᠠᠮᠢᠷᠴᠢᠳ ᠤᠨ ᠬᠠᠷᠢᠯᠴᠠᠨ ᠰᠣᠩᠭᠤᠬᠤ ᠪᠠ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠶᠢ ᠬᠠᠷᠢᠯᠴᠠᠨ ᠤᠶᠠᠯᠳᠤᠭᠤᠯᠵᠤ᠂ ᠡᠯ᠎ᠡ ᠰᠤᠷᠤᠯᠭ᠎ᠠ ᠶᠢᠨ ᠱᠠᠲᠤ ᠶᠢ ᠨᠢᠭᠲᠠ ᠵᠣᠯᠭᠠᠭᠤᠯᠤᠭᠰᠠᠨ᠂ ᠥᠪᠡᠷᠲᠡᠭᠡᠨ ᠵᠠᠰᠠᠬᠤ ᠣᠷᠣᠨ ᠪᠣᠯᠤᠨ ᠤᠯᠤᠰ ᠤᠨ ᠬᠥᠮᠦᠵᠢᠭᠦᠯᠬᠦ ᠵᠠᠮ ᠯᠤᠭ᠎ᠠ ᠬᠠᠷᠢᠯᠴᠠᠨ ᠰᠠᠭᠠᠳ ᠥᠬᠡᠶ ᠨᠡᠪᠲᠡᠷᠡᠭᠰᠡᠨ ᠰᠢᠯᠢᠳᠡᠭ ᠲᠠᠮᠢᠷᠴᠢᠳ ᠤᠨ ᠰᠤᠷᠭᠠᠭᠤᠯᠢ ᠳᠡᠪᠰᠢᠬᠦ ᠲᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ② ᠵᠢᠷᠤᠮᠵᠢᠭᠰᠠᠨ ᠪᠥᠭᠡᠳ ᠵᠦᠶ ᠵᠣᠬᠢᠰᠲᠠᠶ ᠰᠣᠷᠣᠭᠴᠢ ᠡᠯᠰᠡᠬᠦ ᠡᠮᠬᠢ ᠵᠢᠷᠤᠮ ᠢ ᠪᠠᠶᠢᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ ᠬᠤᠭᠤᠷᠣᠨᠳᠣᠬᠢ ᠰᠢᠨᠵᠢᠯᠡᠬᠦ ᠤᠬᠠᠭᠠᠨᠴᠢ ᠪᠠᠷ ᠲᠠᠪᠰᠢᠭᠰᠠᠨ ᠪᠠ ᠵᠦᠶ ᠵᠣᠬᠢᠰᠲᠠᠶ ᠬᠤᠯᠪᠤᠯᠳᠤᠭᠰᠠᠨ ᠲᠣᠣᠷ ᠤᠨ ᠪᠠᠶᠢᠷᠢᠰᠢᠭᠤᠯᠤᠯᠲᠠ ᠶᠢ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠪᠢᠶᠠᠰ ᠲᠠᠢ ᠰᠣᠷᠣᠭᠴᠢ ᠶᠢᠨ ᠦᠷᠭᠦᠯᠵᠢᠯᠡᠭᠰᠡᠨ᠂ ᠴᠢᠨᠠᠷ ᠰᠠᠶᠢᠲᠠᠶ ᠰᠣᠶᠣᠯ ᠤᠨ ᠬᠢᠴᠢᠶᠡᠯ ᠤᠨ ᠬᠥᠮᠦᠵᠢᠯ ᠪᠠ ᠪᠣᠯᠪᠠᠰᠤᠷᠠᠯ ᠭᠥᠷᠳᠡᠬᠦ ᠶᠢ ᠪᠠᠲᠤᠯᠠᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠠᠷᠠᠭᠠᠯᠵᠠᠭᠰᠠᠨ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤᠰᠬᠠᠶ ᠮᠡᠷᠭᠡᠵᠢᠯ ᠤᠨ ᠰᠢᠯᠭᠠᠯᠲᠠ ᠶᠢᠨ ᠪᠠᠷᠢᠮᠵᠢᠶ᠎ᠠ ᠶᠢ ᠲᠣᠭᠲᠠᠭᠠᠨ᠂ ᠬᠤᠲᠠ ᠬᠥᠳᠡᠭᠡ᠂ ᠣᠷᠣᠨ ᠪᠦᠰᠡ ᠪᠠ ᠰᠤᠷᠭᠠᠭᠤᠯᠢ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠵᠢᠭᠦᠯᠵᠦ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠱᠠᠲᠤᠨ ᠤ 1᠄ 3᠄ 6 ᠶᠢᠨ ᠬᠠᠷᠢᠴᠠᠯ ᠢᠶᠠᠷ᠂ ᠮᠠᠨ ᠤ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠳᠤ ᠠᠪᠢᠶᠠᠰ ᠲᠠᠢ ᠰᠣᠷᠣᠭᠴᠢ ᠶᠢᠨ ︽ᠰᠤᠷᠭᠠᠭᠤᠯᠢ ᠳᠡᠪᠰᠢᠬᠦ ᠰᠢᠭᠤᠳ ᠲᠡᠷᠭᠡ︾ ᠶᠢᠨ ᠰᠢᠰᠲ᠋ᠧᠮᠵᠢ ᠶᠢ ᠲᠦᠷᠭᠡᠬᠡᠨ ᠪᠣᠶ ᠪᠣᠯᠭᠠᠨ᠎ᠠ᠃ ③ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ ᠵᠢᠭᠠᠨ ᠰᠤᠷᠭᠠᠯᠲᠠ ᠶᠢᠨ ᠰᠤᠳᠤᠯᠭᠠᠨ ᠢ ᠢᠳᠡᠪᠬᠢᠲᠡᠶ ᠥᠷᠨᠢᠭᠦᠯᠵᠦ᠂ ︽ᠬᠤᠯᠪᠤᠯᠲᠤᠨ︾ ᠬᠥᠯ ᠪᠥᠮᠪᠦᠭᠡ ᠶᠢᠨ ᠴᠢᠳᠠᠪᠤᠷᠢᠲᠠᠨ ᠢ ᠬᠠᠮᠲᠤᠪᠠᠷ ᠬᠥᠮᠦᠵᠢᠭᠦᠯᠬᠦ᠂ ᠭᠠᠵᠠᠷ ᠣᠷᠣᠨ ᠤ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠵᠠᠭᠪᠤᠷ ᠢ ᠬᠠᠮᠲᠤᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠠᠵᠢᠯ ᠮᠡᠷᠭᠡᠵᠢᠯ ᠤᠨ ᠺᠯᠦ᠋ᠪ ᠂ ᠶᠡᠭᠡ ᠳᠡᠭᠡᠳᠦ ᠰᠤᠷᠭᠠᠭᠤᠯᠢ ᠲᠠᠢ ᠴᠢᠳᠠᠪᠤᠷᠢᠲᠠᠨ ᠢ ᠬᠠᠮᠲᠤᠷᠠᠨ ᠬᠥᠮᠦᠵᠢᠭᠦᠯᠬᠦ ᠵᠠᠭᠪᠤᠷ ᠢ ᠣᠯᠠᠨ ᠠᠷᠭ᠎ᠠ ᠵᠠᠮ ᠢᠶᠠᠷ ᠪᠠᠶᠢᠭᠤᠯᠬᠤ ᠶᠢ ᠳᠡᠮᠵᠢᠵᠦ᠂ ᠰᠣᠶᠣᠯ ᠰᠤᠷᠭᠠᠨ ᠬᠥᠮᠦᠵᠢᠯ ᠬᠢᠭᠡᠳ ᠬᠥᠯ ᠪᠥᠮᠪᠦᠭᠡ ᠶᠢᠨ ᠬᠥᠳᠡᠯᠭᠡᠭᠡᠨ ᠢ ᠨᠢᠭᠲᠠ ᠠᠭᠤᠰᠤᠯᠴᠠᠭᠤᠯᠤᠭᠰᠠᠨ ᠰᠢᠨ᠎ᠡ ᠮᠠᠶ᠋ᠢᠭ ᠤᠨ ᠬᠥᠯ ᠪᠥᠮᠪᠦᠭᠡ ᠶᠢᠨ ᠰᠤᠷᠭᠠᠭᠤᠯᠢ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠤᠨ᠎ᠠ᠃      6. ᠦᠨᠳᠦᠰᠦᠨ ᠱᠠᠲᠤᠨ ᠤ ᠰᠤᠷᠭᠠᠭᠴᠢ ᠶᠢᠨ ᠬᠥᠯᠥᠰᠦ ᠬᠠᠷᠠᠮᠵᠢ ᠶᠢ ᠳᠡᠭᠡᠭᠰᠢᠯᠡᠭᠦᠯᠦᠨ ᠰᠠᠶᠢᠵᠢᠷᠠᠭᠤᠯᠤᠨ᠎ᠠ      ᠪᠣᠳᠠᠲᠠᠢ ᠠᠷᠭ᠎ᠠ ᠬᠡᠮᠵᠢᠶ᠎ᠡ᠄ ① ᠦᠨᠳᠦᠰᠦᠨ ᠱᠠᠲᠤᠨ ᠤ ᠬᠥᠯ ᠪᠥᠮᠪᠦᠭᠡ ᠶᠢᠨ ᠰᠤᠷᠭᠠᠭᠴᠢ ᠶᠢ ᠬᠠᠶᠢᠷᠠᠯᠠᠵᠤ ᠬᠠᠯᠠᠮᠵᠢᠯᠠᠨ᠂ ᠰᠤᠷᠭᠠᠭᠤᠯᠢ ᠶᠢᠨ ᠰᠤᠷᠭᠠᠭᠴᠢ ᠶᠢ ᠪᠣᠯᠪᠠᠰᠤᠷᠠᠭᠤᠯᠬᠤ᠂ ᠤᠷᠤᠯᠳᠤᠭᠠᠨ ᠳᠤ  ᠤᠷᠤᠯᠴᠠᠭᠤᠯᠬᠤ ᠪᠠ ᠲᠥᠪᠯᠡᠷᠡᠭᠦᠯᠦᠨ ᠪᠣᠯᠪᠠᠰᠤᠷᠠᠭᠤᠯᠬᠤ ᠶᠢ ᠬᠢᠴᠢᠶᠡᠯ ᠤᠨ ᠴᠠᠭ ᠲᠤ ᠪᠤᠳᠤᠵᠤ ᠣᠷᠣᠭᠤᠯᠤᠨ᠎ᠠ᠃ ᠬᠥᠯ ᠪᠥᠮᠪᠦᠭᠡ ᠶᠢᠨ ᠰᠤᠷᠭᠠᠭᠴᠢ ᠶᠢᠨ ᠬᠤᠪᠴᠠᠰᠤᠨ ᠤ ᠵᠠᠷᠤᠳᠠᠯ᠂ ᠪᠣᠯᠪᠠᠰᠤᠷᠠᠯ ᠤᠨ ᠵᠠᠷᠤᠳᠠᠯ ᠤᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠬᠢᠭᠡᠳ ᠡᠳ᠋ ᠤᠨ ᠵᠠᠰᠠᠭ ᠤᠨ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠪᠣᠯᠤᠨ ᠪᠤᠰᠤᠳ ᠭᠠᠵᠠᠷ ᠣᠷᠣᠨ ᠢᠶᠠᠷ ᠯᠠᠪᠯᠠᠯᠲᠠ ᠪᠣᠯᠭᠠᠵᠤ ᠲᠥᠪᠯᠡᠷᠡᠭᠦᠯᠦᠨ ᠪᠣᠯᠪᠠᠰᠤᠷᠠᠭᠤᠯᠬᠤ ᠨᠥᠬᠦᠪᠥᠷᠢ ᠶᠢᠨ ᠨᠢᠭᠡᠳᠦᠯᠲᠡᠶ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠶ᠃ ︽ᠲᠣᠭᠤᠷᠢᠭ ᠤᠨ ᠳᠠᠷᠤᠭ᠎ᠠ ᠬᠤᠨᠳᠠᠭᠠᠲᠤ︾ ︽ᠬᠤᠲᠠ ᠶᠢᠨ ᠳᠠᠷᠤᠭ᠎ᠠ ᠬᠤᠨᠳᠠᠭᠠᠲᠤ︾ ︽ᠲᠡᠷᠢᠭᠦᠯᠡᠭᠴᠢ ᠬᠤᠨᠳᠠᠭᠠᠲᠤ︾᠂ ᠥᠪᠡᠷᠲᠡᠭᠡᠨ ᠵᠠᠰᠠᠬᠤ ᠣᠷᠣᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠤᠭᠰᠠᠨ ᠪᠠᠶᠢᠪᠠᠯ᠂ ᠵᠣᠬᠢᠬᠤ ᠱᠠᠩᠨᠠᠯ ᠣᠯᠭᠤᠬᠤ ᠶᠢᠨ ᠬᠠᠮᠲᠤ ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ᠂ ᠲᠠᠰ ᠳᠡᠪᠰᠢᠭᠦᠯᠵᠦ ᠲᠤᠰᠢᠶᠠᠯ ᠳᠡᠪᠰᠢᠭᠦᠯᠬᠦ ᠶᠢᠨ ᠴᠢᠬᠤᠯᠠ ᠯᠠᠪᠯᠠᠬᠤ ᠦᠨᠳᠦᠰᠦᠯᠡᠯ ᠪᠣᠯᠭᠠᠨ᠎ᠠ᠃ ② ᠤᠷᠢᠳᠠᠪᠠᠷ ᠤᠷᠤᠭᠤᠯᠤᠨ ᠠᠪᠴᠢᠷᠠᠵᠤ ᠠᠵᠢᠯ ᠤᠨ ᠪᠠᠶᠢᠷᠢ ᠳᠤ ᠭᠠᠷᠭᠠᠵᠤ᠂ ᠳᠠᠷᠠᠭ᠎ᠠ ᠨᠢ ᠪᠣᠯᠪᠠᠰᠤᠷᠠᠭᠤᠯᠵᠤ ᠦᠨᠡᠮᠯᠡᠯ ᠰᠢᠯᠭᠠᠭᠤᠯᠬᠤ ᠠᠷᠭ᠎ᠠ ᠮᠠᠶ᠋ᠢᠭ ᠢ ᠰᠦᠪᠡᠭᠴᠢᠯᠡᠵᠦ᠂ ᠲᠤᠰᠬᠠᠶ ᠮᠡᠷᠭᠡᠵᠢᠯ ᠤᠨ ᠲᠠᠮᠢᠷᠴᠢᠨ᠂ ᠬᠥᠯ ᠪᠥᠮᠪᠦᠭᠡ ᠶᠢᠨ ᠥᠩᠭᠡᠷᠡᠯᠲᠡ ᠲᠠᠢ ᠶᠡᠭᠡ ᠳᠡᠭᠡᠳᠦ ᠰᠤᠷᠭᠠᠭᠤᠯᠢ ᠶᠢᠨ ᠰᠢᠯᠢᠳᠡᠭ ᠲᠡᠭᠦᠰᠦᠭᠰᠡᠳ ᠢ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠬᠥᠯ ᠪᠥᠮᠪᠦᠭᠡ ᠶᠢᠨ ᠪᠠᠭᠰᠢ᠂ ᠰᠤᠷᠭᠠᠭᠴᠢ ᠶᠢᠨ ᠲᠤᠰᠢᠶᠠᠯ ᠢᠶᠠᠷ ᠠᠳᠠᠯᠢ ᠪᠠᠶᠢᠷᠢᠨ ᠳᠤ ᠠᠳᠠᠯᠢ ᠬᠠᠷᠠᠮᠵᠢ ᠪᠠᠷ ᠲᠣᠬᠢᠷᠠᠭᠤᠯᠤᠨ᠎ᠠ᠃ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠴᠠ ᠰᠢᠯᠢᠳᠡᠭ ᠰᠤᠷᠭᠠᠭᠴᠢ ᠶᠢ ᠰᠣᠩᠭᠤᠨ ᠲᠣᠮᠢᠯᠠᠵᠤ ᠰᠤᠷᠭᠠᠭᠤᠯᠢ ᠳᠤ ᠭᠦᠨᠵᠡᠭᠡᠶᠢᠷᠡᠭᠦᠯᠦᠨ ᠠᠩᠭᠢ ᠳᠠᠭᠠᠭᠤᠯᠤᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠵᠣᠬᠢᠬᠤ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ᠂ ᠦᠨᠳᠦᠰᠦᠨ ᠱᠠᠲᠤᠨ ᠤ ᠬᠥᠯ ᠪᠥᠮᠪᠦᠭᠡ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ③ ᠰᠠᠭᠠᠳ ᠥᠬᠡᠶ ᠨᠡᠪᠲᠡᠷᠡᠬᠦ ᠵᠠᠮ ᠤᠨ ᠠᠷᠭ᠎ᠠ ᠮᠠᠶ᠋ᠢᠭ ᠢᠶᠠᠷ ᠠᠽᠢᠶ᠎ᠠ ᠲᠢᠪ ᠤᠨ ᠬᠥᠯ ᠪᠥᠮᠪᠦᠭᠡ ᠶᠢᠨ ᠬᠤᠯᠪᠣᠭᠠᠨ ᠤ A ᠲᠠᠰ᠂ B ᠲᠠᠰ ᠤᠨ ᠰᠤᠷᠭᠠᠭᠴᠢ ᠶᠢ ᠣᠷᠣᠭᠤᠯᠤᠨ ᠠᠪᠴᠢᠷᠠᠵᠤ ᠪᠡᠶ᠎ᠡ ᠶᠢᠨ ᠲᠠᠮᠢᠷ ᠪᠤᠶᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠪᠠᠭᠰᠢᠯᠠᠭᠤᠯᠵᠤ᠂ ᠬᠠᠮᠲᠤᠪᠠᠷ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠳᠤ ᠦᠢᠯᠡᠴᠢᠯᠡᠨ᠎ᠡ᠃      ︵ᠬᠤᠶᠠᠷ︶ ᠨᠡᠶᠢᠭᠡᠮ ᠤᠨ ᠬᠥᠯ ᠪᠥᠮᠪᠦᠭᠡ ᠶᠢᠨ ᠥᠷᠨᠢᠯ ᠬᠥᠭᠵᠢᠯᠲᠡ ᠶᠢ ᠠᠬᠢᠭᠤᠯᠤᠨ᠎ᠠ      7. ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠢ ᠪᠦᠬᠦ ᠲᠠᠯ᠎ᠠ ᠪᠠᠷ ᠨᠡᠭᠡᠭᠡᠵᠦ᠂ ᠠᠰᠢᠭᠯᠠᠮᠵᠢ ᠶᠢ ᠳᠡᠭᠡᠭᠰᠢᠯᠡᠭᠦᠯᠦᠨ᠎ᠡ      ᠪᠣᠳᠠᠲᠠᠢ ᠠᠷᠭ᠎ᠠ ᠬᠡᠮᠵᠢᠶ᠎ᠡ᠄ ①ᠡᠯ᠎ᠡ ᠭᠠᠵᠠᠷ ᠣᠷᠣᠨ ᠤ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠦ ᠠᠯᠪᠠᠨ ᠠᠴᠠ ᠳᠡᠮᠵᠢᠬᠦ᠂ ᠨᠠᠶᠢᠳᠠᠨ ᠬᠠᠮᠢᠶᠠᠷᠤᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠡᠯᠡᠳᠬᠡᠮᠵᠢ ᠶᠢ ᠡᠵᠡᠩᠨᠡᠵᠦ ᠬᠠᠮᠠᠭᠠᠯᠠᠬᠤ ᠶᠢ ᠵᠣᠷᠢᠭᠵᠢᠭᠤᠯᠤᠨ᠎ᠠ᠃ ᠡᠯ᠎ᠡ ᠭᠠᠵᠠᠷ ᠤᠨ ᠬᠢᠨ ᠤ ᠨᠢᠭᠡᠨᠲᠡ ᠪᠠᠶᠢᠭᠤᠯᠤᠭᠰᠠᠨ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠭᠠᠵᠠᠷ ᠲᠤ ᠲᠦᠰᠢᠭᠯᠡᠨ᠂ ᠲᠤᠬᠠᠶ ᠶᠢᠨ ᠲᠠᠯᠠᠪᠤᠷ ᠲᠤᠨᠢ ᠲᠣᠬᠢᠷᠠᠭᠤᠯᠤᠨ ᠤᠷᠤᠯᠳᠤᠭᠠᠨ ᠡᠷᠭᠢᠯᠡᠵᠦ᠂ ᠬᠥᠯ ᠪᠥᠮᠪᠦᠭᠡ ᠶᠢᠨ ᠤᠷᠤᠯᠳᠤᠭᠠᠨ ᠢ ᠥᠷᠭᠡᠨ ᠢᠶᠠᠷ ᠥᠷᠨᠢᠭᠦᠯᠬᠦ ᠶᠢ ᠵᠣᠷᠢᠭᠵᠢᠭᠤᠯᠤᠨ᠎ᠠ᠃ ② ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠤᠨ ᠬᠡᠷᠡᠭᠯᠡᠭᠡᠨ ᠤ ᠴᠢᠳᠠᠮᠵᠢ ᠶᠢ ᠪᠠᠲᠤᠯᠠᠵᠤ᠂ ᠲᠥᠯᠥᠪᠦᠷᠢ ᠠᠪᠬᠤ ᠥᠬᠡᠶ ᠪᠤᠶᠤ ᠳᠣᠤᠷ᠎ᠠ ᠦᠨ᠎ᠡ ᠪᠠᠷ ᠨᠡᠭᠡᠭᠡᠬᠦ ᠶᠢ ᠪᠠᠷᠢᠮᠳᠠᠯᠠᠵᠤ᠂ ᠨᠡᠭᠡᠭᠡᠬᠦ ᠴᠠᠭ ᠬᠤᠭᠤᠴᠠᠭ᠎ᠠ ᠶᠢ ᠦᠨᠡᠨᠬᠦ ᠪᠠᠲᠤᠯᠠᠨ᠎ᠠ᠃ ᠶᠠᠮᠠᠷᠪᠠ ᠪᠠᠶᠢᠭᠤᠯᠭ᠎ᠠ ᠨᠢᠭᠡᠴᠡ ᠪᠤᠶᠤ ᠬᠤᠪᠢ ᠬᠥᠮᠦᠨ ᠤ ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠪᠠ ᠵᠠᠰᠠᠭ ᠤᠨ ᠣᠷᠳᠣᠨ ᠤ ᠨᠥᠬᠦᠪᠥᠷᠢ ᠶᠢ ᠬᠦᠷᠲᠡᠵᠦ ᠪᠠᠶᠢᠭ᠎ᠠ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠴᠢᠳᠠᠮᠵᠢ ᠶᠢ ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠤᠨ ᠢᠵᠢ ᠪᠡᠯᠡᠳᠬᠡᠮᠵᠢ ᠶᠢ ᠲᠡᠭᠦᠯᠳᠡᠷᠵᠢᠭᠦᠯᠵᠦ᠂  ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠭᠦᠢᠴᠡᠳ ᠠᠰᠢᠭᠯᠠᠨ᠂ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠲᠠᠯᠠᠪᠤᠷ ᠤᠨ ᠲᠣᠨᠤᠭ ᠲᠥᠬᠦᠭᠡᠷᠦᠮᠵᠢ ᠶᠢᠨ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠯᠠᠨ ᠶᠠᠩᠵᠤ ᠪᠠᠷ ᠠᠰᠢᠭᠯᠠᠨ᠂ ᠬᠥᠯ ᠪᠥᠮᠪᠦᠭᠡ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠵᠣᠷᠢᠭᠵᠢᠭᠤᠯᠵᠤ᠂ ᠰᠤᠷᠭᠠᠭᠤᠯᠢ ᠪᠠ ᠵᠠᠯᠠᠭᠤᠴᠤᠳ ᠪᠠᠭᠠᠴᠤᠳ ᠲᠤ ᠲᠠᠯᠠᠪᠤᠷ ᠭᠠᠵᠠᠷ᠂ ᠵᠢᠭᠠᠨ ᠰᠤᠷᠭᠠᠯᠲᠠ᠂ ᠪᠣᠯᠪᠠᠰᠤᠷᠠᠭᠤᠯᠤᠯ ᠤᠨ ᠦᠢᠯᠡᠴᠢᠯᠡᠭᠡ ᠬᠠᠩᠭᠠᠬᠤ ᠶᠢ ᠳᠡᠮᠵᠢᠵᠦ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠤᠨ᠎ᠠ᠃ ③ ᠡᠯ᠎ᠡ ᠭᠠᠵᠠᠷ ᠤᠨ ᠬᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠡᠵᠡᠩᠨᠡᠯᠲᠡ ᠬᠠᠮᠢᠶᠠᠷᠤᠯᠲᠠ ᠶᠢᠨ ᠵᠢᠯᠣᠭᠤᠳᠣᠯᠭ᠎ᠠ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ 2025 ᠣᠨ ᠪᠣᠯᠬᠤ ᠳᠤ᠂ ᠡᠷᠬᠡ ᠬᠠᠷᠢᠭᠤᠴᠠᠯᠭ᠎ᠠ ᠲᠣᠳᠣᠷᠬᠠᠶ᠂ ᠭᠤᠣᠯ ᠴᠣᠭᠴᠠ ᠣᠯᠠᠨ ᠡᠰᠢᠴᠢᠯᠡᠭᠰᠡᠨ᠂ ᠠᠰᠢᠭᠯᠠᠯᠲᠠ ᠥᠨᠳᠥᠷ ᠪᠦᠲᠦᠮᠵᠢᠲᠡᠶ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠣᠷᠳᠣ ᠬᠤᠭᠤᠴᠠᠭᠠᠨ ᠤ ᠪᠦᠲᠦᠮᠵᠢᠲᠡᠶ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢ ᠠᠩᠬ᠎ᠠ ᠠᠯᠬᠤᠮ ᠪᠦᠷᠢᠯᠳᠦᠭᠦᠯᠦᠨ᠎ᠡ᠃ ④ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠥᠯ ᠪᠥᠮᠪᠦᠭᠡ ᠶᠢᠨ ᠲᠠᠯᠠᠪᠤᠷ ᠢ ᠨᠡᠶᠢᠭᠡᠮ ᠳᠤ ᠴᠢᠯᠥᠭᠡᠲᠡᠶ ᠨᠡᠭᠡᠭᠡᠬᠦ ᠶᠢ ᠬᠥᠲᠥᠯᠦᠨ ᠵᠢᠯᠣᠭᠤᠳᠴᠤ᠂ ᠰᠤᠷᠭᠠᠭᠤᠯᠢ ᠪᠠ ᠨᠡᠶᠢᠭᠡᠮ ᠠᠴᠠ ᠲᠠᠯᠠᠪᠤᠷ ᠭᠠᠵᠠᠷ ᠢ ᠬᠠᠮᠲᠤᠪᠠᠷ ᠬᠡᠷᠡᠭᠯᠡᠬᠦ ᠲᠣᠭᠲᠠᠴᠠ ᠶᠢ ᠪᠠᠶᠢᠭᠤᠯᠤᠨ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠠᠯᠠᠪᠤᠷ ᠢ ᠰᠤᠯᠠ ᠴᠠᠭ ᠲᠤ ᠨᠡᠶᠢᠭᠡᠮ ᠳᠤ ᠴᠢᠯᠥᠭᠡᠲᠡᠶ ᠨᠡᠭᠡᠭᠡᠨ᠎ᠡ᠃ ⑤ ᠮᠠᠨ ᠤ ᠬᠤᠲᠠ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠭᠠᠵᠠᠷ ᠤᠨ ᠴᠢᠳᠠᠮᠵᠢ ᠶᠢ ᠲᠡᠭᠦᠯᠳᠡᠷᠵᠢᠭᠦᠯᠵᠦ᠂ ᠠᠷᠪᠠᠨ ᠨᠢᠭᠡᠨ ᠬᠥᠮᠦᠨ ᠤ ᠳᠦᠷᠢᠮᠲᠦ ᠬᠡᠷ ᠳᠣᠲᠣᠷᠠᠬᠢ ᠬᠥᠯ ᠪᠥᠮᠪᠦᠭᠡ ᠶᠢᠨ ᠣᠷᠳᠣᠨ ᠢ ᠪᠥᠲᠥᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠣᠷᠣᠨ ᠤ ᠳᠣᠲᠣᠷ᠎ᠠ ᠭᠠᠳᠠᠨᠠᠬᠢ ᠬᠥᠯ ᠪᠥᠮᠪᠥᠭᠡᠨ ᠠᠩᠭᠢ ᠶᠢ ᠲᠠᠲᠠᠨ ᠲᠥᠪᠯᠡᠷᠡᠭᠦᠯᠦᠨ ᠪᠣᠯᠪᠠᠰᠤᠷᠠᠭᠤᠯᠵᠤ ᠤᠷᠤᠯᠳᠤᠭᠠᠨ ᠳᠤ ᠣᠷᠣᠯᠴᠠᠭᠤᠯᠤᠨ᠎ᠠ᠃ ⑥ ᠪᠦᠷᠢᠨ ᠪᠦᠲᠦᠨ ᠣᠷᠣᠨ ᠰᠠᠭᠤᠴᠠ ᠶᠢᠨ ᠬᠤᠷᠢᠶᠠᠯᠠᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ 2025 ᠣᠨ ᠳᠤ ᠰᠢᠨ᠎ᠡ ᠪᠠᠷ ᠪᠠᠶᠢᠭᠤᠯᠤᠭᠰᠠᠨ ᠬᠤᠷᠢᠶᠠᠯᠠᠯ ᠤᠨ ᠳᠣᠲᠣᠷ᠎ᠠ ᠠᠳᠠᠭ ᠲᠠᠭᠠᠨ ᠨᠢᠭᠡ ᠬᠡᠰᠡᠭ ᠪᠠᠷᠢᠮᠵᠢᠶ᠎ᠠ ᠶᠢᠨ ᠪᠤᠰᠤ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠡᠯᠡᠳᠬᠡᠮᠵᠢ ᠶᠢ ᠳᠣᠭᠢᠷᠠᠭᠤᠯᠤᠨ ᠪᠠᠶᠢᠭᠤᠯᠵᠤ᠂ ᠣᠲᠣ ᠶᠢᠨ ᠪᠠᠶᠢᠭ᠎ᠠ ᠬᠤᠲᠠ ᠶᠢᠨ ᠬᠤᠷᠢᠶᠠᠯᠠᠯ ᠤᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠡᠯᠡᠳᠬᠡᠮᠵᠢ ᠶᠢ ᠳᠣᠭᠢᠷᠠᠭᠤᠯᠤᠨ ᠪᠠᠶᠢᠭᠤᠯᠤᠨ᠎ᠠ᠃      ᠨᠠᠢᠮᠠ᠂ ᠨᠡᠶᠢᠭᠡᠮ ᠤᠨ ᠬᠥᠯ ᠪᠥᠮᠪᠦᠭᠡ ᠶᠢᠨ ᠦᠢᠯᠡᠴᠢᠯᠡᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ      ᠪᠣᠳᠠᠲᠠᠢ ᠠᠷᠭ᠎ᠠ ᠬᠡᠮᠵᠢᠶ᠎ᠡ᠄ ① ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠡᠳ᠋ᠯᠡᠭᠦᠯᠬᠦ ᠶᠢ ᠪᠠᠷᠢᠮᠳᠠᠯᠠᠨ᠂ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠣᠨ ᠤ ᠭᠠᠵᠠᠷ ᠬᠡᠷᠡᠭᠯᠡᠬᠦ ᠲᠥᠯᠥᠪᠯᠡᠭᠡ ᠳᠤ ᠣᠷᠣᠭᠤᠯᠤᠨ᠎ᠠ᠃ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠣᠯᠠᠨ ᠡᠰᠢᠵᠢᠭᠰᠡᠨ ᠪᠠᠯᠠ ᠮᠥᠩᠭᠦ ᠴᠤᠭᠯᠠᠭᠤᠯᠬᠤ ᠲᠣᠭᠲᠠᠴᠠ ᠶᠢ ᠰᠦᠪᠡᠭᠴᠢᠯᠡᠨ᠂ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ ᠡᠳ᠋ ᠤᠨ ᠵᠠᠰᠠᠭ ᠤᠨ ᠨᠥᠬᠦᠪᠥᠷᠢ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ ᠨᠡᠭᠡᠭᠡᠯᠲᠡ ᠶᠢᠨ ᠴᠢᠨᠠᠷᠲᠠᠶ ᠪᠠᠯᠠ ᠲᠣᠬᠢᠷᠠᠭᠤᠯᠭ᠎ᠠ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠶᠢ ᠵᠣᠷᠢᠭᠵᠢᠭᠤᠯᠤᠨ᠎ᠠ᠃ ᠨᠡᠶᠢᠲᠡ ᠶᠢᠨ ᠠᠰᠠᠷᠠᠮᠵᠢ ᠪᠠᠷ ᠭᠤᠣᠯ ᠪᠣᠯᠭᠠᠨ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠬᠦᠯ ᠪᠥᠮᠪᠦᠭᠡ ᠶᠢᠨ ᠲᠠᠯᠠᠪᠤᠷ ᠭᠠᠵᠠᠷ ᠤᠨ ᠬᠠᠩᠭᠠᠯᠭ᠎ᠠ ᠶᠢ ᠴᠢᠩᠭᠠᠳᠬᠠᠵᠤ᠂ ᠪᠠᠶᠢᠭ᠎ᠠ ᠡᠬᠢ ᠪᠠᠶᠠᠯᠢᠭ ᠢ ᠨᠡᠶᠢᠯᠡᠭᠦᠯᠦᠨ ᠠᠰᠢᠭᠯᠠᠨ᠎ᠠ᠃ ᠨᠢᠭᠡ ᠪᠦᠯᠦᠭ ᠳᠥᠭᠦᠮ ᠪᠥᠭᠡᠳ ᠬᠡᠷᠡᠭᠯᠡᠭᠡᠨ ᠤ ᠪᠠᠷᠢᠮᠵᠢᠶ᠎ᠠ ᠶᠢᠨ ᠪᠤᠰᠤ ᠬᠥᠯ ᠪᠥᠮᠪᠦᠭᠡ ᠶᠢᠨ ᠲᠠᠯᠠᠪᠤᠷ ᠭᠠᠵᠠᠷ ᠢ ᠠᠮᠢᠳᠤᠯᠢᠭ ᠢᠶᠠᠷ ᠪᠠᠶᠢᠭᠤᠯᠵᠤ᠂ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠪᠠᠭ᠋ᠠᠲᠠᠶ ᠪᠣᠯᠭᠠᠵᠤ᠂ ᠬᠥᠯ ᠪᠥᠮᠪᠦᠭᠡ ᠶᠢᠨ ᠬᠠᠪᠤ ᠴᠡᠩᠭᠡᠯ ᠢ ᠮᠡᠳᠡᠷᠡᠭᠦᠯᠵᠦ᠂ ᠰᠢᠯᠢᠳᠡᠭ ᠰᠠᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠨᠡᠶᠢᠲᠡ ᠤᠯᠠᠨ ᠳᠤ ᠡᠳ᠋ᠯᠡᠭᠦᠯᠦᠨ᠎ᠡ᠃      9. ᠬᠥᠯ ᠪᠥᠮᠪᠦᠭᠡ ᠶᠢᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠲᠥᠷᠥᠯ ᠲᠡᠮᠳᠡᠭᠲᠦ ᠤᠷᠤᠯᠳᠤᠭᠠᠨ ᠢ ᠡᠭᠦᠳᠦᠨ᠎ᠡ      ᠪᠣᠳᠠᠲᠠᠢ ᠠᠷᠭ᠎ᠠ ᠬᠡᠮᠵᠢᠶ᠎ᠡ᠄ ① ᠬᠥᠯ ᠪᠥᠮᠪᠦᠭᠡ ᠶᠢᠨ ᠤᠷᠤᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠢᠭᠡ ᠴᠤᠭᠴᠠᠵᠢᠭᠤᠯᠤᠭᠰᠠᠨ ᠤᠷᠤᠯᠳᠤᠭᠠᠨ ᠤ ᠲᠥᠰᠦᠯ ᠪᠠ ᠣᠨ ᠤ ᠤᠷᠤᠯᠳᠤᠭᠠᠨ ᠤ ᠤᠯᠠᠷᠢᠯ ᠤᠨ ᠪᠢᠴᠢᠭ ᠢ ᠪᠦᠷᠢᠯᠳᠦᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠤᠯᠠᠮ ᠨᠢᠭᠡ ᠠᠯᠬᠤᠮ ᠬᠥᠭᠵᠢᠶᠡᠨᠲᠡᠶ ᠪᠣᠯᠭᠠᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠤᠨ ︽ᠬᠤᠰᠢᠭᠤᠨ ︵ᠰᠢᠶᠠᠨ ᠲᠣᠭᠤᠷᠢᠭ ᠤᠨ︶ ᠳᠠᠷᠤᠭ᠎ᠠ ᠬᠤᠨᠳᠠᠭᠠᠲᠤ︾ ︽ᠬᠤᠲᠠ ᠶᠢᠨ ᠳᠠᠷᠤᠭ᠎ᠠ ᠬᠤᠨᠳᠠᠭᠠᠲᠤ︾ ᠬᠥᠯ ᠪᠥᠮᠪᠦᠭᠡ ᠶᠢᠨ ᠤᠷᠤᠯᠳᠤᠭᠠᠨ ᠪᠠ ᠵᠠᠯᠠᠭᠤᠴᠤᠳ ᠪᠠᠭᠠᠴᠤᠳ ᠤᠨ U ᠰᠢᠷᠢᠰ ᠤᠷᠤᠯᠳᠤᠭᠠᠨ ᠢ ᠰᠠᠶᠢᠲᠤᠷ ᠡᠷᠭᠢᠯᠡᠵᠦ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠤᠨ᠂ ᠤᠷᠤᠯᠳᠤᠭᠠᠨ ᠪᠣᠯᠪᠠᠰᠤᠷᠠᠯ ᠢ ᠤᠶᠠᠯᠳᠤᠭᠤᠯᠵᠤ᠂ ᠬᠢᠷᠢ ᠲᠦᠪᠰᠢᠨ ᠢ ᠳᠡᠭᠡᠭᠰᠢᠯᠡᠭᠦᠯᠦᠨ᠂ ᠡᠯ᠎ᠡ ᠭᠠᠵᠠᠷ ᠣᠷᠣᠨ ᠤ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠰᠢᠯᠢᠳᠡᠭ ᠬᠥᠯ ᠪᠥᠮᠪᠦᠭᠡ ᠶᠢᠨ ᠲᠠᠮᠢᠷᠴᠢᠨ ᠢ ᠢᠯᠡᠷᠡᠭᠦᠯᠵᠦ ᠰᠣᠩᠭᠤᠨ ᠳᠡᠪᠰᠢᠭᠦᠯᠦᠨ᠎ᠡ᠃ ② ᠪᠦᠬᠦ ᠬᠤᠳᠠ ᠶᠢᠨ ᠠᠵᠢᠯ ᠤᠨ ᠴᠢᠯᠥᠭᠡᠨ ᠤ ᠬᠦᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠰᠠᠶᠢᠲᠤᠷ ᠡᠷᠬᠢᠯᠡᠨ᠂ ᠬᠦᠷᠢᠶ᠎ᠡ ᠬᠡᠪᠴᠢᠶ᠎ᠡ ᠶᠢ ᠨᠢ ᠠᠯᠬᠤᠮ ᠠᠯᠬᠤᠮ ᠢᠶᠠᠷ ᠥᠷᠭᠡᠳᠬᠡᠵᠦ᠂ ᠬᠥᠬᠡᠬᠤᠲᠠ ᠶᠢᠨ︽ᠠᠵᠢᠨᠠᠢ ᠬᠤᠨᠳᠠᠭᠠᠲᠤ︾ ᠡᠮᠡᠭᠲᠡᠶ ᠶᠢᠨ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠢ ᠲᠠᠰ ᠳᠡᠪᠰᠢᠭᠦᠯᠦᠨ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠡᠮᠡᠭᠲᠡᠶ ᠶᠢᠨ ᠬᠥᠯ ᠪᠥᠮᠪᠦᠭᠡ ᠶᠢᠨ ᠬᠢᠨ ᠤ ᠬᠦᠷᠢᠶᠡᠨ ᠳᠠᠬᠢ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ③ ᠠᠵᠢᠯ ᠲᠥᠷᠥᠯ᠂ ᠬᠤᠰᠢᠭᠤ ᠰᠢᠶᠠᠨ ᠲᠣᠭᠤᠷᠢᠭ ᠪᠠ ᠨᠡᠶᠢᠭᠡᠮ ᠤᠨ ᠬᠦᠴᠦᠨ ᠠᠴᠠ ᠲᠥᠷᠥᠯ ᠲᠡᠮᠳᠡᠭᠲᠦ ᠶᠢᠨ ᠤᠷᠤᠯᠳᠤᠭᠠᠨ ᠢ ᠡᠭᠦᠳᠦᠨ ᠡᠷᠭᠢᠯᠡᠬᠦ ᠶᠢ ᠳᠡᠮᠵᠢᠨ ᠵᠣᠷᠢᠭᠵᠢᠭᠤᠯᠤᠨ᠎ᠠ᠃ ᠨᠡᠶᠢᠭᠡᠮ ᠲᠣᠭᠤᠷᠢᠭ ᠤᠨ ᠬᠦᠯ ᠪᠥᠮᠪᠦᠭᠡ᠂ ᠠᠵᠢᠯᠳᠠᠨ ᠠᠵᠢᠯᠴᠢᠨ ᠤ ᠬᠦᠯ ᠪᠥᠮᠪᠦᠭᠡ ᠵᠡᠷᠭᠡ ᠨᠡᠶᠢᠭᠡᠮ ᠤᠨ ᠬᠦᠯ ᠪᠥᠮᠪᠦᠭᠡ ᠶᠢᠨ ᠬᠥᠳᠡᠯᠭᠡᠭᠡᠨ ᠢ ᠴᠢᠷᠮᠠᠶᠢᠨ ᠰᠠᠶᠢᠲᠤᠷ ᠠᠳᠬᠤᠨ᠎ᠠ᠃ ᠰᠢᠩᠭᠡᠯᠢᠭ ᠮᠠᠶ᠋ᠢᠭ ᠤᠨ ᠬᠥᠯ ᠪᠥᠮᠪᠦᠭᠡ᠂ ᠡᠯᠡᠰᠦᠨ ᠲᠠᠩ ᠤᠨ ᠬᠥᠯ ᠪᠥᠮᠪᠦᠭᠡ ᠵᠡᠷᠭᠡ ᠤᠨᠴᠠᠯᠢᠬᠳᠤ ᠬᠥᠯ ᠪᠥᠮᠪᠦᠭᠡ ᠶᠢᠨ ᠤᠷᠤᠯᠳᠤᠭᠠᠨ ᠢ ᠢᠳᠡᠪᠬᠢᠲᠡᠶ ᠠᠬᠢᠭᠤᠯᠤᠨ᠎ᠠ᠃ ᠣᠯᠠᠨ ᠲᠦᠮᠡᠨᠴᠢ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠯᠠᠨ ᠶᠠᠩᠵᠤ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠬᠥᠯ ᠪᠥᠮᠪᠦᠭᠡ ᠶᠢᠨ ᠤᠷᠤᠯᠳᠤᠭᠠᠨ ᠡᠷᠭᠢᠯᠡᠬᠦ ᠶᠢ ᠳᠡᠮᠵᠢᠨ᠎ᠡ᠃ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠨᠥᠯᠥᠭᠡᠯᠡᠬᠦ ᠬᠦᠴᠦᠨ ᠪᠦᠬᠦᠢ ᠤᠷᠤᠯᠳᠤᠭᠠᠨ ᠢ ᠢᠳᠡᠪᠬᠢᠲᠡᠶ ᠲᠠᠲᠠᠨ ᠠᠪᠴᠢᠷᠠᠨ᠎ᠠ᠃       ︵ᠭᠤᠷᠪᠠ︶ ᠠᠵᠢᠯ ᠮᠡᠷᠭᠡᠵᠢᠯ ᠤᠨ ᠬᠥᠯ ᠪᠥᠮᠪᠦᠭᠡ ᠶᠢᠨ ᠬᠥᠭᠵᠢᠯᠲᠡ ᠶᠢ ᠠᠬᠢᠭᠤᠯᠤᠨ᠎ᠠ      10. ᠬᠥᠯ ᠪᠥᠮᠪᠦᠭᠡ ᠶᠢᠨ ᠭᠤᠣᠯᠳᠠᠯᠭ᠎ᠠ ᠲᠠᠢ ᠭᠠᠵᠠᠷ ᠣᠷᠣᠨ ᠪᠠ ᠬᠥᠯ ᠪᠥᠮᠪᠦᠭᠡ ᠶᠢᠨ ᠨᠡᠶᠢᠭᠡᠮᠯᠢᠭ ᠤᠨ ᠥᠭᠡᠷᠡᠴᠢᠯᠡᠯᠲᠡ ᠶᠢ ᠰᠠᠶᠢᠨ ᠠᠳᠬᠤᠨ᠎ᠠ᠃      ᠪᠣᠳᠠᠲᠠᠢ ᠠᠷᠭ᠎ᠠ ᠬᠡᠮᠵᠢᠶ᠎ᠡ᠄ ① ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ  ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠭᠤᠤᠯᠳᠠᠯᠭ᠎ᠠ ᠲᠠᠢ ᠭᠠᠵᠠᠷ ᠣᠷᠣᠨ ᠳᠤ ᠴᠢᠷᠮᠠᠶᠢᠨ ᠣᠷᠣᠭᠤᠯᠵᠤ ᠳᠡᠮᠵᠢᠯᠭᠡ ᠤᠯᠬᠤ ᠶᠢᠨ ᠬᠠᠮᠲᠤ ᠢᠵᠢ ᠪᠥᠷᠢᠳᠦᠭᠦᠯᠬᠦ ᠪᠠᠯᠠ ᠮᠥᠩᠭᠦ ᠶᠢᠨ ᠪᠠᠲᠤᠯᠠᠭ᠎ᠠ ᠳᠣᠭᠢᠷᠠᠭᠤᠯᠵᠤ᠂ ᠣᠷᠣᠨ ᠤ ᠳᠣᠲᠣᠷ᠎ᠠ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠵᠠᠭᠪᠤᠷ᠂ ᠠᠷᠭ᠎ᠠ ᠬᠢᠳᠡᠯ ᠪᠠ ᠲᠤᠷᠰᠢᠯᠭ᠎ᠠ ᠶᠢ ᠪᠣᠢ ᠪᠣᠯᠭᠠᠨ᠎ᠠ᠃ ② ᠬᠤᠲᠠ ᠶᠢᠨ ᠬᠥᠯ ᠪᠥᠮᠪᠦᠭᠡ ᠶᠢᠨ ᠨᠡᠶᠢᠭᠡᠮᠯᠢᠭ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ᠲᠣᠭᠤᠷᠢᠭ ᠤᠨ ᠬᠥᠯ ᠪᠥᠮᠪᠦᠭᠡ ᠶᠢᠨ ᠨᠡᠶᠢᠭᠡᠮᠯᠢᠭ ᠪᠠᠶᠢᠭᠤᠯᠬᠤ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠬᠥᠯ ᠪᠥᠮᠪᠦᠭᠡ ᠶᠢᠨ ᠠᠵᠢᠯ ᠤᠨ ᠡᠷᠴᠢᠮ ᠢ ᠴᠢᠩᠭᠠᠷᠠᠭᠤᠯᠤᠨ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︵ᠳᠥᠷᠪᠡ︶ ᠬᠥᠯ ᠪᠥᠮᠪᠦᠭᠡ ᠶᠢᠨ ᠠᠵᠢᠯ ᠡᠷᠬᠢᠯᠡᠵᠦ ᠪᠠᠶᠢᠭ᠎ᠠ ᠬᠥᠮᠥᠰ ᠤᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ       11. ᠬᠥᠯ ᠪᠥᠮᠪᠦᠭᠡ ᠶᠢᠨ ᠰᠤᠷᠭᠠᠭᠴᠢ᠂ ᠪᠠᠭᠰᠢ ᠪᠣᠯᠣᠨ ᠬᠢᠨᠠᠭᠴᠢ᠂ ᠠᠵᠢᠯᠲᠠᠨ ᠤ ᠡᠩᠨᠡᠭᠡ ᠶᠢᠨ ᠶᠡᠷᠦᠩᠬᠡᠢ ᠬᠡᠪ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ      ᠪᠣᠳᠠᠲᠠᠢ ᠠᠷᠭ᠎ᠠ ᠬᠡᠮᠵᠢᠶ᠎ᠡ᠄ ① ᠲᠡᠰ ᠬᠤᠪᠢᠶᠠᠨ ᠪᠣᠯᠪᠠᠰᠤᠷᠠᠭᠤᠯᠵᠤ᠂ ᠥᠨᠳᠥᠷ ᠬᠢᠷᠢ ᠲᠦᠪᠰᠢᠨ ᠲᠠᠢ ᠰᠤᠷᠭᠠᠭᠴᠢ᠂ ᠪᠠᠭᠰᠢ᠂ ᠬᠢᠨᠠᠭᠴᠢ᠂ ᠠᠵᠢᠯᠲᠠᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠬᠠᠮᠲᠤᠪᠠᠷ ᠬᠡᠷᠡᠭᠯᠡᠵᠦ᠂ ᠬᠥᠯ ᠪᠥᠮᠪᠦᠭᠡ ᠶᠢᠨ ᠪᠠᠭᠰᠢ ᠶᠢᠨ ᠬᠥᠮᠥᠵᠢᠯ ᠪᠣᠯᠪᠠᠰᠤᠷᠠᠭᠤᠯᠤᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠢ ᠴᠢᠩᠭᠠᠳᠬᠠᠨ᠎ᠠ᠃ 2025 ᠣᠨ ᠠᠴᠠ ᠡᠮᠦᠨ᠎ᠡ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠪᠠᠭᠰᠢ᠂ ᠰᠤᠷᠭᠠᠭᠴᠢ ᠶᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠬᠤ ᠶᠢ ᠪᠡᠶᠡᠯᠡᠭᠦᠯᠵᠦ᠂ C ᠲᠠᠰ ᠠᠴᠠ ᠳᠡᠭᠡᠭᠰᠢᠬᠢ ᠬᠥᠯ ᠪᠥᠮᠪᠦᠭᠡ ᠶᠢᠨ ᠰᠤᠷᠭᠠᠭᠴᠢ ᠪᠠ ᠨᠢᠭᠡᠳᠦᠭᠡᠷ ᠳᠡᠰ ᠠᠴᠠ ᠳᠡᠭᠡᠭᠰᠢᠬᠢ ᠬᠥᠯ ᠪᠥᠮᠪᠦᠭᠡ ᠶᠢᠨ ᠬᠢᠨᠠᠭᠴᠢ ᠶᠢ ᠲᠣᠰ ᠲᠣᠰ 150 ᠬᠦᠷᠭᠡᠨ᠎ᠡ᠃ ② ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠨᠢᠭᠡᠳᠦᠯᠲᠡᠶ ᠬᠢᠨᠠᠭᠴᠢ ᠶᠢᠨ ᠵᠥᠪᠯᠡᠯ ᠢ ᠪᠠᠶᠢᠭᠤᠯᠵᠤ᠂ ᠬᠥᠯ ᠪᠥᠮᠪᠦᠭᠡ ᠶᠢᠨ ᠬᠢᠨᠠᠭᠴᠢ ᠶᠢ ᠪᠦᠷᠢᠳᠬᠡᠬᠦ᠂ ᠪᠣᠯᠪᠠᠰᠤᠷᠠᠭᠤᠯᠬᠤ᠂ ᠦᠨᠡᠯᠡᠨ ᠰᠢᠯᠭᠠᠬᠤ᠂ ᠰᠣᠩᠭᠤᠨ ᠲᠣᠮᠢᠯᠠᠬᠤ ᠪᠠ ᠱᠠᠩᠨᠠᠵᠤ ᠲᠣᠷᠭᠠᠬᠤ ᠲᠦᠷᠢᠮ ᠢ ᠪᠦᠷᠢᠨᠰᠢᠬᠦᠯᠵᠦ᠂ ᠬᠢᠨᠠᠭᠴᠢ ᠶᠢᠨ ᠦᠵᠡᠯ ᠰᠠᠨᠠᠭ᠎ᠠ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ③ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠮᠡᠷᠭᠡᠵᠢᠯ ᠤᠨ ᠴᠣᠯᠠ ᠲᠣᠭᠲᠠᠭᠠᠬᠤ ᠤᠷᠢᠨ ᠬᠡᠷᠡᠭᠯᠡᠬᠦ᠂ ᠠᠵᠢᠯ ᠤᠨ ᠪᠠᠶᠢᠷᠢ ᠶᠢᠨ ᠨᠥᠬᠦᠪᠦᠷᠢ ᠣᠯᠭᠤᠬᠤ᠂ ᠪᠣᠯᠪᠠᠰᠤᠷᠠᠭᠤᠯᠤᠯ ᠢ ᠳᠡᠭᠡᠭᠰᠢᠯᠡᠭᠦᠯᠬᠦ ᠵᠡᠷᠭᠡ ᠤᠷᠮᠠᠰᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠣᠯᠠᠨ ᠠᠷᠭ᠎ᠠ ᠵᠠᠮ ᠢᠶᠠᠷ ᠥᠨᠳᠥᠷ ᠬᠢᠷᠢ ᠲᠦᠪᠰᠢᠨ ᠲᠠᠢ ᠬᠥᠯ ᠪᠥᠮᠪᠦᠭᠡ ᠶᠢᠨ ᠪᠠᠭᠰᠢ᠂ ᠰᠤᠷᠭᠠᠭᠴᠢ ᠂ ᠬᠢᠨᠠᠭᠴᠢ ᠶᠢ ᠣᠷᠣᠭᠤᠯᠤᠨ ᠠᠪᠴᠢᠷᠠᠵᠤ᠂ ᠵᠣᠳᠤᠭ ᠲᠠᠶᠢᠯᠤᠭᠰᠠᠨ ᠲᠤᠰᠬᠠᠶ ᠮᠡᠷᠭᠡᠵᠢᠯ ᠤᠨ ᠲᠠᠮᠢᠷᠴᠢᠨ ᠢ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠤ ᠳᠠᠷᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠰᠤᠷᠭᠠᠭᠴᠢ ᠪᠣᠯᠭᠠᠬᠤ ᠲᠦᠷᠢᠮ ᠢ ᠬᠡᠷᠡᠭᠵᠢᠭᠦᠯᠦᠨ᠎ᠡ᠃ ᠲᠣᠭᠲᠠᠭᠰᠠᠨ ᠬᠤᠭᠤᠴᠠᠭ᠎ᠠ ᠪᠠᠷ ᠰᠢᠯᠢᠳᠡᠭ ᠰᠤᠷᠭᠠᠭᠴᠢ ᠶᠢ ᠰᠣᠩᠭᠤᠨ ᠲᠣᠮᠢᠯᠠᠵᠤ ᠬᠤᠰᠢᠭᠤ ᠰᠢᠶᠠᠨ ᠳᠤ ᠭᠦᠨᠵᠡᠭᠡᠶᠢᠷᠡᠭᠦᠯᠦᠨ ᠵᠢᠯᠣᠭᠤᠳᠣᠯᠭ᠎ᠠ ᠬᠢᠯᠭᠡᠨ᠎ᠡ᠃      ︵ᠲᠠᠪᠤ︶ ᠬᠥᠯ ᠪᠥᠮᠪᠦᠭᠡ ᠶᠢᠨ ᠰᠣᠶᠣᠯ ᠢ ᠬᠥᠮᠥᠵᠢᠭᠦᠯᠵᠦ᠂ ᠬᠥᠯ ᠪᠥᠮᠪᠦᠭᠡ ᠶᠢᠨ ᠠᠵᠤ ᠦᠢᠯᠡᠰ ᠢ ᠬᠦᠴᠦᠷᠬᠡᠭᠵᠢᠭᠦᠯᠦᠨ᠎ᠡ      12. ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠭᠠᠳᠠᠭᠰᠢ ᠶᠠᠪᠤᠯᠴᠠᠬᠤ ᠪᠠᠨ ᠴᠢᠩᠭᠠᠳᠬᠠᠨ᠎ᠠ᠃      ᠪᠣᠳᠠᠲᠠᠢ ᠠᠷᠭ᠎ᠠ ᠬᠡᠮᠵᠢᠶ᠎ᠡ᠄ ① ᠬᠠᠮ ᠵᠠᠭᠤᠴᠢᠯᠠᠭᠤᠷ ᠵᠡᠷᠭᠡ ᠰᠣᠨᠢᠨ ᠮᠡᠳᠡᠭᠡᠨ ᠤ ᠵᠠᠭᠤᠴᠢ ᠶᠢ ᠠᠰᠢᠭᠯᠠᠨ᠂ ᠡᠯᠪᠡᠭ ᠪᠠᠶᠠᠯᠢᠭ ᠣᠯᠠᠨ ᠰᠡᠳᠦᠪ ᠢᠶᠠᠷ ᠬᠥᠯ ᠪᠥᠮᠪᠦᠭᠡ ᠶᠢᠨ ᠦᠯᠢᠭᠡᠷ ᠢ ᠰᠠᠶᠢᠨ ᠶᠠᠷᠢᠵᠤ᠂ ᠬᠥᠯ ᠪᠥᠮᠪᠦᠭᠡ ᠶᠢᠨ ᠬᠥᠳᠡᠯᠭᠡᠭᠡᠨ ᠤ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ᠃ ② ᠬᠥᠯ ᠪᠥᠮᠪᠦᠭᠡ ᠶᠢᠨ ᠬᠥᠳᠡᠯᠭᠡᠭᠡᠨ ᠤ ᠲᠡᠷᠢᠭᠦᠨ ᠤ ᠭᠠᠵᠠᠷ ᠣᠷᠣᠨ ᠪᠠ ᠤᠯᠤᠰ᠂ ᠠᠵᠢᠯ ᠮᠡᠷᠭᠡᠵᠢᠯ ᠤᠨ ᠺᠯᠦ᠋ᠪ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠵᠠᠯᠠᠭᠤᠴᠤᠳ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠰᠢᠨ᠎ᠡ ᠵᠠᠭᠪᠤᠷ ᠢ ᠬᠠᠮᠲᠤᠷᠠᠨ ᠪᠠᠶᠢᠭᠤᠯᠬᠤ ᠶᠢ ᠰᠦᠪᠡᠭᠴᠢᠯᠡᠨ᠎ᠡ᠃ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠭᠠᠵᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠥᠯ ᠪᠥᠮᠪᠦᠭᠡ ᠶᠢᠨ ᠬᠥᠭᠵᠢᠭᠰᠡᠨ ᠭᠠᠵᠠᠷ ᠣᠷᠣᠨ ᠯᠤᠭ᠎ᠠ ᠨᠥᠬᠦᠷᠰᠡᠭ ᠢᠶᠠᠷ ᠰᠣᠯᠢᠯᠴᠠᠬᠤ ᠬᠠᠷᠢᠴᠠᠭ᠎ᠠ ᠪᠠᠶᠢᠭᠤᠯᠬᠤ ᠶᠢ ᠵᠣᠷᠢᠭᠵᠢᠭᠤᠯᠵᠤ᠂ ᠬᠥᠯ ᠪᠥᠮᠪᠦᠭᠡ ᠶᠢᠨ ᠠᠵᠢᠯ ᠡᠷᠭᠢᠯᠡᠭᠰᠡᠳ ᠢ ᠵᠣᠬᠢᠶᠠᠨ ᠪᠠᠶᠢᠭᠤᠯᠤᠨ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠭᠠᠳᠠᠭᠰᠢ ᠭᠠᠷᠭᠠᠵᠤ ᠰᠤᠷᠤᠯᠴᠠᠭᠤᠯᠤᠨ ᠪᠣᠯᠪᠠᠰᠤᠷᠠᠭᠤᠯᠵᠤ᠂ ᠲᠡᠷᠢᠭᠦᠨ ᠤ ᠣᠨᠣᠯᠵᠢᠬᠤᠨ ᠢ ᠲᠠᠰᠤᠷᠠᠯᠲᠠ ᠥᠬᠡᠶ ᠰᠤᠷᠤᠯᠴᠠᠭᠤᠯᠵᠤ᠂ ᠳᠡᠯᠡᠬᠡᠢ ᠶᠢᠨ ᠬᠠᠷᠠᠭ᠎ᠠ ᠶᠢ ᠥᠷᠭᠡᠳᠬᠡᠨ᠂ ᠪᠣᠯᠪᠠᠰᠤᠷᠠᠩᠭᠤᠶ ᠲᠤᠷᠰᠢᠯᠭ᠎ᠠ ᠶᠢ ᠰᠢᠩᠭᠡᠭᠡᠨ ᠠᠪᠴᠤ᠂ ᠬᠥᠯ ᠪᠥᠮᠪᠦᠭᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      13. ᠬᠥᠯ ᠪᠥᠮᠪᠦᠭᠡ ᠶᠢᠨ ᠠᠵᠤ ᠦᠢᠯᠡᠰ ᠢ ᠲᠦᠷᠭᠡᠳᠬᠡᠨ ᠪᠣᠶᠢᠵᠢᠭᠤᠯᠤᠨ᠎ᠠ      ᠪᠣᠳᠠᠲᠠᠢ ᠠᠷᠭ᠎ᠠ ᠬᠡᠮᠵᠢᠶ᠎ᠡ᠄ ① ᠬᠥᠯ ᠪᠥᠮᠪᠦᠭᠡ ᠶᠢᠨ ᠲᠣᠨᠣᠭᠯᠠᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠵᠡᠷᠭᠡ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠬᠥᠯ ᠪᠥᠮᠪᠦᠭᠡ ᠶᠢᠨ ᠪᠦᠲᠦᠭᠡᠯᠴᠢ ᠪᠦᠲᠦᠭᠡᠭᠳᠡᠬᠦᠨ ᠢ ᠪᠠᠶᠠᠯᠢᠭᠵᠢᠭᠤᠯᠵᠤ᠂ ᠬᠥᠯ ᠪᠥᠮᠪᠦᠭᠡ ᠶᠢᠨ ᠬᠡᠷᠡᠭᠯᠡᠭᠡ ᠶᠢ ᠥᠷᠭᠡᠳᠬᠡᠵᠦ᠂ ᠬᠥᠯ ᠪᠥᠮᠪᠦᠭᠡ ᠶᠢᠨ ᠠᠵᠤ ᠦᠢᠯᠡᠰ ᠢ ᠬᠦᠴᠦᠷᠬᠡᠭᠵᠢᠭᠦᠯᠦᠨ᠎ᠡ᠃ ② ᠬᠤᠷᠢᠨᠭᠡᠷ ᠤᠨ ᠬᠥᠯ ᠪᠥᠮᠪᠦᠭᠡ ᠶᠢᠨ ᠣᠨᠴᠠᠯᠢᠭᠲᠤ ᠵᠢᠵᠢᠭ ᠪᠠᠯᠭᠠᠰᠤ᠂ ᠭᠠᠵᠠᠷ ᠣᠷᠣᠨ ᠳᠠᠭᠠᠨ ᠲᠣᠬᠢᠷᠠᠭᠰᠠᠨ ᠬᠥᠯ ᠪᠥᠮᠪᠦᠭᠡ ᠶᠢᠨ ᠠᠵᠤ ᠦᠢᠯᠡᠰ ᠤᠨ ᠰᠠᠭᠤᠷᠢᠨ᠂ ᠬᠥᠯ ᠪᠥᠮᠪᠦᠭᠡ ᠶᠢᠨ ᠰᠣᠶᠣᠯ ᠵᠢᠭᠤᠯᠴᠢᠯᠠᠯ ᠪᠡᠶ᠎ᠡ ᠶᠢᠨ ᠪᠣᠯᠪᠠᠰᠤᠷᠠᠯ ᠰᠡᠯᠡᠭᠦᠴᠡᠯ ᠤᠨ ᠰᠠᠭᠤᠷᠢᠨ ᠵᠡᠷᠭᠡ ︽ᠬᠥᠯ ᠪᠥᠮᠪᠦᠭᠡ +︾ ᠲᠥᠷᠥᠯ ᠵᠦᠢᠯ ᠢ ᠡᠭᠦᠳᠦᠨ᠎ᠡ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨᠬᠦ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠬᠥᠯ ᠪᠥᠮᠪᠦᠭᠡ ᠶᠢᠨ ᠥᠭᠡᠷᠡᠴᠢᠯᠡᠯᠲᠡ ᠬᠦᠭᠵᠢᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠤᠨ᠂ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠢᠶᠠᠨ ᠰᠤᠳᠤᠯᠤᠨ ᠪᠠᠶᠢᠷᠢᠯᠠᠭᠤᠯᠵᠤ᠂ ᠪᠣᠳᠠᠲᠠᠶ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠬᠡᠷᠡᠭᠲᠡᠶ᠃ ᠬᠤᠲᠠ ᠶᠢᠨ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠰᠣᠳᠤᠯᠬᠤ᠂ ᠵᠣᠬᠢᠶᠠᠨ ᠪᠠᠶᠢᠭᠤᠯᠤᠨ ᠤᠳᠤᠷᠢᠳᠬᠤ᠂ ᠣᠯᠠᠨ ᠨᠡᠶᠢᠲᠡ ᠶᠢᠨ ᠦᠢᠯᠡᠴᠢᠯᠡᠭᠡ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠭᠦᠢᠴᠡᠳᠬᠡᠵᠦ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠨ ᠲᠦᠯᠬᠢᠨ ᠠᠬᠢᠭᠤᠯᠵᠤ ᠦᠷ᠎ᠡ ᠪᠦᠲᠦᠮᠵᠢ ᠣᠯᠵᠤ᠂ ᠬᠥᠯ ᠪᠥᠮᠪᠦᠭᠡ ᠶᠢᠨ ᠬᠥᠳᠡᠯᠭᠡᠭᠡᠨ ᠤ ᠲᠦᠭᠡᠮᠡᠯᠵᠢᠯᠲᠡ ᠪᠠ ᠳᠡᠭᠡᠭᠰᠢᠯᠡᠯᠲᠡ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠵᠠᠰᠠᠭ ᠤᠨ ᠣᠷᠳᠣᠨ ᠠᠴᠠ ᠶᠡᠷᠦᠩᠬᠡᠢ ᠵᠢᠯᠣᠭᠤᠳᠤᠭᠰᠠᠨ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠴᠠ ᠲᠦᠷᠦᠭᠦᠯᠡᠨ ᠶᠡᠷᠦᠩᠬᠡᠶᠢᠯᠡᠨ ᠠᠳᠬᠤᠭᠰᠠᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠭᠰᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠭᠰᠠᠨ᠂ ᠨᠡᠶᠢᠭᠡᠮ ᠤᠨ ᠬᠦᠴᠦᠨ ᠠᠴᠠ ᠢᠳᠡᠪᠬᠢᠲᠡᠶ ᠣᠷᠣᠯᠴᠠᠭᠰᠠᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃      ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠥᠯ ᠪᠥᠮᠪᠦᠭᠡ ᠶᠢᠨ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠢ ᠦᠨᠳᠦᠰᠦᠯᠡᠨ ᠭᠤᠤᠯᠳᠠᠭᠤ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ᠂ ᠡᠮᠡᠭᠲᠡᠢ ᠶᠢᠨ ᠬᠥᠯ ᠪᠥᠮᠪᠦᠭᠡ᠂ ᠬᠤᠲᠠ ᠵᠢᠴᠢ ᠬᠤᠰᠢᠭᠤ ᠰᠢᠶᠠᠨ ᠲᠣᠭᠤᠷᠢᠭ ᠤᠨ ᠠᠩᠭᠢ ᠶᠢᠨ ᠪᠥᠲᠥᠭᠡᠨ ᠪᠠᠶᠢᠭᠤᠯᠤᠯᠲᠠ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ  ᠰᠤᠳᠤᠯᠭᠠᠨ ᠵᠡᠷᠭᠡ ᠲᠠᠯ᠎ᠠ ᠳᠤ ᠬᠡᠷᠡᠭᠯᠡᠨ᠎ᠡ᠃ ᠬᠠᠮᠢᠶ᠎ᠠ ᠪᠥᠬᠦᠶ ᠰᠠᠯᠠᠭ᠎ᠠ ᠮᠥᠴᠢᠷ ᠬᠤᠯᠪᠣᠭᠳᠠᠯ ᠪᠥᠬᠦᠶ ᠵᠠᠷᠤᠳᠠᠯ ᠢ ᠲᠣᠬᠢᠷᠠᠭᠤᠯᠬᠤ ᠳᠠᠭᠠᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠳᠤ ᠬᠡᠯᠪᠡᠶᠢᠯᠭᠡᠬᠦ ᠬᠡᠷᠡᠭᠲᠡᠶ᠃ ᠵᠢᠯ ᠪᠦᠷᠢ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠠᠴᠠ ᠲᠣᠰ ᠲᠣᠰ ᠵᠣᠬᠢᠬᠤ ᠬᠠᠷᠢᠴᠠᠯ ᠢᠶᠠᠷ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠳᠤ ᠲᠣᠬᠢᠷᠠᠭᠤᠯᠤᠨ ᠬᠡᠷᠡᠭᠯᠡᠵᠦ᠂ ᠡᠭᠦᠨ ᠳᠤ ᠠᠳᠠᠭ ᠲᠠᠭᠠᠨ ᠬᠠᠭᠠᠰ ᠠᠴᠠ ᠳᠡᠭᠡᠭᠰᠢᠬᠢ ᠶᠢ ᠬᠥᠯ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠠᠵᠢᠯ ᠳᠤ ᠬᠡᠷᠡᠭᠯᠡᠬᠦ ᠬᠡᠷᠡᠭᠲᠡᠢ᠃      ︵ᠭᠤᠷᠪᠠ︶ ᠦᠨ᠎ᠡ ᠬᠠᠩᠰᠢ ᠪᠠ ᠭᠠᠶᠢᠯᠢ ᠰᠦᠢᠳᠬᠡᠯ ᠤᠨ ᠪᠠᠲᠤᠯᠠᠭ᠎ᠠ ᠶᠢ ᠴᠢᠩᠭᠠᠳᠬᠠᠨ᠎ᠠ᠃ ᠬᠥᠯ ᠪᠥᠮᠪᠦᠭᠡ ᠶᠢᠨ ᠲᠠᠯᠠᠪᠤᠷ ᠣᠷᠳᠣᠨ ᠤ ᠤᠰᠤ ᠴᠠᠬᠢᠯᠭᠠᠨ ᠬᠡᠢ ᠢᠯᠴᠢ ᠵᠡᠷᠭᠡ ᠶᠢᠨ ᠦᠨ᠎ᠡ ᠶᠢ ᠡᠩ ᠤᠨ ᠠᠵᠤ ᠦᠢᠯᠡᠳᠪᠦᠷᠢ ᠶᠢᠨ ᠪᠠᠷᠢᠮᠵᠢᠶ᠎ᠠ ᠠᠴᠠ ᠥᠨᠳᠥᠷ ᠦᠭᠡᠢ ᠪᠠᠷ ᠬᠡᠷᠡᠭᠵᠢᠬᠦᠯᠦᠨ᠎ᠡ᠃ ᠲᠣᠭᠲᠠᠭᠠᠯ ᠳᠤ ᠨᠡᠶᠢᠴᠡᠬᠦ ᠬᠥᠯ ᠪᠥᠮᠪᠦᠭᠡ ᠶᠢᠨ ᠲᠠᠯᠠᠪᠤᠷ ᠣᠷᠳᠣᠨ ᠤ ᠥᠪᠡᠷ ᠢᠶᠠᠨ ᠬᠡᠷᠡᠭᠯᠡᠬᠦ ᠬᠡᠷ ᠬᠥᠷᠥᠩᠭᠡ᠂ ᠭᠠᠵᠠᠷ ᠰᠢᠷᠣᠶ ᠳᠤ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤ ᠶᠢᠨ ᠭᠠᠵᠠᠷ ᠰᠢᠷᠣᠶ ᠶᠢᠨ ᠬᠡᠷᠡᠭᠯᠡᠭᠡᠨ ᠤ ᠭᠠᠶᠢᠯᠢ ᠶᠢᠨ ᠬᠠᠷᠠᠭᠠᠯᠵᠠᠯ ᠢ ᠬᠠᠤᠯᠢ ᠶᠣᠰᠣᠭᠠᠷ ᠬᠦᠷᠲᠡᠭᠡᠨ᠎ᠡ᠃ ᠤᠯᠤᠰ ᠤᠨ ᠥᠷᠲᠡᠭ ᠤᠨ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠨᠣᠷᠮ᠎ᠠ ᠶᠢ ᠤᠯᠠᠮ ᠨᠢᠭᠡ ᠠᠯᠬᠤᠮ ᠪᠠᠭᠤᠷᠠᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠯ ᠪᠥᠮᠪᠦᠭᠡ ᠶᠢᠨ ᠠᠵᠢᠯ ᠲᠥᠷᠥᠯ ᠤᠨ ᠲᠥᠷᠥᠯ ᠵᠦᠢᠯ ᠤᠨ ᠡᠷᠡᠭᠦᠯ ᠢᠶᠠᠷ ᠬᠥᠭᠵᠢᠬᠦ ᠶᠢ ᠳᠡᠮᠵᠢᠨ᠎ᠡ᠃ ᠬᠤᠲᠠ ᠪᠠᠯᠭᠠᠰᠤ ᠶᠢᠨ ᠭᠠᠵᠠᠷ ᠰᠢᠷᠣᠶ ᠶᠢᠨ ᠬᠡᠷᠡᠭᠯᠡᠭᠡᠨ ᠤ ᠭᠠᠶᠢᠯᠢ᠂ ᠬᠡᠷ ᠬᠥᠷᠥᠩᠭᠡ ᠶᠢᠨ ᠭᠠᠶᠢᠯᠢ ᠲᠤᠰᠢᠶᠠᠬᠤ ᠳᠤ ᠦᠨᠡᠨᠬᠦ ᠬᠦᠴᠢᠷᠳᠡᠯ ᠲᠠᠢ ᠵᠢᠵᠢᠭ ᠪᠢᠴᠢᠯ ᠪᠠ ᠰᠢᠨ᠎ᠡ ᠪᠠᠷ ᠪᠠᠶᠢᠭᠤᠯᠤᠭᠳᠠᠭᠰᠠᠨ ᠬᠥᠯ ᠪᠥᠮᠪᠦᠭᠡ ᠶᠢᠨ ᠠᠵᠤ ᠠᠬᠤᠶᠢᠯᠠᠯ᠂ ᠮᠡᠳᠡᠭᠦᠯᠦᠨ ᠬᠢᠨᠠᠨ ᠬᠠᠷᠭᠤᠭᠤᠯᠤᠭᠰᠠᠨ ᠤ ᠳᠠᠷᠠᠭ᠎ᠠ ᠭᠠᠶᠢᠯᠢ ᠶᠢ ᠨᠢ ᠬᠠᠰᠤᠨ ᠬᠡᠯᠲᠦᠷᠢᠭᠦᠯᠵᠦ ᠪᠣᠯᠣᠨ᠎ᠠ᠃ ᠠᠵᠤ ᠠᠬᠤᠶᠢᠯᠠᠯ ᠪᠣᠯᠤᠨ ᠨᠡᠶᠢᠭᠡᠮ ᠤᠨ ᠬᠦᠴᠦᠨ ᠤ ᠬᠠᠨᠳᠢᠪᠯᠠᠬᠤ ᠶᠢ ᠵᠣᠷᠢᠭᠵᠢᠭᠤᠯᠵᠤ᠂ ᠨᠥᠬᠦᠴᠡᠯ ᠳᠤ ᠨᠡᠶᠢᠴᠡᠭᠰᠡᠨ ᠢ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠶᠢ ᠪᠤᠳᠤᠬᠤ ᠦᠶ᠎ᠡ ᠳᠤ ᠬᠠᠰᠤᠵᠤ ᠭᠡᠯᠳᠦᠷᠢᠭᠦᠯᠦᠨ᠎ᠡ᠃      ︵ᠳᠥᠷᠪᠡ︶ ᠰᠢᠮᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠶᠢ ᠴᠢᠩᠭᠠᠳᠬᠠᠨ᠎ᠠ᠃ ᠬᠦᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳᠦᠷ ᠲᠤᠳᠤᠮ ᠤᠨ ᠰᠢᠮᠳᠠᠭᠤᠯᠤᠨ ᠪᠠᠶᠢᠴᠠᠭᠠᠬᠤ ᠳᠤ ᠣᠷᠣᠭᠤᠯᠬᠤ ᠬᠡᠷᠡᠭᠲᠡᠶ᠃ ᠲᠤᠰᠬᠠᠶ ᠲᠥᠷᠥᠯ ᠤᠨ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠭᠠᠵᠠᠷ ᠣᠷᠣᠨ ᠤ ᠳᠡᠮᠵᠢᠯᠭᠡ ᠶᠢᠨ ᠵᠠᠷᠤᠳᠠᠯ ᠢ ᠮᠥᠷᠳᠡᠨ ᠦᠷ᠎ᠡ ᠪᠦᠲᠦᠮᠵᠢ ᠶᠢ ᠨᠢ ᠠᠰᠠᠭᠤᠬᠤ ᠬᠡᠷᠡᠭᠲᠡᠶ᠃ ᠬᠥᠳᠡᠯᠦᠩᠭᠦᠶ ᠦᠨᠡᠯᠡᠨ ᠵᠢᠱᠢᠬᠦ ᠪᠠ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠵᠠᠳᠠᠯᠤᠯᠲᠠ ᠬᠢᠵᠦ᠂ ᠡᠭᠦᠷᠭᠡ ᠬᠠᠷᠠᠯᠲᠠ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤ ᠴᠠᠭ ᠲᠤᠨᠢ ᠲᠣᠬᠢᠷᠠᠭᠤᠯᠤᠯᠲᠠ ᠬᠢᠵᠦ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ