ᠾᠧ ᠬᠠᠢ ᠳ᠋ᠦᠩ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠪᠠᠯᠭᠠᠰᠤᠨ ᠤ | ᠵᠠᠯᠠᠨ ᠪᠠᠶᠢᠰᠢᠩ ᠲᠣᠰᠬᠤᠨ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ | ᠠᠯᠢ ᠤᠯᠠᠨ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠡᠷᠦᠩᠬᠡᠢ ᠬᠠᠷᠠᠯᠲᠠ᠂ ᠶᠡᠷᠦᠩᠬᠡᠢ ᠴᠢᠭᠯᠡᠯᠲᠡ᠂ ᠶᠡᠷᠦᠩᠬᠡᠢ ᠱᠠᠭᠠᠷᠳᠠᠯᠭ᠎ᠠ ᠶᠢ | ᠣᠨᠣᠪᠴᠢᠲᠠᠢ ᠤᠢᠢᠯᠠᠭᠠᠨ ᠡᠵᠡᠮᠰᠢᠵᠦ᠂ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠠᠷᠭ᠎ᠠ ᠵᠠᠮ ᠢ ᠨᠡᠪᠲᠡ ᠬᠦᠨᠵᠡᠭᠡᠢ ᠲᠥᠯᠥᠪᠯᠡᠨ᠂ ᠲᠠᠷᠢᠶᠠᠴᠢᠨ | ᠣᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃ | ᠵᠤᠨ ᠤ ᠴᠠᠭ ᠤᠨ ᠴᠡᠯᠡᠭᠡᠷ ᠲᠠᠯ᠎ᠠ ᠬᠥᠬᠡᠷᠡᠨ ᠲᠤᠨᠢᠶᠠᠷᠲᠤᠵᠤ᠂ ᠥᠩᠭᠡ ᠶᠢᠨ ᠴᠡᠴᠡᠭ ᠰᠠᠯᠬᠢᠨ᠎ᠠ ᠮᠢᠷᠠᠯᠵᠠᠨ᠎ᠠ᠃ ᠵᠠᠯᠠᠨ ᠪᠠᠶᠢᠰᠢᠩ ᠭᠡᠷ ᠲᠣᠰᠬᠤᠨ ᠳᠤ᠂ | ᠮᠤᠷᠢᠨ ᠬᠤᠭᠤᠷ ᠤᠨ ᠲᠠᠯ᠎ᠠ ᠨᠤᠲᠤᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠨᠢᠭᠡᠨᠲᠡ ᠠᠩᠬ᠎ᠠ | ᠠᠯᠬᠤᠮ ᠤᠨ ᠳᠦᠷᠢ ᠪᠠᠶᠢᠳᠠᠯ ᠢ ᠪᠦᠷᠢᠯᠳᠦᠭᠦᠯᠵᠡᠢ᠃ ᠸᠠᠩ ᠯᠢ ᠰᠢᠶᠠ ᠨᠠᠷ ᠠᠵᠤ ᠦᠢᠯᠡᠰ ᠤᠨ ᠬᠦᠷᠢᠶᠡᠯᠡᠩ ᠢ ᠲᠤᠷᠰᠢᠨ ᠡᠵᠡᠩᠨᠡᠬᠦ ᠨᠡᠭᠡᠭᠡᠯᠲᠡ ᠶᠢᠨ | ᠶᠣᠰᠣᠯᠠᠯ ᠳᠤ ᠣᠷᠣᠯᠴᠠᠭᠰᠠᠨ ᠪᠥᠭᠡᠳ ᠲᠠᠯ᠎ᠠ ᠨᠤᠲᠤᠭ ᠤᠨ ᠦᠨᠦᠷ ᠠᠮᠲᠠ ᠵᠠᠩ ᠦᠢᠯᠡ ᠶᠢᠨ ᠵᠡᠭᠡᠯᠢ᠂ ᠮᠤᠷᠢᠨ ᠬᠤᠭᠤᠷ ᠤᠨ ᠦᠢᠯᠡᠳᠬᠡᠯ ᠤᠨ ᠳᠡᠯᠭᠡᠭᠦᠷ᠂ | ᠴᠡᠯᠡᠭᠡᠷ ᠲᠠᠯ᠎ᠠ ᠶᠢᠨ ᠪᠡᠯᠡᠭ ᠰᠡᠯᠲᠡ ᠶᠢᠨ ᠰᠣᠶᠣᠯ ᠤᠨ ᠪᠦᠲᠦᠭᠡᠯᠴᠢ ᠳᠡᠯᠭᠡᠭᠦᠷ ᠵᠢᠴᠢ ᠭᠠᠵᠠᠷ ᠲᠡᠯᠡᠭᠡᠢ ᠤᠷᠠᠯᠢᠭ ᠤᠨ ᠪᠠᠭᠤᠳᠠᠯ ᠢ ᠲᠣᠭᠤᠷᠢᠨ ᠦᠵᠡᠵᠡᠢ᠃ | ᠸᠠᠩ ᠯᠢ ᠰᠢᠶᠠ ᠲᠣᠰᠬᠤᠨ ᠤ ᠠᠷᠠᠳ ᠲᠠᠢ ᠳᠤᠲᠤᠨᠤᠰᠤᠭ ᠢᠶᠠᠷ ᠶᠠᠷᠢᠯᠴᠠᠵᠤ᠂ ᠰᠢᠨ᠎ᠡ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ | ᠲᠤᠬᠠᠢ ᠪᠣᠳᠤᠯ ᠲᠦᠷᠦᠭᠳᠡᠯ ᠢ ᠨᠢ ᠯᠠᠪᠯᠠᠨ ᠠᠰᠠᠭᠤᠪᠠ᠃ ᠲᠣᠰᠬᠤᠨ ᠤ ᠬᠠᠵᠠᠭᠤ ᠳᠠᠬᠢ ᠲᠠᠯ᠎ᠠ ᠨᠤᠲᠤᠭ ᠤᠨ ᠦᠨᠦᠷ ᠠᠮᠲᠠ ᠵᠠᠩ ᠦᠢᠯᠡ ᠶᠢᠨ ᠵᠡᠭᠡᠯᠢ | ᠳᠡᠭᠡᠷ᠎ᠡ᠂ ᠰᠠᠶᠢᠬᠠᠨ ᠲᠣᠭᠤᠷᠢᠭ ᠠᠴᠠ ᠢᠷᠡᠭᠰᠡᠨ ᠫᠢᠶᠣᠣ ᠶᠢᠩ ᠽᠢ ᠨᠢᠭᠡᠨ ᠪᠣᠣᠪᠤ ᠬᠠᠭᠰᠠᠭᠠᠬᠤ ᠳᠡᠯᠭᠡᠭᠦᠷ ᠡᠵᠡᠩᠨᠡᠵᠦ ᠪᠣᠢ᠂ ᠸᠠᠩ ᠯᠢ ᠰᠢᠶᠠ ᠲᠡᠭᠦᠨ ᠲᠠᠢ | ᠳᠣᠲᠣᠨᠣᠰᠤᠭ ᠢᠶᠠᠷ ᠶᠠᠷᠢᠯᠴᠠᠵᠤ᠂ ᠫᠢᠶᠣᠣ ᠶᠢᠩ ᠽᠢ ᠱᠦᠵᠢ ᠳᠤ ᠮᠠᠶᠢᠮᠠᠢ ᠨᠢ ᠯᠠᠪᠲᠠᠢ ᠰᠠᠶᠢᠨ ᠪᠣᠯᠣᠨ᠎ᠠ ᠭᠡᠵᠦ ᠢᠲᠡᠭᠡᠯ ᠲᠡᠭᠦᠯᠳᠡᠷ ᠬᠡᠯᠡᠵᠦ ᠪᠠᠶᠢᠯ᠎ᠠ᠃ ᠲᠤᠰ | ᠲᠣᠰᠬᠤᠨ ᠤ ᠵᠠᠯᠠᠭᠤ ᠵᠠᠩ ᠵᠢᠶᠦ᠋ᠨ ᠳ᠋ᠡ ᠨᠡᠶᠢᠳᠡᠮ ᠡᠮᠦᠨᠡᠲᠦ ᠣᠷᠣᠨ ᠤ ᠬᠤᠳᠠ ᠳᠤ ᠬᠥᠯᠥᠰᠥᠨ ᠠᠵᠢᠯ ᠬᠢᠵᠦ ᠪᠠᠶᠢᠪᠠ᠂ ᠥᠪᠡᠷ ᠤᠨ ᠨᠤᠲᠤᠭ ᠨᠢ | ᠤᠯᠠᠮ ᠠᠴᠠ ᠤᠯᠠᠮ ᠦᠵᠡᠰᠬᠦᠯᠡᠩᠲᠦ ᠰᠠᠶᠢᠬᠠᠨ ᠪᠣᠯᠤᠭᠰᠠᠨ ᠢ ᠰᠣᠨᠣᠰᠤᠭᠠᠳ᠂ ᠵᠣᠷᠢᠭ ᠰᠢᠭᠤᠳᠤᠨ ᠲᠣᠰᠬᠤᠨ ᠳᠠᠭᠠᠨ ᠬᠠᠷᠢᠵᠤ ᠰᠢᠬᠢᠷᠯᠢᠭ ᠢᠳᠡᠭᠡᠨ ᠤ | ᠳᠡᠯᠭᠡᠭᠦᠷ ᠨᠡᠭᠡᠭᠡᠪᠡ᠂ ᠲᠡᠭᠦᠨ ᠤ ᠦᠵᠡᠬᠦ ᠪᠠᠷ᠂ ᠭᠡᠷ ᠤᠨ ᠡᠭᠦᠳᠡᠨ ᠳᠡᠭᠡᠷ᠎ᠡ ᠪᠠᠨ ᠦᠢᠯᠡᠰ ᠪᠤᠰᠬᠠᠬᠤ ᠳᠤ ᠰᠡᠳᠬᠢᠯ ᠠᠮᠤᠷ ᠭᠡᠨ᠎ᠡ᠃ | ᠸᠠᠩ ᠯᠢ ᠰᠢᠶᠠ ᠴᠢᠬᠤᠯᠠᠴᠢᠯᠠᠬᠤ ᠳᠠᠭᠠᠨ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢᠨ ᠴᠢᠬᠤᠯᠠ ᠠᠴᠠ ᠴᠢᠬᠤᠯᠠ ᠤᠴᠢᠷ ᠪᠣᠯᠣᠨ᠎ᠠ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠣᠰᠬᠤᠨ ᠤ ᠪᠠᠶᠢᠳᠠᠯ ᠳᠤᠨᠢ | ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠰᠡᠳᠦᠨ ᠲᠥᠯᠥᠪᠯᠡᠵᠦ᠂ ᠨᠠᠷᠢᠨ ᠨᠠᠷᠢᠯᠢᠭ | ᠣᠶᠢᠯᠠᠭᠠᠭᠳᠠᠬᠤᠨ ᠢ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ | ᠨᠠᠷᠢᠯᠢᠭ᠂ ᠤᠷᠳᠤ᠂ ᠬᠦᠴᠦᠷᠬᠡᠭ ᠪᠣᠯᠭᠠᠨ ᠬᠢᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠵᠦ᠂ | ᠬᠦᠮᠦᠰ ᠤᠨ ᠬᠠᠷᠠᠭ᠎ᠠ ᠶᠢ ᠪᠣᠯᠢᠶᠠᠭᠰᠠᠨ ᠰᠢᠨ᠎ᠡ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠴᠡᠭ᠂ ᠬᠥᠳᠡᠭᠡ ᠲᠣᠰᠬᠤᠨ ᠪᠠ ᠵᠢᠭᠤᠯᠴᠢᠯᠠᠯ ᠢ | ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠳᠦᠭᠡᠨ | ᠪᠠᠶᠢᠭᠤᠯᠤᠯᠲᠠ ᠶᠢᠨ ᠡᠭᠦᠷᠭᠡ ᠶᠢ ᠦᠨᠡᠨᠬᠦ ᠰᠠᠶᠢᠲᠤᠷ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠴᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠾᠧ ᠬᠠᠶ ᠳ᠋ᠦᠩ᠂ ᠸᠠᠩ ᠬᠤᠤ ᠯᠸᠢ᠂ ᠡᠤ ᠸᠧᠨ ᠮᠢᠩ᠂ ᠲᠠᠩ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |