ᠠᠯᠪᠠᠨ ᠵᠠᠷᠯᠠᠯ
ᠨᠡᠶᠢᠲᠡᠯᠡᠭᠰᠡᠨ ᠴᠠᠭ᠄
2021/7/12
      ᠬᠢᠵᠢᠭ ᠤᠨ ᠪᠠᠶᠢᠳᠠᠯ ᠤᠨ ᠭᠠᠳᠠᠭᠠᠳᠤ ᠠᠴᠠ ᠣᠷᠣᠭᠤᠯᠬᠤ ᠬᠦᠢᠳᠡᠨ ᠬᠡᠯᠬᠢᠶᠡᠲᠦ ᠢᠳᠡᠭᠡᠨ ᠢᠶᠠᠷ ᠳᠡᠮᠵᠢᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠲᠡᠰᠦᠯᠦᠨ ᠬᠤᠷᠢᠭᠯᠠᠵᠤ᠂ ︽ᠬᠥᠮᠦᠨ ᠪᠤᠳᠠᠰ ᠢ ᠬᠠᠮᠲᠤ ᠳᠤᠨᠢ ᠰᠡᠷᠭᠡᠶᠢᠯᠡᠬᠦ︾ ︽ᠭᠠᠳᠠᠭᠠᠳᠤ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠲᠡᠯᠭᠡᠷᠡᠬᠦᠯᠵᠤ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠭᠠᠳᠠᠭᠠᠳᠤ ᠠᠴᠠ ᠣᠷᠣᠭᠤᠯᠬᠤ   ᠬᠦᠢᠲᠡᠨ ᠬᠡᠯᠬᠢᠶᠡᠲᠦ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄       ᠨᠢᠭᠡ       ᠭᠡᠷᠡᠴᠢ ᠪᠠᠷᠢᠮᠲᠠ ᠠᠪᠬᠤ ᠪᠠ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ      ᠬᠥᠬᠡᠬᠤᠲᠠ ᠠᠴᠠ ᠪᠤᠰᠤᠳ ᠭᠠᠵᠠᠷ ᠣᠷᠣᠨ ᠠᠴᠠ  ᠬᠦᠢᠳᠡᠨ ᠬᠡᠯᠬᠢᠶᠡᠲᠦ ᠢᠳᠡᠭᠡᠨ ᠬᠤᠳᠠᠯᠳᠤᠨ ᠣᠷᠣᠭᠤᠯᠤᠭᠰᠠᠨ ᠢᠳᠡᠭᠡᠨ ᠪᠣᠷᠣᠯᠠᠭᠤᠯᠤᠭᠴᠢᠳ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠪᠥᠭᠡᠮ ᠢᠶᠠᠷ ᠣᠷᠣᠭᠤᠯᠬᠤ ᠪᠠᠷᠠᠭ᠎ᠠ ᠶᠢ ᠪᠥᠭᠡᠮ  ᠪᠣᠯᠭᠠᠨ ᠢ ᠪᠠᠶᠢᠴᠠᠭᠠᠨ ᠰᠢᠯᠭᠠᠵᠤ ᠲᠡᠮᠳᠡᠭᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠤᠭᠰᠠᠨ  ᠬᠦᠢᠲᠡᠨ ᠬᠡᠯᠬᠢᠶᠡᠲᠦ ᠢᠳᠡᠭᠡᠨ ᠤ ᠬᠢᠯᠢ ᠪᠠᠷ ᠣᠷᠣᠵᠤ ᠭᠠᠷᠬᠤ ᠶᠢ ᠰᠢᠯᠭᠠᠨ  ᠪᠠᠶᠢᠴᠠᠭᠠᠭᠰᠠᠨ ᠬᠢᠵᠢᠭ ᠪᠠᠶᠢᠴᠠᠭᠠᠭᠰᠠᠨ ᠭᠡᠷᠡᠴᠢ᠂ ᠪᠣᠭᠤᠮᠲᠠ ᠶᠢᠨ ᠪᠣᠭᠤᠮᠲᠠ ᠳᠤ ᠮᠡᠳᠡᠭᠦᠯᠬᠦ ᠬᠠᠭᠤᠳᠠᠰᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠬᠢᠷᠢ ᠲᠡᠩᠴᠡᠭᠰᠡᠨ ᠮᠡᠳᠡᠭᠦᠯᠦᠯᠲᠡ ᠪᠠ ᠠᠷᠢᠭᠤᠳᠬᠠᠭᠰᠠᠨ ᠭᠡᠷᠡᠴᠢ ᠶᠢ ᠠᠪᠬᠤ ᠬᠡᠷᠡᠭᠲᠡᠶ᠃ ᠦᠢᠯᠡᠳᠬᠦᠨ ᠢ ᠬᠥᠬᠡᠬᠤᠲᠠ ᠳᠤ ᠬᠦᠷᠭᠡᠬᠦ ᠠᠴᠠ 24 ᠴᠠᠭ ᠤᠨ ᠡᠮᠦᠨ᠎ᠡ᠂ ᠬᠠᠷᠢᠶ᠎ᠠ ᠭᠠᠵᠠᠷ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠤᠭᠰᠠᠨ  ᠬᠦᠢᠲᠡᠨ ᠬᠡᠯᠬᠢᠶᠡᠲᠦ ᠢᠳᠡᠭᠡᠨ ᠤ  ᠮᠦᠷᠳᠡᠯᠳᠡ ᠶᠢᠨ ᠰᠢᠰᠲ᠋ᠧᠮ ︵ᠸᠢᠴᠠᠲ ᠤᠨ ᠵᠢᠵᠢᠭ ᠫᠷᠤᠭ᠍ᠷᠠᠮ ︽ᠦᠪᠦᠷ ᠮᠤᠩᠭᠤᠯ ᠤᠨ ᠬᠦᠢᠳᠡᠨ  ᠬᠡᠯᠬᠢᠶ᠎ᠡ︾︶ ᠳᠤ ᠲᠡᠮᠳᠡᠭᠯᠡᠨ ᠦᠢᠯᠡᠳᠬᠦᠨ ᠤ ᠮᠡᠳᠡᠭᠡ ᠵᠠᠩᠭᠢ ᠶᠢ ᠮᠡᠳᠡᠭᠦᠯᠦᠨ ᠳᠠᠩᠰᠠᠯᠠᠭᠤᠯᠵᠤ᠂ ᠪᠠᠷᠠᠭ᠎ᠠ ᠶᠢ ᠬᠥᠬᠡᠬᠤᠲᠠ ᠳᠤ ᠬᠦᠷᠭᠡᠭᠰᠡᠨ ᠤ ᠳᠠᠷᠠᠭ᠎ᠠ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠬᠢᠷᠢ ᠲᠡᠩᠴᠡᠭᠰᠡᠨ ᠤ ᠳᠠᠷᠠᠭ᠎ᠠ᠂ ︽ᠦᠪᠦᠷ ᠮᠤᠩᠭᠤᠯ ᠤᠨ ᠬᠦᠢᠲᠡᠨ ᠬᠡᠯᠬᠢᠶ᠎ᠡ︾ ᠶᠢᠨ ᠡᠯᠧᠺᠲᠷᠣᠨ  ᠮᠦᠷᠲᠡᠯᠲᠡ ᠶᠢᠨ ᠺᠣᠳ᠋ ᠣᠯᠭᠤᠪᠠᠯ ᠰᠠᠶ᠋ᠢ ᠪᠣᠷᠣᠯᠠᠭᠤᠯᠵᠤ ᠪᠣᠯᠤᠨ᠎ᠠ᠃ ᠪᠤᠰᠤᠳ ᠬᠥᠯᠳᠡᠭᠡᠵᠦ ᠬᠡᠯᠬᠢᠶᠡᠵᠢᠭᠦᠯᠬᠦ ᠢᠳᠡᠭᠡᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃       ᠬᠤᠶᠠᠷ       ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠪᠣᠷᠣᠯᠠᠭᠤᠯᠭ᠎ᠠ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ       ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ  ᠪᠣᠷᠣᠯᠠᠭᠤᠯᠤᠭᠴᠢᠳ ᠪᠣᠷᠣᠯᠠᠭᠤᠯᠬᠤ ᠳᠠᠭᠠᠨ ᠡᠷᠬᠡᠪᠰᠢ ᠪᠣᠷᠣᠯᠠᠭᠤᠯᠭ᠎ᠠ ᠶᠢᠨ ᠣᠷᠣᠨ ᠪᠦᠰᠡ ᠶᠢᠨ  ᠢᠯᠡ ᠪᠠᠶᠢᠷᠢᠨ ᠳᠤ ︽ᠦᠪᠦᠷ ᠮᠤᠩᠭᠤᠯ ᠤᠨ ᠬᠦᠢᠲᠡᠨ ᠬᠡᠯᠬᠢᠶ᠎ᠡ︾ ᠶᠢᠨ ᠮᠥᠷᠳᠡᠯᠲᠡ ᠶᠢᠨ ᠡᠷᠢᠶᠡᠨ  ᠴᠣᠬᠤᠷ ᠢ ᠲᠣᠳᠣᠷᠬᠠᠶ ᠢᠯᠡᠳᠬᠡᠬᠦ ᠶᠢᠨ ᠬᠠᠮᠲᠤ ᠭᠠᠳᠠᠭᠠᠳᠤ ᠠᠴᠠ ᠣᠷᠣᠭᠤᠯᠤᠭᠰᠠᠨ  ᠬᠦᠢᠲᠡᠨ ᠬᠡᠯᠬᠢᠶᠡᠲᠦ ᠢᠳᠡᠭᠡᠨ ᠢ ᠬᠤᠳᠠᠯᠳᠤᠨ ᠠᠪᠤᠭᠰᠠᠨ ᠬᠡᠷᠡᠭᠯᠡᠭᠴᠢᠳ ᠤᠨ ᠮᠡᠳᠡᠭᠡ ᠵᠠᠩᠭᠢ  ᠶᠢ ᠳᠠᠩᠰᠠᠯᠠᠬᠤ ᠲᠦᠷᠢᠮ ᠢ ᠪᠠᠶᠢᠭᠤᠯᠵᠤ᠂ ᠬᠤᠳᠠᠯᠳᠤᠨ ᠠᠪᠤᠭᠴᠢ ᠶᠢᠨ ᠣᠪᠣᠭ ᠨᠡᠷ᠎ᠡ᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ᠂ ᠪᠦᠯᠦᠭ ᠤᠳᠠᠭ᠎ᠠ᠂ ᠬᠠᠷᠢᠯᠴᠠᠬᠤ ᠤᠲᠠᠰᠤ᠂ ᠬᠠᠶ᠋ᠢᠭ ᠵᠡᠷᠭᠡ ᠮᠡᠳᠡᠭᠡ ᠵᠠᠩᠭᠢ ᠶᠢ ᠨᠠᠷᠢᠨ ᠲᠡᠮᠳᠡᠭᠯᠡᠬᠦ ᠬᠡᠷᠡᠭᠲᠡᠶ᠃       ᠭᠤᠷᠪᠠ       ᠬᠠᠤᠯᠢ ᠲᠣᠭᠲᠠᠭᠠᠯ ᠠᠴᠠ ᠵᠥᠷᠢᠴᠡᠨ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠡᠵᠡᠩᠨᠡᠬᠦ ᠨᠢᠭᠡᠴᠡ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ      ᠬᠤᠯᠪᠤᠭᠳᠠᠯ ᠪᠥᠬᠦᠶ ᠭᠡᠷᠡᠴᠢ ᠪᠠᠷᠢᠮᠲᠠ ᠶᠢ ᠬᠠᠩᠭᠠᠵᠤ ᠳᠡᠶᠢᠯᠬᠦ ᠥᠬᠡᠶ ᠭᠠᠳᠠᠭᠠᠳᠤ ᠠᠴᠠ ᠣᠷᠣᠭᠤᠯᠤᠭᠰᠠᠨ  ᠬᠦᠢᠲᠡᠨ ᠬᠡᠯᠬᠢᠶᠡᠲᠦ ᠢᠳᠡᠭᠡᠨ ᠢ ᠴᠥᠮ ᠪᠢᠲᠡᠭᠦᠮᠵᠢᠯᠡᠨ ᠬᠠᠳᠠᠭᠠᠯᠠᠵᠤ᠂ ᠰᠢᠯᠭᠠᠨ ᠪᠠᠶᠢᠴᠠᠭᠠᠭᠰᠠᠨ ᠤ ᠳᠠᠷᠠᠭ᠎ᠠ ᠲᠣᠭᠲᠠᠭᠠᠯ ᠶᠣᠰᠣᠭᠠᠷ  ᠰᠢᠢᠳᠪᠦᠷᠢᠯᠡᠨ᠎ᠡ᠃ 24 ᠴᠠᠭ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠡᠭᠦᠷᠭᠡ ᠶᠢ ᠥᠯᠥ ᠨᠠᠶᠢᠳᠠᠪᠤᠷᠢᠵᠢᠭᠤᠯᠤᠭᠰᠠᠨ᠂ ︽  ᠦᠪᠦᠷ ᠮᠤᠩᠭᠤᠯ ᠤᠨ ᠬᠦᠢᠲᠡᠨ ᠬᠡᠯᠬᠢᠶ᠎ᠡ︾ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ  ᠮᠦᠷᠳᠡᠯᠲᠡ ᠶᠢᠨ ᠲᠠᠪᠴᠠᠩ ᠢ ᠥᠯᠥ ᠬᠡᠷᠡᠭᠯᠡᠭᠰᠡᠨ᠂ ᠺᠣᠳ᠋ ᠣᠯᠭᠤᠬᠤ ᠥᠬᠡᠶ ᠪᠠᠷ ᠪᠣᠷᠣᠯᠠᠭᠤᠯᠤᠭᠰᠠᠨ᠂ ᠠᠷᠢᠭᠤᠳᠬᠠᠭᠰᠠᠨ ᠭᠡᠷᠡᠴᠢ ᠠᠪᠬᠤ ᠥᠬᠡᠶ ᠵᠢᠴᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠥᠬᠦ ᠲᠠᠯ᠎ᠠ ᠪᠠᠷ ᠠᠷᠢᠭᠤᠳᠬᠠᠬᠤ ᠠᠷᠭ᠎ᠠ ᠬᠡᠮᠵᠢᠶ᠎ᠡ ᠶᠢ ᠥᠯᠥ ᠨᠠᠶᠢᠳᠠᠪᠤᠷᠢᠵᠢᠭᠤᠯᠤᠭᠰᠠᠨ ᠭᠠᠳᠠᠭᠠᠳᠤ ᠠᠴᠠ ᠣᠷᠣᠭᠤᠯᠤᠭᠰᠠᠨ  ᠬᠦᠢᠲᠡᠨ ᠬᠡᠯᠬᠢᠶᠡᠲᠦ ᠢᠳᠡᠭᠡᠨ ᠤ ᠡᠵᠡᠩᠨᠡᠯᠲᠡ ᠶᠢᠨ ᠨᠢᠭᠡᠴᠡ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ  ᠬᠤᠯᠪᠤᠭᠳᠠᠯ  ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠴᠢᠩᠭ᠎ᠠ ᠲᠦᠷᠭᠡᠨ ᠬᠦᠨᠳᠦ ᠪᠠᠷ ᠪᠠᠶᠢᠴᠠᠭᠠᠨ  ᠰᠢᠢᠳᠪᠦᠷᠢᠯᠡᠨ᠎ᠡ᠃                              ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                                                                2021 ᠣᠨ ᠤ 7  ᠳ᠋ᠤᠭᠠᠷ ᠰᠠᠷ᠎ᠠ ᠶᠢᠨ 10 ᠤ ᠡᠳᠦᠷ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ