ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠮᠡᠳᠡᠯᠭᠡ ᠶᠢᠨ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2021/7/12
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠪᠠᠢ ᠰᠡᠴᠡᠨ︶ ᠲᠦᠷᠦᠭᠦᠭᠡᠨ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠲᠤᠷᠠᠨ ᠪᠥᠬᠦ ᠬᠤᠲᠠ ᠶᠢᠨ ︽ᠰᠤᠷᠲᠠᠯ ᠢᠶᠠᠨ ᠬᠤᠪᠢᠷᠠᠭᠤᠯᠵᠤ᠂ ᠣᠷᠴᠢᠨ ᠨᠦᠬᠦᠴᠡᠯ ᠢᠶᠠᠨ ᠰᠢᠯᠢᠳᠡᠭᠵᠢᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠮᠡᠳᠡᠯᠭᠡ ᠶᠢᠨ ᠤᠷᠤᠯᠳᠤᠭᠠᠨ ᠥᠷᠨᠢᠭᠦᠯᠪᠡ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠮᠡᠳᠡᠯᠭᠡ ᠶᠢᠨ ᠤᠷᠤᠯᠳᠤᠭᠠᠨ ᠳᠤ ᠨᠡᠶᠢᠲᠡ 37 ᠳᠤᠭᠤᠶᠢᠯᠠᠩ 130 ᠭᠠᠷᠤᠶ ᠬᠥᠮᠦᠰ ᠣᠷᠣᠯᠴᠠᠵᠠᠶ᠃ ᠤᠷᠤᠯᠳᠤᠭᠠᠨ ᠨᠢ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠢᠶᠠᠷ ᠳᠡᠮᠵᠢᠨ᠂ ᠬᠥᠬᠡᠬᠤᠲᠠ ᠶᠢᠨ ᠡᠳᠦᠷ ᠤᠨ ᠰᠣᠨᠢᠨ ᠤ ᠬᠤᠷᠢᠶ᠎ᠠ᠂ ᠬᠥᠬᠡᠬᠤᠲᠠ ᠶᠢᠨ ᠭᠤᠷᠪᠠᠳᠤᠭᠠᠷ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ 2 ᠨᠢᠭᠡᠴᠢ ᠶᠢ ᠲᠦᠯᠦᠬᠡᠯᠡᠨ ᠣᠷᠣᠯᠴᠠᠭᠰᠠᠨ ᠠᠩᠭᠢ ᠨᠢᠭᠡᠳᠦᠭᠡᠷ ᠳᠡᠰ ᠤᠨ ᠱᠠᠩᠨᠠᠯ ᠭᠥᠷᠳᠡᠪᠡ᠃      ᠲᠣᠰ ᠤᠳᠠᠭᠠᠨ ᠤ ᠤᠷᠤᠯᠳᠤᠭᠠᠨ ᠨᠢ ᠪᠥᠬᠦ ᠬᠤᠲᠠ ᠶᠢᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠮᠡᠳᠡᠯᠭᠡ ᠶᠢ ᠰᠤᠷᠤᠯᠴᠠᠬᠤ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠢ ᠠᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠭᠰᠠᠨ ᠢᠶᠠᠷ ᠪᠠᠷᠠᠬᠤ ᠥᠬᠡᠶ ᠪᠠᠰᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠢ ᠮᠡᠳᠡᠯᠭᠡ ᠶᠢᠨ ᠨᠥᠭᠡᠴᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠩᠭᠠᠳᠬᠠᠨ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ