ᠮᠠᠨ ᠤ ᠬᠤᠲᠠ ᠶᠢᠨ ᠡᠷᠦᠬᠡ ᠠᠮᠠ ᠶᠢᠨ ᠲᠠᠩᠰᠠ ᠶᠢᠨ ᠲᠦᠷᠢᠮ ᠤᠨ ᠥᠭᠡᠷᠡᠴᠢᠯᠡᠯᠲᠡ ᠳᠤ ᠭᠤᠷᠪᠠᠨ ᠶᠡᠭᠡ ᠬᠢᠯᠠᠰ ᠴᠡᠭ ᠢᠯᠡᠷᠡᠪᠡ
ᠨᠡᠶᠢᠲᠡᠯᠡᠭᠰᠡᠨ ᠴᠠᠭ᠄
2021/6/30
        ᠡᠨᠡ ᠰᠠᠷ᠎ᠠ ᠠᠴᠠ ᠡᠬᠢᠯᠡᠨ᠂ ᠬᠥᠬᠡᠬᠤᠲᠠ ᠨᠢ ᠡᠷᠦᠬᠡ  ᠠᠮᠠ ᠶᠢᠨ  ᠲᠠᠩᠰᠠ ᠶᠢᠨ  ᠲᠦᠷᠢᠮ ᠤᠨ  ᠥᠭᠡᠷᠡᠴᠢᠯᠡᠯᠲᠡ ᠬᠢᠵᠦ᠂ ︽ᠬᠥᠬᠡᠬᠤᠲᠠ ᠶᠢᠨ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠶᠢ ᠴᠢᠨᠠᠬᠰᠢᠳᠠ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠢ  ᠬᠡᠷᠡᠭᠵᠢᠭᠦᠯᠵᠦ᠂ ᠴᠢᠳᠠᠪᠤᠷᠢᠲᠠᠨ ᠤ ᠡᠷᠦᠬᠡ ᠠᠮᠠ ᠣᠷᠣᠭᠤᠯᠬᠤ ᠬᠢᠵᠠᠭᠠᠷᠯᠠᠯ᠂ ᠲᠥᠷᠥᠯ ᠰᠠᠳᠤᠨ ᠤ ᠳᠤ ᠪᠠᠨ ᠡᠷᠦᠬᠡ ᠠᠮᠠ ᠣᠷᠣᠭᠤᠯᠬᠤ ᠨᠥᠬᠦᠴᠡᠯ ᠤᠨ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠪᠠ︔ ᠬᠥᠮᠦᠰ ᠤᠨ ᠡᠷᠦᠬᠡ ᠠᠮᠠ ᠣᠷᠣᠭᠤᠯᠬᠤ ᠨᠥᠬᠦᠴᠡᠯ ᠪᠠ ᠨᠢᠭᠡᠴᠡ ᠶᠢᠨ ᠬᠠᠮᠲᠤ ᠶᠢᠨ ᠡᠷᠦᠬᠡ ᠠᠮᠠ ᠪᠠᠶᠢᠭᠤᠯᠬᠤ ᠨᠥᠬᠦᠴᠡᠯ ᠢ ᠠᠭᠤᠵᠢᠭᠤ ᠪᠣᠯᠭᠠᠪᠠ︔ ᠲᠡᠷᠡᠴᠢᠯᠡᠨ ᠡᠷᠦᠬᠡ ᠠᠮᠠ ᠶᠢᠨ ᠭᠠᠷᠳᠠᠮ ᠭᠦᠢᠴᠡᠳᠬᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠴᠣᠩᠬᠤᠪᠴᠢ ᠦᠢᠯᠡᠴᠢᠯᠡᠭᠡᠨ ᠤ ᠲᠦᠪᠰᠢᠨ ᠢ ᠴᠢᠨᠠᠬᠰᠢᠳᠠ ᠳᠡᠭᠡᠭᠰᠢᠯᠡᠭᠦᠯᠪᠡ᠃ ︽ᠠᠷᠭ᠎ᠠ ᠬᠡᠮᠵᠢᠶ᠎ᠡ︾ ᠲᠠᠢ ᠬᠠᠷᠠᠭᠠᠯᠵᠠᠭᠤᠯᠤᠨ ᠢᠵᠢ ᠪᠥᠷᠢᠳᠦᠭᠰᠡᠨ ᠬᠡᠷᠡᠭᠵᠢᠭᠦᠯᠬᠦ ᠨᠠᠷᠢᠨ ᠲᠦᠷᠢᠮ ᠢ ᠵᠡᠷᠭᠡ ᠪᠠᠷ ᠨᠡᠶᠢᠲᠡᠯᠡᠪᠡ᠃       ︽ᠠᠷᠭ᠎ᠠ ᠬᠡᠮᠵᠢᠶ᠎ᠡ︾ ᠶᠢᠨ ᠠᠭᠤᠯᠭ᠎ᠠ ᠳᠤ᠄ ᠴᠢᠳᠠᠪᠤᠷᠢᠲᠠᠨ ᠤ ᠡᠷᠦᠬᠡ ᠠᠮᠠ ᠣᠷᠣᠭᠤᠯᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠨ᠎ᠠ᠃ ᠴᠢᠳᠠᠪᠤᠷᠢᠲᠠᠨ ᠡᠷᠦᠬᠡ ᠠᠮᠠ ᠣᠷᠣᠭᠤᠯᠬᠤ ᠳᠤ ᠣᠷᠣᠰᠢᠨ ᠰᠠᠭᠤᠬᠤ ᠴᠠᠭ ᠬᠤᠭᠤᠴᠠᠭ᠎ᠠ ᠵᠡᠷᠭᠡ ᠨᠥᠬᠦᠴᠡᠯ ᠳᠤ ᠬᠢᠵᠠᠭᠠᠷᠯᠠᠭᠳᠠᠬᠤ ᠥᠬᠡᠶ︔ ᠴᠢᠳᠠᠪᠤᠷᠢᠲᠠᠨ ᠤ ᠡᠷᠦᠬᠡ ᠠᠮᠠ ᠣᠷᠣᠭᠤᠯᠬᠤ ᠠᠷᠭ᠎ᠠ ᠵᠠᠮ ᠢ ᠥᠷᠭᠡᠳᠬᠡᠵᠦ᠂ ᠬᠠᠮᠲᠤ ᠶᠢᠨ ᠡᠷᠦᠬᠡ ᠠᠮᠠ ᠳᠤ ᠲᠥᠷᠥᠯ ᠰᠠᠳᠤᠨ ᠢᠶᠠᠨ ᠳᠠᠭᠠᠵᠤ ᠨᠡᠭᠦᠵᠦ ᠢᠷᠡᠭᠰᠡᠨ ᠬᠦᠮᠦᠰ ᠢ  ᠤᠷᠤᠭᠤᠯᠬᠤ  ᠥᠬᠡᠶ ᠭᠡᠰᠡᠨ ᠲᠣᠭᠲᠠᠭᠠᠯ ᠢ ᠬᠦᠴᠦᠨ ᠥᠬᠡᠶ ᠪᠣᠯᠭᠠᠵᠤ᠂ ᠲᠤᠰ ᠬᠤᠲᠠ ᠶᠢᠨ ᠬᠢᠨ ᠭᠡᠷ ᠪᠦᠯᠢ ᠶᠢᠨ ᠡᠷᠦᠬᠡ ᠠᠮᠠ ᠳᠤ  ᠤᠷᠤᠭᠤᠯᠬᠤ ᠶᠢ ᠬᠦᠯᠢᠶᠡᠨ ᠠᠪᠬᠤ  ᠪᠠᠶᠢᠳᠠᠯ  ᠳᠣᠣᠷ᠎ᠠ᠂ ᠴᠢᠳᠠᠪᠤᠷᠢᠲᠠᠨ ᠬᠦᠯᠢᠶᠡᠨ ᠠᠪᠤᠭᠴᠢ ᠶᠢᠨ ᠢᠶᠠᠨ ᠭᠡᠷ  ᠪᠦᠯᠢ ᠳᠤ ᠡᠷᠦᠬᠡ ᠠᠮᠠ ᠣᠷᠣᠭᠤᠯᠬᠤ ᠶᠢ ᠵᠥᠪᠰᠢᠶᠡᠷᠡᠨ᠎ᠡ᠃ ᠪᠥᠬᠦ ᠬᠤᠲᠠ ᠶᠢᠨ ᠡᠯ᠎ᠡ ᠡᠷᠦᠬᠡ  ᠠᠮᠠ ᠶᠢᠨ ᠲᠠᠩᠰᠠ ᠶᠢᠨ ᠭᠠᠷᠳᠠᠮ ᠬᠦᠢᠴᠡᠳᠭᠡᠬᠦ ᠴᠣᠩᠬᠤᠪᠴᠢ ᠳᠤ ᠴᠥᠮ ︽ᠰᠠᠭᠠᠳ ᠥᠬᠡᠶ ᠨᠡᠪᠲᠡᠷᠡᠬᠦ ᠵᠠᠮ︾ ᠭᠠᠷᠭᠠᠵᠤ᠂ ᠴᠢᠳᠠᠪᠤᠷᠢᠲᠠᠨ ᠤ ᠡᠷᠦᠬᠡ  ᠠᠮᠠ  ᠣᠷᠣᠭᠤᠯᠬᠤ ᠳᠤ ᠴᠢᠨᠠᠷ ᠰᠠᠶᠢᠲᠠᠶ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ ᠲᠤᠰ ᠠᠷᠭ᠎ᠠ ᠬᠡᠮᠵᠢᠶ᠎ᠡ ᠳᠤ ᠲᠤᠷᠠᠳᠤᠬᠰᠠᠨ ︽ᠴᠢᠳᠠᠪᠤᠷᠢᠲᠠᠨ︾ ᠭᠡᠳᠡᠭ ᠨᠢ᠄ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯᠲᠡᠨ᠂ ᠵᠠᠰᠠᠭ ᠤᠨ ᠣᠷᠳᠣᠨ ᠤ ᠨᠥᠬᠦᠪᠥᠷᠢ ᠬᠥᠷᠳᠡᠵᠦ ᠪᠠᠶᠢᠭ᠎ᠠ ᠬᠥᠮᠦᠰ᠂ ᠠᠰᠫᠢᠷᠠᠨᠲ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠬᠥᠮᠦᠰ᠂ ᠶᠡᠭᠡ ᠲᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠳ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠮᠡᠷᠭᠡᠵᠢᠯ ᠤᠨ ᠠᠵᠢᠯᠴᠢᠨ᠂ ᠰᠢᠶᠠᠨ ᠤ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ᠂ ᠦᠨᠡᠨ ᠶᠣᠰᠣᠨ ᠤ ᠲᠥᠯᠥᠭᠡ ᠡᠷᠡᠯᠬᠡᠭ ᠢᠶᠠᠷ ᠲᠡᠮᠡᠴᠡᠭᠰᠡᠨ ᠲᠡᠷᠢᠭᠦᠨ ᠤ ᠬᠤᠪᠢ ᠬᠥᠮᠦᠨ ᠢ ᠵᠢᠭᠠᠵᠤ ᠪᠠᠶᠢᠨ᠎ᠠ᠃       ᠬᠥᠮᠦᠰ ᠤᠨ  ᠡᠷᠦᠬᠡ  ᠠᠮᠠ  ᠤᠷᠤᠭᠤᠯᠬᠤ  ᠨᠥᠬᠦᠴᠡᠯ ᠢ  ᠠᠭᠤᠵᠢᠭᠤ ᠪᠣᠯᠭᠠᠨ᠎ᠠ᠃ ︽ᠬᠠᠤᠯᠢ ᠶᠣᠰᠣᠨ ᠤ ᠲᠣᠭᠲᠠᠪᠤᠷᠢᠲᠠᠶ ᠤᠷᠤᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠶ ᠠᠵᠢᠯ ᠲᠠᠢ ᠪᠤᠶᠤ  ᠪᠦᠬᠦᠯᠢ  6 ᠰᠠᠷ᠎ᠠ ᠣᠷᠣᠰᠢᠨ ᠰᠠᠭᠤᠬᠤ︾ ᠨᠥᠬᠦᠴᠡᠯ ᠳᠤ ᠨᠡᠶᠢᠴᠡᠬᠦ  ᠬᠥᠮᠦᠨ ᠪᠦᠬᠦᠨ ᠴᠥᠮ ᠬᠤᠲᠠ ᠶᠢᠨ ᠳᠥᠷᠪᠡᠨ  ᠲᠣᠭᠤᠷᠢᠭ᠂ ᠨᠡᠭᠡᠭᠡᠯᠲᠡ ᠶᠢᠨ ᠲᠣᠭᠤᠷᠢᠭ᠂ ᠲᠠᠪᠤᠨ ᠬᠤᠰᠢᠭᠤ ᠰᠢᠶᠠᠨ ᠲᠣᠭᠤᠷᠢᠭ ᠤᠨ ᠵᠠᠰᠠᠬ ᠵᠠᠬᠢᠷᠭᠠᠨ ᠤ  ᠪᠠᠶᠢᠭᠤᠯᠤᠮᠵᠢᠲᠤ  ᠪᠠᠯᠭᠠᠰᠤ ᠳᠤ ᠡᠷᠦᠬᠡ ᠠᠮᠠ ᠤᠷᠤᠭᠤᠯᠬᠤ ᠪᠠᠷ ᠭᠤᠶᠤᠴᠢᠯᠠᠵᠤ ᠪᠣᠯᠤᠨ᠎ᠠ᠃ ᠲᠥᠷᠥᠯ ᠰᠠᠳᠤᠨ ᠤ ᠳᠤ ᠪᠠᠨ ᠡᠷᠦᠬᠡ ᠠᠮᠠ ᠣᠷᠣᠭᠤᠯᠬᠤ  ᠨᠥᠬᠦᠴᠡᠯ ᠤᠨ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ  ᠪᠣᠯᠭᠠᠵᠤ᠂ ᠣᠲᠣ ᠶᠢᠨ ᠬᠡᠷᠡᠭᠵᠢᠭᠦᠯᠵᠦ  ᠪᠠᠶᠢᠭ᠎ᠠ ᠲᠥᠷᠥᠯ ᠰᠠᠳᠤᠨ ᠢᠶᠠᠨ ᠲᠦᠰᠢᠬᠦ ᠪᠠᠷ ᠡᠷᠦᠬᠡ ᠠᠮᠠ ᠤᠷᠤᠭᠤᠯᠬᠤ ᠲᠥᠷᠥ ᠶᠢᠨ ᠪᠣᠳᠣᠯᠭ᠎ᠠ ᠶᠢ  ᠪᠠᠷᠢᠮᠲᠠᠯᠠᠵᠤ᠂ ᠲᠥᠷᠥᠯ  ᠰᠠᠳᠤᠨ ᠢᠶᠠᠨ ᠲᠦᠰᠢᠬᠦ ᠳᠤ ᠪᠣᠳᠠᠲᠠᠶ ᠣᠷᠣᠰᠢᠨ ᠰᠠᠭᠤᠬᠤ ᠨᠥᠬᠦᠴᠡᠯ ᠱᠠᠭᠠᠷᠳᠠᠬᠤ ᠶᠢ ᠬᠦᠴᠦᠨ ᠥᠬᠡᠶ ᠪᠣᠯᠭᠠᠨ᠎ᠠ᠃ ᠨᠢᠭᠡᠴᠡ ᠶᠢᠨ ᠬᠠᠮᠲᠤ ᠶᠢᠨ  ᠡᠷᠦᠬᠡ ᠠᠮᠠ ᠪᠠᠶᠢᠭᠤᠯᠬᠤ ᠨᠥᠬᠦᠴᠡᠯ ᠢ ᠠᠭᠤᠵᠢᠭᠤ ᠪᠣᠯᠭᠠᠨ᠎ᠠ᠃ 15 ᠬᠥᠮᠦᠨ ᠠᠴᠠ ᠳᠡᠭᠡᠭᠰᠢ ᠪᠠᠶᠢᠪᠠᠯ  ᠬᠠᠮᠲᠤ ᠶᠢᠨ  ᠡᠷᠦᠬᠡ ᠠᠮᠠ ᠪᠠᠶᠢᠭᠤᠯᠵᠤ ᠪᠣᠯᠤᠨ᠎ᠠ ᠬᠡᠵᠦ ᠪᠠᠶᠢᠬᠰᠠᠨ ᠢ 5 ᠬᠥᠮᠦᠨ ᠠᠴᠠ ᠳᠡᠭᠡᠭᠰᠢ ᠪᠠᠶᠢᠪᠠᠯ ᠬᠠᠮᠲᠤ ᠶᠢᠨ ᠡᠷᠦᠬᠡ ᠠᠮᠠ ᠪᠠᠶᠢᠭᠤᠯᠵᠤ ᠪᠣᠯᠤᠨ᠎ᠠ ᠬᠡᠵᠦ ᠲᠣᠬᠢᠷᠠᠭᠤᠯᠤᠯᠲᠠ ᠬᠢᠨ᠎ᠡ︔ ᠪᠠᠶᠢᠭᠤᠯᠤᠯᠭ᠎ᠠ᠂  ᠪᠦᠯᠬᠦᠮ᠂ ᠠᠵᠤ  ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠬᠠᠮᠲᠤ ᠶᠢᠨ ᠡᠷᠦᠭᠡ ᠠᠮᠠ ᠪᠠᠶᠢᠭᠤᠯᠵᠤ ᠪᠣᠯᠤᠨ᠎ᠠ ᠬᠡᠵᠦ ᠪᠠᠶᠢᠬᠰᠠᠨ ᠢ  ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠠᠰᠠ ᠬᠠᠮᠲᠤ ᠶᠢᠨ ᠡᠷᠦᠭᠡ ᠠᠮᠠ ᠪᠠᠶᠢᠭᠤᠯᠵᠤ ᠪᠣᠯᠤᠨ᠎ᠠ ᠬᠡᠵᠦ ᠠᠭᠤᠵᠢᠭᠤ ᠲᠠᠯᠪᠢᠨ᠎ᠠ︔ ᠬᠠᠮᠲᠤ ᠶᠢᠨ ᠡᠷᠦᠬᠡ ᠠᠮᠠ ᠳᠤ ᠡᠷᠦᠬᠡ ᠰᠠᠯᠭᠠᠬᠤ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠪᠣᠳᠠᠲᠤ ᠪᠠᠶᠢᠳᠠᠯ ᠪᠣᠯᠤᠨ ᠬᠡᠷᠡᠭᠴᠡᠭᠡ ᠪᠠᠨ ᠦᠨᠳᠦᠰᠦᠯᠡᠨ᠂  ᠠᠵᠢᠯ ᠶᠠᠪᠤᠳᠠᠯ ᠭᠦᠢᠴᠡᠳᠬᠡᠬᠦ ᠳᠤ ᠳᠥᠭᠦᠮ ᠪᠣᠯᠭᠠᠬᠤ ᠪᠠᠷ ᠵᠠᠷᠴᠢᠮ ᠪᠣᠯᠭᠠᠵᠤ᠂ ᠡᠷᠦᠬᠡ ᠠᠮᠠ ᠶᠢᠨ ᠳᠡᠪᠲᠡᠷ ︵ᠤᠤᠯ ᠤᠨ  ᠬᠠᠮᠲᠤ ᠶᠢᠨ ᠡᠷᠦᠬᠡ ᠠᠮᠠ ᠶᠢᠨ ᠬᠠᠭᠤᠳᠠᠰᠤ ᠶᠢ ᠳᠠᠷᠤᠮᠠᠯᠯᠠᠬᠤ᠂ ᠡᠷᠦᠬᠡ  ᠠᠮᠠ ᠶᠢᠨ  ᠳᠡᠪᠲᠡᠷ ᠢ  ᠳᠠᠷᠤᠮᠠᠯᠯᠠᠬᠤ  ᠦᠭᠡᠶ︶ ᠢ ᠠᠰ ᠢᠶᠠᠷ ᠨᠢ ᠳᠠᠷᠤᠮᠠᠯᠯᠠᠵᠤ ᠪᠣᠯᠤᠨ᠎ᠠ᠃ ᠣᠯᠠᠨ ᠶᠠᠩᠵᠤ ᠶᠢᠨ ᠡᠷᠦᠬᠡ ᠠᠮᠠ ᠣᠷᠣᠭᠤᠯᠬᠤ ᠠᠷᠭ᠎ᠠ ᠮᠠᠶ᠋ᠢᠭ ᠢ ᠬᠠᠩᠭᠠᠨ᠎ᠠ᠃ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ ᠪᠣᠯ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠶᠢᠨ ᠭᠠᠵᠠᠷ ᠲᠤᠨᠢ ᠡᠷᠦᠬᠡ ᠠᠮᠠ ᠣᠷᠣᠭᠤᠯᠵᠦ ᠦᠭᠭᠦᠨ᠎ᠡ︔ ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠦᠭᠡᠢ᠂ ᠬᠤᠪᠢ ᠶᠢᠨ ᠭᠡᠷ ᠪᠠᠶᠢᠰᠢᠩ ᠢ ᠲᠦᠷᠢᠶᠡᠰᠦᠯᠡᠨ ᠰᠠᠭᠤᠵᠦ ᠪᠠᠶᠢᠪᠠᠯ᠂ ᠭᠡᠷ ᠤᠨ ᠡᠵᠡᠨ ᠢᠶᠠᠷ ᠨᠢ ᠵᠥᠪᠰᠢᠶᠡᠷᠡᠭᠦᠯᠦᠭᠡᠳ ᠲᠦᠷᠢᠶᠡᠰᠦᠨ ᠭᠡᠷ ᠪᠠᠶᠢᠰᠢᠩ ᠤᠨ ᠬᠠᠶ᠋ᠢᠭ ᠢᠶᠠᠷ ᠡᠷᠤᠭᠡ ᠠᠮᠠ ᠣᠷᠣᠭᠤᠯᠵᠤ ᠪᠣᠯᠤᠨ᠎ᠠ︔ ᠬᠠᠤᠯᠢ ᠶᠣᠰᠣᠨ ᠤ ᠲᠣᠭᠲᠠᠪᠤᠷᠢᠲᠠᠢ  ᠣᠷᠣᠨ  ᠰᠠᠭᠤᠴᠠ ᠦᠭᠡᠢ᠂ ᠬᠤᠪᠢ ᠶᠢᠨ ᠭᠡᠷ ᠪᠠᠶᠢᠰᠢᠩ ᠢ ᠲᠦᠷᠢᠶᠡᠰᠦᠯᠡᠨ ᠰᠠᠭᠤᠵᠤ  ᠪᠠᠶᠢᠭ᠎ᠠ  ᠬᠦᠮᠦᠰ ᠤᠨ ᠡᠷᠦᠭᠡ  ᠠᠮᠠ ᠣᠷᠣᠭᠤᠯᠬᠤ ᠶᠢ ᠭᠡᠷ ᠤᠨ ᠡᠵᠡᠨ ᠨᠢ ᠵᠥᠪᠰᠢᠶᠡᠷᠡᠬᠦ ᠦᠭᠡᠢ ᠳᠤ ᠬᠦᠷᠪᠡᠯ᠂ ᠨᠢᠭᠡᠴᠡ᠂ ᠴᠢᠳᠠᠪᠤᠷᠢᠲᠠᠨ᠂ ᠨᠡᠶᠢᠭᠡᠮ ᠲᠣᠭᠤᠷᠢᠭ ᠤᠨ ᠬᠠᠮᠲᠤ ᠶᠢᠨ ᠡᠷᠦᠭᠡ ᠠᠮᠠ ᠳᠤ ᠡᠷᠦᠭᠡ ᠠᠮᠠ ᠪᠠᠨ ᠣᠷᠣᠭᠤᠯᠵᠤ ᠪᠣᠯᠤᠨ᠎ᠠ᠃ ᠡᠷᠦᠬᠡ ᠠᠮᠠ ᠣᠷᠣᠭᠤᠯᠬᠤ ᠪᠣᠳᠠᠲᠠᠶ ᠶᠠᠪᠤᠴᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠬᠡᠷᠡᠭᠵᠢᠭᠦᠯᠬᠦ ᠨᠠᠷᠢᠨ ᠲᠦᠷᠢᠮ ᠢ ᠲᠣᠳᠣᠷᠬᠠᠶ ᠲᠤᠬᠳᠠᠭᠠᠨ᠎ᠠ ᠬᠡᠪᠡ᠃          ᠣᠶᠢᠯᠠᠭᠠᠭᠰᠠᠨ ᠢᠶᠠᠷ᠂ ᠲᠣᠰ ᠤᠳᠠᠭᠠᠨ ᠤ ᠡᠷᠦᠬᠡ  ᠠᠮᠠ ᠶᠢᠨ ᠲᠠᠩᠰᠠ ᠶᠢᠨ  ᠲᠦᠷᠢᠮ ᠤᠨ  ᠥᠭᠡᠷᠡᠴᠢᠯᠡᠯᠲᠡ ᠳᠤ ᠭᠤᠷᠪᠠᠨ ᠶᠡᠭᠡ ᠬᠢᠯᠠᠰ ᠴᠡᠭ ᠢᠯᠡᠷᠡᠪᠡ᠄ ᠨᠢᠭᠡ ᠳᠤ ᠴᠢᠳᠠᠪᠤᠷᠢᠲᠠᠨ ᠤ ᠡᠷᠦᠬᠡ ᠠᠮᠠ ᠤᠷᠤᠭᠤᠯᠬᠤ ᠬᠢᠵᠠᠭᠠᠷᠯᠠᠯ ᠤᠨ  ᠨᠥᠬᠦᠴᠡᠯ ᠢ ᠪᠥᠬᠦ ᠲᠠᠯ᠎ᠠ ᠪᠠᠷ ᠬᠦᠴᠦᠨ ᠥᠬᠡᠶ ᠪᠤᠯᠭᠠᠪᠠ᠃ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠡᠨᠡ ᠤᠳᠠᠭᠠᠨ ᠤ ᠡᠷᠦᠬᠡ ᠠᠮᠠ ᠶᠢᠨ ᠲᠠᠩᠰᠠ ᠶᠢᠨ  ᠲᠦᠷᠢᠮ ᠤᠨ ᠥᠭᠡᠷᠡᠴᠢᠯᠡᠯᠲᠡ ᠨᠢ ᠬᠠᠤᠯᠢ ᠴᠠᠭᠠᠵᠠ ᠶᠢᠨ ᠵᠥᠪᠰᠢᠶᠡᠷᠡᠬᠦ ᠬᠡᠪᠴᠢᠶᠡᠨ ᠳᠤ ᠴᠢᠳᠠᠪᠤᠷᠢᠲᠠᠨ ᠤ ᠡᠷᠦᠬᠡ ᠠᠮᠠ ᠶᠢᠨ ᠲᠠᠩᠰᠠ ᠤᠷᠤᠭᠤᠯᠬᠤ ᠶᠢ ᠪᠥᠬᠦ ᠲᠠᠯ᠎ᠠ ᠪᠠᠷ ᠴᠢᠯᠥᠭᠡᠲᠡᠶ ᠪᠣᠯᠭᠠᠵᠤ᠂ ᠴᠢᠳᠠᠪᠤᠷᠢᠲᠠᠨ ᠤ ᠡᠷᠦᠬᠡ ᠠᠮᠠ ᠶᠢᠨ ᠲᠠᠩᠰᠠ ᠣᠷᠣᠭᠤᠯᠬᠤ ᠳᠤ ᠬᠠᠷᠰᠢ ᠰᠠᠭᠠᠳ ᠦᠭᠡᠢ ᠪᠤᠯᠭᠠᠪᠠ᠃ ᠬᠥᠮᠦᠰ ᠤᠨ ᠡᠷᠦᠬᠡ  ᠠᠮᠠ ᠤᠷᠤᠭᠤᠯᠬᠤ ᠠᠷᠭ᠎ᠠ ᠵᠠᠮ ᠢ ᠥᠷᠭᠡᠳᠬᠡᠵᠦ᠂ ᠳᠠᠭᠠᠵᠤ ᠨᠡᠭᠦᠬᠦ ᠬᠥᠮᠦᠰ ᠨᠢ ᠴᠢᠳᠠᠪᠤᠷᠢᠲᠠᠨ ᠢ ᠳᠠᠭᠠᠵᠤ  ᠬᠠᠤᠯᠢ  ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠪᠤᠶᠤ ᠭᠥᠯᠢᠶᠡᠨ ᠠᠪᠤᠭᠴᠢ ᠶᠢᠨ ᠬᠡᠷ ᠪᠦᠯᠢ ᠶᠢᠨ ᠡᠷᠦᠬᠡ ᠠᠮᠠ᠂ ᠨᠢᠭᠡᠴᠡ ᠶᠢᠨ ᠬᠠᠮᠲᠤ ᠶᠢᠨ ᠡᠷᠦᠬᠡ ᠠᠮᠠ᠂ ᠴᠢᠳᠠᠪᠤᠷᠢᠲᠠᠨ ᠤ ᠬᠠᠮᠲᠤ ᠶᠢᠨ ᠡᠷᠦᠬᠡ ᠠᠮᠠ᠂ ᠨᠡᠶᠢᠭᠡᠮ ᠲᠣᠭᠤᠷᠢᠭ ᠤᠨ ᠬᠠᠮᠲᠤ ᠶᠢᠨ ᠡᠷᠦᠬᠡ ᠠᠮᠠ ᠳᠤ ᠡᠷᠦᠭᠡ ᠠᠮᠠ ᠪᠠᠨ ᠤᠷᠤᠭᠤᠯᠵᠤ ᠪᠤᠯᠬᠤ ᠪᠤᠯᠵᠠᠢ᠃ ᠬᠤᠶᠠᠷ ᠲᠤ ᠡᠷᠦᠬᠡ ᠠᠮᠠ ᠤᠷᠤᠭᠤᠯᠬᠤ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠨᠢᠭᠡᠴᠡ ᠶᠢᠨ ᠬᠠᠮᠲᠤ ᠶᠢᠨ ᠡᠷᠦᠬᠡ ᠠᠮᠠ ᠪᠠᠶᠢᠭᠤᠯᠬᠤ ᠨᠥᠬᠦᠴᠡᠯ ᠢ ᠲᠤᠷᠤᠬᠰᠢᠯᠠᠭᠤᠯᠪᠠ᠃ 15 ᠬᠥᠮᠦᠨ ᠠᠴᠠ ᠳᠡᠭᠡᠭᠰᠢ ᠪᠠᠶᠢᠪᠠᠯ ᠬᠠᠮᠲᠤ ᠶᠢᠨ ᠡᠷᠦᠬᠡ ᠪᠠᠶᠢᠭᠤᠯᠵᠤ ᠪᠣᠯᠤᠨ᠎ᠠ ᠬᠡᠵᠦ ᠪᠠᠶᠢᠬᠰᠠᠨ ᠢ 5 ᠬᠥᠮᠦᠨ ᠠᠴᠠ ᠳᠡᠭᠡᠭᠰᠢ ᠪᠠᠶᠢᠪᠠᠯ ᠬᠠᠮᠲᠤ ᠶᠢᠨ ᠡᠷᠦᠬᠡ ᠠᠮᠠ  ᠪᠠᠶᠢᠭᠤᠯᠵᠤ ᠪᠣᠯᠤᠨ᠎ᠠ ᠬᠡᠵᠦ ᠲᠤᠬᠢᠷᠠᠭᠤᠯᠤᠯᠳᠠ ᠬᠢᠪᠠ︔ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠨᠢ ᠬᠠᠮᠲᠤ ᠶᠢᠨ ᠡᠷᠦᠭᠡ ᠠᠮᠠ ᠪᠠᠶᠢᠭᠤᠯᠵᠤ ᠪᠣᠯᠤᠨ᠎ᠠ ᠬᠡᠵᠦ ᠪᠠᠶᠢᠬᠰᠠᠨ ᠢ ᠬᠤᠪᠢ ᠶᠢᠨ  ᠦᠢᠯᠡᠳᠪᠦᠷᠢ ᠬᠤᠳᠠᠯᠳᠤᠭᠠᠨ ᠤ ᠡᠷᠦᠭᠡ ᠪᠠᠰᠠ ᠬᠠᠮᠲᠤ ᠶᠢᠨ ᠡᠷᠦᠭᠡ ᠪᠠᠶᠢᠭᠤᠯᠵᠤ ᠪᠣᠯᠤᠨ᠎ᠠ ᠬᠡᠵᠦ ᠠᠭᠤᠵᠢᠭᠤ ᠲᠠᠯᠪᠢᠪᠡ︔ ᠬᠠᠮᠲᠤ ᠶᠢᠨ ᠡᠷᠦᠬᠡ ᠠᠮᠠ ᠳᠤ ᠬᠡᠷᠡᠭᠴᠡᠭᠡ ᠪᠤᠶᠤ ᠪᠣᠳᠠᠲᠤ ᠪᠠᠶᠢᠳᠠᠯ ᠢᠶᠠᠨ ᠦᠨᠳᠦᠰᠦᠯᠡᠨ ᠡᠷᠦᠬᠡ  ᠰᠠᠯᠭᠠᠬᠤ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠬᠦ ᠪᠤᠯᠵᠠᠢ᠃ ᠭᠤᠷᠪᠠ ᠳᠤ ᠴᠣᠩᠬᠤᠪᠴᠢ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠡᠷᠦᠬᠡ ᠠᠮᠠ ᠶᠢᠨ ᠭᠠᠷᠳᠠᠮ ᠭᠦᠢᠴᠡᠳᠬᠡᠬᠦ ᠠᠮᠠᠯᠠᠯᠲᠠ ᠶᠢᠨ ᠳᠦᠷᠢᠮ ᠢ ᠬᠡᠷᠡᠭᠵᠢᠬᠦᠯᠪᠡ᠃ ᠡᠷᠦᠬᠡ ᠠᠮᠠ ᠶᠢᠨ ᠭᠠᠷᠳᠠᠮ ᠬᠦᠢᠴᠡᠳᠭᠡᠬᠦ  ᠴᠠᠭ ᠤᠨ ᠬᠢᠵᠠᠭᠠᠷ ᠢ ᠬᠢᠵᠠᠭᠠᠷᠯᠠᠨ ᠲᠣᠭᠲᠠᠭᠠᠵᠤ᠂ ᠭᠠᠷᠳᠠᠮ ᠬᠦᠢᠴᠡᠳᠭᠡᠬᠦ  ᠶᠠᠪᠤᠴᠠ ᠶᠢ ᠲᠣᠳᠣᠷᠬᠠᠶ ᠲᠤᠬᠳᠠᠭᠠᠵᠤ᠂ ᠡᠷᠦᠬᠡ ᠠᠮᠠ ᠶᠢᠨ ᠴᠣᠩᠬᠤᠪᠴᠢ ᠶᠢᠨ ᠠᠵᠢᠯ ᠤᠨ ᠰᠤᠷᠲᠠᠯ ᠢ ᠳᠡᠭᠡᠭᠰᠢᠯᠡᠭᠦᠯᠦᠨ ᠰᠠᠶᠢᠵᠢᠷᠠᠭᠤᠯᠵᠤ᠂ ᠴᠢᠳᠠᠪᠤᠷᠢᠲᠠᠨ ᠲᠥᠪᠯᠡᠷᠡᠭᠰᠡᠨ ᠭᠠᠵᠠᠷ ᠲᠤ ᠡᠷᠦᠬᠡ ᠠᠮᠠ ᠶᠢᠨ ᠦᠢᠯᠡᠴᠢᠯᠡᠭᠡ ᠶᠢᠨ ᠰᠢᠨ᠎ᠡ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠬᠥᠬᠡᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠴᠢᠨᠠᠬᠰᠢᠳᠠ ᠰᠢᠯᠢᠳᠡᠭᠵᠢᠬᠦᠯᠵᠡᠢ᠃
ᠢᠷᠡᠯᠲᠡ᠄ ᠠᠷᠠᠳ ᠤᠨ ᠰᠥᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ