ᠮᠠᠨ ᠤ ᠬᠤᠲᠠ ᠲᠠᠷᠢᠶᠠᠯᠠᠩ ᠤᠨ ᠬᠡᠷᠡᠭᠰᠡᠯ ᠤᠨ ᠵᠠᠬ᠎ᠠ ᠲᠡᠯᠭᠡᠭᠦᠷ ᠢ ᠤᠯᠠᠮ ᠨᠢᠭᠡ ᠠᠯᠬᠤᠮ ᠵᠢᠷᠤᠮᠵᠢᠭᠤᠯᠪᠠ
ᠨᠡᠶᠢᠲᠡᠯᠡᠭᠰᠡᠨ ᠴᠠᠭ᠄
2021/6/7
      ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠪᠤᠤ ᠨᠠᠷᠠᠨᠲᠤᠶᠠᠭ᠎ᠠ︶ ᠲᠠᠷᠢᠮᠠᠯ ᠤᠨ ᠦᠷ᠎ᠡ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠪᠤᠯᠤᠨ ᠲᠠᠷᠢᠶᠠᠯᠠᠩ ᠤᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠤᠷᠤᠨ ᠤ ᠲᠣᠪᠴᠢᠶ᠎ᠠ ᠨᠢ ᠬᠠᠤᠯᠢ ᠬᠡᠷᠡᠭᠵᠢᠭᠦᠯᠬᠦ ᠠᠵᠢᠯᠳᠠᠨ ᠲᠤᠮᠢᠯᠠᠵᠤ᠂ 4 ᠬᠤᠰᠢᠭᠤ ᠰᠢᠶᠠᠨ ︵ᠲᠣᠭᠤᠷᠢᠭ︶ ᠤ ᠲᠠᠷᠢᠶᠠᠨ ᠦᠷ᠎ᠡ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ 24 ᠡᠭᠦᠳᠡᠨ ᠳᠡᠯᠭᠡᠭᠦᠷ ᠲᠤ ᠴᠠᠭ ᠲᠤᠬᠠᠢ ᠳᠤᠨᠢ ᠰᠤᠭᠤᠴᠢᠨ ᠪᠠᠶᠢᠴᠠᠭᠠᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃      ᠲᠤᠰ ᠤᠳᠠᠭᠠᠨ ᠤ ᠪᠠᠶᠢᠴᠠᠭᠠᠯᠳᠠ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠪᠤᠯᠤᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠦᠯᠳᠡ ᠶᠢᠨ ᠪᠠᠶᠢᠴᠠᠭᠠᠭᠴᠢ ᠶᠢ ᠵᠤᠬᠢᠶᠠᠨ ᠪᠠᠶᠢᠭᠤᠯᠵᠤ᠂ ᠭᠤᠤᠯᠳᠠᠭᠤ ᠲᠠᠷᠢᠶᠠᠨ ᠦᠷ᠎ᠡ ᠶᠢᠨ ᠶᠠᠰᠤ ᠴᠢᠨᠠᠷ᠂ ᠲᠠᠷᠢᠶᠠᠯᠠᠩ ᠤᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ᠂ ᠠᠮᠢᠳᠤ ᠪᠣᠳᠠᠰ ᠤᠨ ᠲᠡᠮᠳᠡᠭ ᠢᠯᠡᠷᠭᠡᠶᠢᠯᠡᠯ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠠᠭᠤᠯᠭ᠎ᠠ ᠶᠢᠨ ᠲᠤᠭᠤᠷᠢᠨ ᠳᠤ ᠬᠢᠨᠠᠨ ᠪᠠᠶᠢᠴᠠᠭᠠᠪᠠ᠃ ᠰᠠᠯᠠᠭ᠎ᠠ ᠮᠥᠴᠢᠷ ᠠᠯᠤᠰᠯᠠᠨ ᠬᠠᠮᠲᠤᠷᠠᠨ ᠠᠵᠢᠯᠯᠠᠬᠤ ᠪᠠᠷ ᠳᠠᠮᠵᠢᠭᠤᠯᠤᠨ᠂ ᠲᠠᠷᠢᠶᠠᠯᠠᠩ ᠤᠨ ᠬᠡᠷᠡᠭᠰᠡᠯ ᠡᠵᠡᠩᠨᠡᠭᠴᠢ ᠶᠢᠨ ᠬᠠᠤᠯᠢ ᠶᠣᠰᠣᠭᠠᠷ ᠡᠵᠡᠩᠨᠡᠯᠳᠡ ᠬᠢᠬᠦ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠳᠬᠠᠵᠤ᠂ ᠥᠷᠭᠡᠨ ᠣᠯᠠᠨ ᠲᠠᠷᠢᠶᠠᠴᠢᠨ ᠤ ᠦᠨᠳᠦᠰᠦᠨ ᠠᠰᠢᠭ ᠲᠤᠰᠠ ᠶᠢ ᠪᠠᠳᠤᠯᠠᠨ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠨᠡᠨ ᠬᠦ ᠬᠠᠮᠠᠭᠠᠯᠠᠵᠤ᠂ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠪᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ