ᠡᠨᠡ ᠵᠢᠯ ᠥᠪᠥᠷ ᠮᠣᠩᠭᠤᠯ 3700 ᠭᠠᠷᠤᠶ ᠲᠦᠮᠡᠨ ᠮᠥ ᠨᠤᠲᠤᠭ ᠪᠡᠯᠴᠢᠭᠡᠷ ᠢ ᠳᠠᠭᠠᠳᠬᠠᠯ ᠳᠤ ᠣᠷᠣᠭᠤᠯᠬᠤ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2021/7/12
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ 2021 ᠣᠨ ᠳᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠡᠳ᠋ ᠤᠨ ᠵᠠᠰᠠᠭ ᠠᠴᠠ 4000 ᠭᠠᠷᠤᠶ ᠲᠦᠮᠡᠨ ᠲᠥᠭᠦᠷᠢᠭ ᠤᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠪᠠᠯᠠ ᠮᠥᠩᠭᠦ  ᠣᠷᠤᠭᠤᠯᠬᠤ ᠪᠠᠷ ᠲᠦᠯᠦᠪᠯᠡᠨ᠂ 8 ᠠᠶᠢᠮᠠᠭ ᠬᠤᠲᠠ 13 ᠬᠤᠰᠢᠭᠤ ᠰᠢᠶᠠᠨ ᠳᠤ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠬᠢᠵᠦ᠂ ᠲᠤᠷᠰᠢᠯᠲᠠ ᠶᠢᠨ ᠣᠷᠣᠨ ᠪᠦᠰᠡ ᠶᠢᠨ ᠨᠤᠲᠤᠭ ᠪᠡᠯᠴᠢᠭᠡᠷ ᠤᠨ ᠲᠠᠯᠠᠪᠠᠶ 3797.88 ᠲᠦᠮᠡᠨ ᠮᠥ ᠳᠤ ᠬᠦᠷᠬᠦ ᠪᠣᠯᠤᠨ᠎ᠠ ᠭᠡᠵᠦ ᠲᠣᠳᠤᠷᠬᠠᠶᠢᠯᠠᠪᠠ᠃       ᠲᠣᠰ ᠤᠳᠠᠭᠠᠨ ᠤ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠣᠷᠣᠨ ᠪᠦᠰᠡ ᠳᠤ ᠳᠤᠯᠠᠭᠠᠨ ᠴᠢᠨᠠᠷᠲᠠᠶ ᠨᠤᠭᠤ ᠶᠢᠨ ᠨᠤᠲᠤᠭ ᠪᠡᠯᠴᠢᠭᠡᠷ᠂ ᠳᠤᠯᠠᠭᠠᠨ ᠴᠢᠨᠠᠷᠲᠠᠶ ᠨᠡᠶᠢᠲᠡᠯᠢᠭ ᠨᠤᠲᠤᠭ ᠪᠡᠯᠴᠢᠭᠡᠷ ᠪᠠ ᠳᠤᠯᠠᠭᠠᠨ ᠴᠢᠨᠠᠷᠲᠠᠶ  ᠴᠦᠯᠯᠡᠷᠬᠡᠭ ᠨᠤᠲᠤᠭ ᠪᠡᠯᠴᠢᠭᠡᠷ ᠵᠡᠷᠭᠡ ᠭᠤᠷᠪᠠᠨ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢ ᠬᠠᠮᠤᠷᠴᠤ᠂ ᠳᠠᠭᠠᠳᠬᠠᠯ ᠨᠢ ᠭᠠᠩ ᠭᠠᠮᠰᠢᠭ᠂  ᠲᠦᠢᠮᠡᠷ ᠤᠨ ᠭᠠᠮᠰᠢᠭ᠂ ᠡᠪᠡᠳᠴᠢᠨ ᠬᠤᠷᠣᠬᠠᠶ ᠬᠤᠯᠤᠭᠠᠨ᠎ᠠ ᠶᠢᠨ ᠬᠥᠨᠥᠭᠡᠯ ᠪᠠ ᠡᠯᠡᠰᠦᠨ ᠰᠢᠭᠤᠷᠭ᠎ᠠ ᠶᠢᠨ ᠭᠠᠮᠰᠢᠭ ᠢ ᠬᠠᠷᠢᠭᠤᠴᠠᠨ᠎ᠠ᠃ ᠨᠤᠲᠤᠭ  ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠴᠠᠭ ᠬᠤᠭᠤᠴᠠᠭ᠎ᠠ ᠶᠢ ᠠᠩᠬ᠎ᠠ ᠠᠯᠬᠤᠮ 3 ᠵᠢᠯ ᠢᠶᠠᠷ ᠲᠣᠭᠲᠠᠭᠠᠵᠤ᠂ ᠳᠠᠷᠠᠭᠠᠴᠢ ᠪᠠᠷ ᠯᠠᠪᠳᠠᠭᠤᠨ ᠢᠶᠠᠷ ᠳᠡᠯᠭᠡᠷᠡᠭᠦᠯᠵᠦ᠂ ᠨᠤᠲᠤᠭ  ᠪᠡᠯᠴᠢᠭᠡᠷ ᠤᠨ ᠳᠠᠭᠠᠳᠬᠠᠯ ᠟ ᠢ ᠪᠥᠬᠦ ᠣᠷᠣᠨ  ᠳᠤ ᠲᠥᠯᠥᠪᠯᠡᠭᠡ ᠲᠠᠢ᠂ ᠠᠯᠬᠤᠮ ᠲᠠᠷᠠᠭ᠎ᠠ ᠲᠠᠢ ᠨᠠᠶᠢᠳᠠᠪᠤᠷᠢᠵᠢᠭᠤᠯᠵᠤ᠂ ︽ᠠᠮᠢ ᠠᠬᠤᠶ ᠶᠢ ᠰᠠᠶᠢᠵᠢᠷᠠᠭᠤᠯᠬᠤ᠂ ᠨᠤᠲᠤᠭ ᠪᠡᠯᠴᠢᠭᠡᠷ ᠢ ᠬᠠᠮᠠᠭᠠᠯᠠᠬᠤ᠂ ᠮᠠᠯᠴᠢᠳ ᠲᠤ ᠪᠣᠳᠠᠲᠤ ᠠᠰᠢᠭ ᠬᠦᠷᠲᠡᠭᠡᠬᠦ︾  ᠠᠵᠢᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠨᠤᠲᠤᠭ  ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ᠂ ᠨᠤᠲᠤᠭ ᠪᠡᠯᠴᠢᠭᠡᠷ ᠤᠨ  ᠭᠠᠮᠰᠢᠭ ᠢ ᠰᠡᠷᠭᠡᠶᠢᠯᠡᠬᠦ᠂ ᠭᠠᠮᠰᠢᠭ ᠤᠨ ᠳᠠᠷᠠᠭ᠎ᠠ ᠰᠡᠷᠭᠦᠬᠦ ᠶᠢ ᠠᠬᠢᠭᠤᠯᠬᠤ  ᠳᠠᠭᠠᠳᠬᠠᠯ ᠤᠨ ᠪᠠᠲᠤᠯᠠᠭ᠎ᠠ ᠶᠢᠨ  ᠰᠢᠰᠲ᠋ᠧᠮᠵᠢ  ᠶᠢ ᠰᠦᠪᠡᠭᠴᠢᠯᠡᠨ ᠪᠠᠶᠢᠭᠤᠯᠤᠨ᠎ᠠ᠃       ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠡᠬᠢᠯᠡᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠣᠲᠤᠭ ᠪᠡᠯᠴᠢᠭᠡᠷ ᠤᠨ ᠲᠣᠪᠴᠢᠶ᠎ᠠ ᠠᠴᠠ ᠣᠨᠴᠠ ᠵᠠᠷᠢᠮ ᠨᠥᠬᠦᠴᠡᠯ ᠲᠠᠢ ᠬᠤᠰᠢᠭᠤ ᠰᠢᠶᠠᠨ ᠪᠣᠯᠤᠨ ᠳᠠᠭᠠᠳᠬᠠᠯ ᠤᠨ ᠪᠠᠶᠢᠭᠤᠯᠤᠮᠵᠢ ᠶᠢ ᠵᠣᠬᠢᠴᠠᠭᠤᠯᠤᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠪᠠ᠃ 2020 ᠣᠨ ᠤ 10  ᠳ᠋ᠤᠭᠠᠷ ᠰᠠᠷ᠎ᠠ ᠳᠤ᠂ ᠪᠥᠬᠦ ᠤᠯᠤᠰ ᠤᠨ ᠠᠩᠬᠠᠳᠠᠭᠴᠢ ᠡᠳ᠋ ᠤᠨ ᠵᠠᠰᠠᠭ ᠤᠨ ᠨᠥᠬᠦᠪᠥᠷᠢ ᠥᠭᠬᠦ ᠬᠡᠯᠪᠡᠷᠢ ᠶᠢᠨ  ᠪᠠᠶᠢᠭᠠᠯᠢᠯᠢᠭ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠳᠤ ᠨᠠᠶᠢᠳᠠᠪᠤᠷᠢᠵᠢᠭᠤᠯᠪᠠ᠂ ᠲᠣᠰ ᠬᠤᠰᠢᠭᠤᠨ ᠤ  ᠬᠦᠭᠡᠴᠦ ᠰᠣᠮᠤᠨ ᠤ ᠪᠠᠯ ᠠᠭᠤᠯᠠ ᠭᠠᠴᠠᠭᠠᠨ ᠤ 70 ᠭᠠᠷᠤᠶ ᠡᠷᠦᠬᠡ ᠶᠢᠨ ᠮᠠᠯᠴᠢᠳ ᠤᠨ 100 ᠭᠠᠷᠤᠶ ᠲᠦᠮᠡᠨ ᠮᠥ ᠨᠤᠲᠤᠭ ᠪᠡᠯᠴᠢᠭᠡᠷ ᠭᠠᠩ ᠬᠠᠭᠰᠠᠷᠠᠭᠠᠨ᠂ ᠡᠪᠡᠳᠴᠢᠨ ᠬᠤᠷᠣᠬᠠᠶ ᠬᠤᠯᠤᠭᠠᠨ᠎ᠠ ᠶᠢᠨ ᠬᠥᠨᠥᠭᠡᠯ᠂ ᠡᠯᠡᠰᠦᠨ ᠰᠢᠭᠤᠷᠭ᠎ᠠ ᠪᠠ ᠲᠦᠢᠮᠡᠷ ᠤᠨ ᠭᠠᠮᠰᠢᠭ ᠤᠨ ᠳᠠᠭᠠᠳᠬᠠᠯ ᠵᠡᠷᠭᠡ ᠠᠶᠤᠯ ᠲᠦᠭᠰᠢᠭᠦᠷᠢ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠭᠥᠷᠳᠡᠪᠡ᠃ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠣᠷᠳᠣᠰ ᠬᠤᠲᠠ ᠶᠢᠨ ᠬᠠᠩᠭᠢᠨ ᠬᠤᠰᠢᠭᠤ ᠴᠤ ᠭᠡᠷ᠎ᠡ ᠲᠣᠭᠲᠠᠵᠤ ᠳᠠᠭᠠᠳᠬᠠᠯ ᠳᠤ ᠣᠷᠣᠯᠴᠠᠵᠠᠶ᠃ ︵ᠰᠤᠷᠪᠤᠯᠵᠢᠯᠠᠭᠴᠢ ᠡᠾᠦ᠋ᠸᠧ ᠰᠢᠶᠤᠤ ᠴᠢᠩ︶
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ