︽ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾  ᠤᠨ ᠲᠠᠶᠢᠯᠤᠮᠵᠢ
ᠨᠡᠶᠢᠲᠡᠯᠡᠭᠰᠡᠨ ᠴᠠᠭ᠄
2021/7/1
      ᠲᠣᠭᠲᠠᠭᠠᠭᠰᠠᠨ ᠠᠬᠤᠢ ᠪᠠᠶᠢᠳᠠᠯ ᠦᠨᠳᠦᠰᠦ ᠪᠠᠷᠢᠮᠲᠠ᠄ 2014 ᠣᠨ ᠤ 9 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠠᠩᠬᠠᠳᠠᠭᠴᠢ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠲᠤᠷᠰᠢᠯᠲᠠ ᠶᠢᠨ ᠮᠤᠵᠢ ᠣᠷᠣᠨ ᠢᠶᠠᠷ ᠲᠣᠭᠲᠠᠭᠠᠪᠠ᠃ ᠵᠢᠷᠭᠤᠭᠠᠨ ᠵᠢᠯ ᠤᠨ ᠲᠤᠷᠰᠢ᠂ ᠮᠠᠨ ᠤ ᠬᠤᠲᠠ ᠡᠭᠦᠨ ᠢᠶᠠᠷ ᠠᠵᠠ ᠲᠣᠬᠢᠶᠠᠯ ᠪᠣᠯᠭᠠᠨ᠂ ᠲᠠᠯᠠᠪᠤᠷ ᠭᠠᠵᠠᠷ ᠢ ᠪᠦᠲᠦᠭᠡᠨ ᠪᠠᠶᠢᠭᠤᠯᠬᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ᠂ ᠰᠤᠷᠭᠠᠭᠴᠢ ᠬᠢᠨᠠᠭᠴᠢ ᠶᠢ ᠪᠣᠯᠪᠠᠰᠤᠷᠠᠭᠤᠯᠬᠤ ᠪᠠ ᠤᠷᠤᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠶᠠᠪᠤᠪᠠ᠃ 2017 ᠣᠨ ᠤ 7 ᠳ᠋ᠤᠭᠠᠷ ᠰᠠᠷ᠎ᠠ ᠳᠤ᠂ ᠮᠠᠨ ᠤ ᠬᠤᠲᠠ ︽︿ᠠᠷᠪᠠᠨ ᠭᠤᠷᠪᠠᠳᠤᠭᠠᠷ ᠲᠠᠪᠤᠨ ᠵᠢᠯ﹀ ᠤᠨ ᠬᠤᠭᠤᠴᠠᠭ᠎ᠠ ᠵᠢᠴᠢ ᠳᠤᠮᠳᠠ ᠣᠷᠳᠣ ᠬᠤᠭᠤᠴᠠᠭᠠᠨ ᠤ ᠬᠥᠯ ᠪᠥᠮᠪᠦᠭᠡ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢ ᠨᠡᠶᠢᠲᠡᠯᠡᠪᠡ᠃ ᠨᠢᠳᠤᠨᠤᠨ ᠠᠴᠠ ᠨᠠᠭᠠᠰᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠤᠷᠢᠳ ᠬᠤᠵᠢᠳ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ︾ ᠪᠠ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ᠂ ᠬᠥᠯ ᠪᠥᠮᠪᠦᠭᠡ ᠶᠢᠨ ᠬᠥᠳᠡᠯᠭᠡᠭᠡᠨ ᠤ ᠥᠭᠡᠷᠡᠴᠢᠯᠡᠯᠲᠡ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠮᠠᠰᠢ ᠣᠯᠠᠨ ᠵᠢᠯᠣᠭᠤᠳᠬᠤ ᠴᠢᠨᠠᠷᠲᠠᠶ ᠰᠠᠨᠠᠯ ᠳᠤᠷᠠᠳᠴᠠᠢ᠃ 2020 ᠣᠨ ᠤ ᠵᠢᠯ ᠤᠨ ᠡᠴᠦᠰ ᠲᠤ᠂ ︽ᠥᠪᠥᠷ ᠮᠣᠩᠭᠤᠯ ᠤᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020 ﹈ 55 ᠳ᠋ᠤᠭᠠᠷ ᠲᠣᠭᠠᠲᠤ︶ ᠢ ᠵᠢᠩᠬᠢᠨᠢ ᠪᠠᠷ ᠨᠡᠶᠢᠲᠡᠯᠡᠪᠡ᠃ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠦᠨᠳᠦᠰᠦᠯᠡᠨ᠂ ᠮᠠᠨ ᠤ ᠬᠤᠲᠠ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠠᠷᠭ᠎ᠠ ᠬᠡᠮᠵᠢᠶ᠎ᠡ ᠠᠪᠤᠪᠠ᠃ ᠮᠠᠨ ᠤ ᠬᠤᠲᠠ ᠶᠢᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠲᠦᠷᠦᠭᠦᠯᠡᠨ  ︽ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾  ︵ᠳᠡᠪᠰᠢᠭᠦᠯᠦᠨ ᠬᠢᠨᠠᠭᠤᠯᠬᠤ ᠨᠣᠤᠷᠠᠭ︶ ᠢ ᠲᠤᠭᠤᠷᠪᠢᠪᠠ᠃      ᠡᠭᠦᠷᠭᠡ ᠬᠠᠷᠠᠯᠲᠠ: ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠤ ᠦᠰᠦᠨ ᠪᠣᠶᠢᠵᠢᠬᠤ ᠵᠠᠮ ᠢ ᠰᠢᠯᠤᠭᠤᠳᠬᠠᠵᠤ᠂ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ᠂ ᠵᠣᠬᠢᠶᠠᠨ ᠪᠠᠶᠢᠭᠤᠯᠤᠨ ᠬᠠᠮᠢᠶᠠᠷᠬᠤ᠂ ᠥᠷᠢᠰᠦᠯᠳᠦᠭᠡᠨ ᠤ ᠰᠢᠰᠲ᠋ᠧᠮᠵᠢ᠂ ᠤᠷᠮᠠᠰᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠮᠥᠨ ᠠᠮᠠ ᠶᠢ ᠦᠷᠭᠦᠯᠵᠢᠯᠡᠨ ᠥᠷᠭᠡᠳᠬᠡᠵᠦ᠂ ᠥᠷᠢᠰᠦᠯᠳᠦᠭᠡᠨ ᠤ ᠬᠢᠷᠢ ᠲᠦᠪᠰᠢᠨ ᠢ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠤᠨ᠂ ᠬᠥᠬᠡᠬᠤᠲᠠ ᠶᠢᠨ ᠪᠣᠳᠠᠲᠠᠢ ᠪᠠᠶᠢᠳᠠᠯ ᠳᠤ ᠨᠡᠶᠢᠴᠡᠭᠰᠡᠨ ᠬᠥᠯ ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ᠃      ᠭᠤᠣᠯ ᠠᠭᠤᠯᠭ᠎ᠠ᠄ ᠨᠢᠭᠡ ᠳᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ ᠦᠷᠭᠦᠯᠵᠢᠯᠡᠨ ᠰᠠᠶᠢᠨ ᠠᠳᠬᠤᠵᠤ᠂ ᠬᠥᠯ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠬᠠᠮᠲᠤ ᠪᠠᠷ ᠬᠠᠮᠢᠶᠠᠷᠬᠤ ᠲᠣᠭᠲᠠᠴᠠ ᠶᠢ ᠭᠦᠨᠵᠡᠭᠡᠶᠢᠷᠡᠭᠦᠯᠵᠦ᠂ ᠡᠮᠡᠭᠲᠡᠢ ᠶᠢᠨ ᠬᠥᠯ ᠪᠥᠮᠪᠦᠭᠡ ᠶᠢᠨ ᠬᠥᠭᠵᠢᠯᠲᠡ ᠶᠢ ᠶᠡᠬᠡᠪᠡᠷ ᠳᠡᠮᠵᠢᠨ᠂ ᠬᠥᠯ ᠪᠥᠮᠪᠦᠭᠡ ᠲᠤ ᠠᠪᠢᠶᠠᠰ ᠲᠠᠢ ᠰᠤᠷᠤᠭᠴᠢ ᠶᠢᠨ ᠦᠰᠦᠨ ᠪᠣᠶᠢᠵᠢᠬᠤ ᠵᠠᠮ ᠢ ᠰᠢᠯᠤᠭᠤᠳᠬᠠᠵᠤ᠂ ᠦᠨᠳᠦᠰᠦᠨ ᠱᠠᠲᠤᠨ ᠤ ᠰᠤᠷᠭᠠᠭᠴᠢ ᠬᠢᠨᠠᠭᠴᠢ ᠶᠢᠨ ᠬᠥᠯᠥᠰᠦ ᠬᠠᠷᠠᠮᠵᠢ ᠶᠢ ᠳᠡᠭᠡᠭᠰᠢᠯᠡᠭᠦᠯᠦᠨ ᠰᠠᠶᠢᠵᠢᠷᠠᠭᠤᠯᠤᠨ᠎ᠠ᠃      ᠬᠤᠶᠠᠷ ᠲᠤ ᠨᠡᠶᠢᠭᠡᠮ ᠤᠨ ᠬᠥᠯ ᠪᠥᠮᠪᠦᠭᠡ ᠶᠢᠨ ᠥᠷᠨᠢᠯ ᠬᠥᠭᠵᠢᠯ ᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠢ ᠪᠦᠬᠦ ᠲᠠᠯ᠎ᠠ ᠪᠠᠷ ᠨᠡᠭᠡᠭᠡᠵᠦ᠂ ᠨᠡᠶᠢᠭᠡᠮ ᠤᠨ ᠬᠥᠯ ᠪᠥᠮᠪᠦᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠥᠯ ᠪᠥᠮᠪᠦᠭᠡ ᠶᠢᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠲᠥᠷᠥᠯ ᠲᠡᠮᠳᠡᠭᠲᠦ ᠤᠷᠤᠯᠳᠤᠭᠠᠨ ᠢ ᠡᠭᠦᠳᠦᠨ᠎ᠡ᠃      ᠭᠤᠷᠪᠠ ᠳᠤ ᠠᠵᠢᠯ ᠲᠥᠷᠥᠯ ᠤᠨ ᠬᠥᠯ ᠪᠥᠮᠪᠦᠭᠡ ᠶᠢᠨ ᠬᠥᠭᠵᠢᠯᠲᠡ ᠶᠢ ᠠᠬᠢᠭᠤᠯᠤᠨ᠎ᠠ᠃      ᠳᠥᠷᠪᠡ ᠳᠤ ᠬᠥᠯ ᠪᠥᠮᠪᠦᠭᠡ ᠶᠢᠨ ᠲᠤᠬᠠᠶᠢᠯᠠᠭᠰᠠᠨ ᠠᠵᠢᠯ ᠡᠷᠬᠢᠯᠡᠬᠦ ᠬᠥᠮᠥᠨ ᠤ ᠡᠩᠨᠡᠭᠡ ᠶᠢ ᠴᠢᠩᠭᠠᠳᠬᠠᠨ᠎ᠠ᠃      ᠲᠠᠪᠤ ᠳᠤ ᠬᠥᠯ ᠪᠥᠮᠪᠦᠭᠡ ᠶᠢᠨ ᠰᠣᠶᠣᠯ ᠢ ᠬᠥᠮᠥᠵᠢᠭᠦᠯᠵᠦ᠂ ᠬᠥᠯ ᠪᠥᠮᠪᠦᠭᠡ ᠶᠢᠨ ᠠᠵᠤ ᠦᠢᠯᠡᠰ ᠢ ᠬᠦᠴᠦᠷᠬᠡᠭᠵᠢᠭᠦᠯᠦᠨ᠎ᠡ᠃      ᠵᠢᠷᠭᠤᠭ᠎ᠠ ᠳᠤ  ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠪᠡᠯᠡ ᠮᠥᠩᠭᠦ ᠶᠢᠨ ᠣᠷᠣᠭᠤᠯᠤᠯᠲᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠪᠠᠲᠤᠯᠠᠵᠤ᠂ ᠰᠢᠮᠳᠠᠭᠤᠯᠤᠨ ᠪᠠᠶᠢᠴᠠᠭᠠᠵᠤ ᠦᠨᠡᠯᠡᠨ ᠰᠢᠯᠭᠠᠬᠤ ᠪᠠᠨ ᠴᠢᠩᠭᠠᠳᠬᠠᠨ᠎ᠠ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ