ᠮᠣᠩᠭᠤᠯ ᠬᠡᠯᠡᠨ ᠤ ︽1921︾ ᠺᠢᠨᠣ᠋ ᠦᠵᠡᠭᠴᠢᠳ ᠲᠠᠢ ᠵᠣᠯᠭᠠᠯ᠎ᠠ
ᠨᠡᠶᠢᠲᠡᠯᠡᠭᠰᠡᠨ ᠴᠠᠭ᠄
2021/7/12
      ᠣᠶᠢᠷ᠎ᠠ ᠳᠤ᠂  ᠮᠣᠩᠭᠤᠯ ᠣᠷᠴᠢᠭᠤᠯᠭ᠎ᠠ ᠶᠢᠨ ︽1921︾ ᠺᠢᠨᠣ᠋ ᠶᠢᠨ ᠨᠡᠭᠡᠭᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃       ᠭᠤᠣᠯ ᠬᠦᠭ ᠠᠶᠠᠰ ᠤᠨ ᠺᠢᠨᠣ᠋ ᠪᠣᠯᠬᠤ ︽1921︾ ᠳᠤ ᠠᠩᠬᠠᠨ ᠤ ᠪᠦᠯᠦᠭ ᠳᠤᠮᠳᠠᠳᠤ ᠤᠯᠤᠰ ᠤᠨ ᠡᠪ ᠬᠠᠮᠲᠤᠴᠤᠳ ᠬᠦᠴᠢᠷ ᠪᠡᠷᠬᠡᠰᠢᠶᠡᠯ ᠲᠠᠢ ᠣᠨ ᠰᠠᠷ᠎ᠠ ᠳᠤ ᠮᠥᠬᠦᠯ ᠠᠴᠠ ᠠᠪᠤᠷᠠᠨ ᠣᠷᠣᠰᠢᠨ ᠲᠣᠭᠲᠠᠨᠢᠬᠤ ᠬᠦᠨᠳᠦ ᠡᠭᠦᠷᠭᠡ ᠶᠢ ᠡᠭᠦᠷᠭᠡᠯᠡᠵᠦ᠂ ᠳᠤᠮᠳᠠᠳᠤ ᠤᠯᠤᠰ ᠤᠨ ᠬᠤᠪᠢᠰᠬᠠᠯ ᠤᠨ ᠢᠷᠡᠭᠡᠳᠦᠢ ᠶᠢ  ᠴᠤ᠋ ᠰᠢᠨ᠎ᠡ ᠪᠠᠶᠢᠳᠠᠯ ᠲᠠᠢ ᠪᠣᠯᠭᠠᠭᠰᠠᠨ ᠠᠮᠢᠳᠤᠯᠢᠭ ᠦᠯᠢᠭᠡᠷ ᠢ ᠶᠠᠷᠢᠪᠠ᠃       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠬᠢᠵᠢᠬᠦᠯᠵᠦ᠂ ᠥᠷᠭᠡᠨ ᠣᠯᠠᠨ ᠮᠣᠩᠭᠤᠯ ᠦᠨᠳᠦᠰᠦᠲᠡᠨ ᠤ ᠦᠵᠡᠭᠴᠢᠳ ᠲᠤ ᠭᠤᠣᠯ ᠬᠥᠭ ᠠᠶᠠᠰ ᠤᠨ ᠺᠢᠨᠣ᠋ ᠶᠢᠨ ᠬᠢᠵᠠᠭᠠᠯᠠᠰᠢ ᠦᠭᠡᠶ ᠷᠢᠳᠢ ᠰᠢᠳᠢ ᠶᠢ ᠬᠠᠮᠲᠤ ᠳᠤᠨᠢ ᠮᠡᠳᠡᠷᠡᠭᠦᠯᠵᠦ᠂ ᠵᠠᠭᠤᠨ ᠵᠢᠯ ᠤᠨ ᠣᠢ ᠶᠢᠨ ᠪᠠᠶᠠᠷ ᠤᠨ ᠶᠣᠰᠣᠯᠠᠯ ᠤᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠤᠰᠠᠳᠠ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ ᠳᠤ ᠬᠠᠷᠢᠶᠠᠯᠠᠭᠳᠠᠬᠤ ᠥᠪᠥᠷ ᠮᠣᠩᠭᠤᠯ ᠤᠨ ᠦᠨᠳᠦᠰᠦᠲᠡᠨ ᠤ ᠬᠡᠯᠡᠨ ᠤ ᠺᠢᠨᠣ᠋ ᠶᠢᠨ ᠣᠷᠴᠢᠭᠤᠯᠤᠨ ᠦᠢᠯᠡᠳᠬᠦ ᠲᠥᠪ ᠤᠨ ᠬᠢᠨ ᠨᠢᠮᠪᠠᠢ ᠲᠦᠯᠦᠪᠯᠡᠵᠦ᠂  ᠺᠢᠨᠤ᠋ ᠶᠢ ᠬᠦᠯᠢᠶᠡᠵᠦ ᠠᠪᠬᠤ ᠠᠴᠠ ᠺᠢᠨᠣ᠋ ᠭᠠᠷᠭᠠᠬᠤ ᠬᠦᠷᠲᠡᠯ᠎ᠡ᠂ 10 ᠡᠳᠦᠷ ᠤᠨ ᠳᠣᠲᠣᠷ᠎ᠠ ︽1921︾ ᠺᠢᠨᠤ᠋ ᠶᠢᠨ ᠮᠣᠩᠭᠤᠯ ᠬᠡᠯᠡ ᠪᠠᠷ ᠣᠷᠴᠢᠭᠤᠯᠵᠤ ᠦᠢᠯᠡᠳᠬᠦ ᠶᠢ ᠴᠢᠨᠠᠷ ᠰᠠᠶᠢᠲᠠᠢ ᠪᠡᠶᠡᠯᠡᠭᠦᠯᠵᠦ᠂ ᠮᠣᠩᠭᠤᠯ ᠦᠨᠳᠦᠰᠦᠲᠡᠨ ᠤ ᠦᠵᠡᠭᠴᠢᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠬᠦᠴᠢᠷ ᠪᠡᠷᠬᠡᠰᠢᠶᠡᠯ ᠢ ᠲᠤᠭᠤᠯᠤᠭᠰᠠᠨ ᠲᠡᠮᠡᠴᠡᠯ ᠤᠨ ᠲᠡᠦᠬᠡ ᠶᠢ ᠨᠡᠩ ᠣᠨᠣᠪᠴᠢᠲᠠᠢ᠂ ᠨᠡᠩ ᠭᠦᠨᠵᠡᠭᠡᠢ ᠤᠢᠢᠯᠠᠭᠠᠭᠤᠯᠵᠤ᠂ ᠬᠤᠪᠢᠰᠬᠠᠯ ᠤᠨ ᠭᠧᠨ ᠢ ᠨᠡᠩ ᠰᠠᠶᠢᠲᠤᠷ ᠤᠯᠠᠮᠵᠢᠯᠠᠵᠤ᠂ ᠤᠶᠤᠨ ᠰᠠᠨᠠᠭᠠᠨ ᠤ ᠬᠦᠴᠦᠨ ᠢ ᠨᠡᠩ ᠰᠠᠶᠢᠲᠤᠷ ᠬᠦᠷᠲᠡᠭᠡᠵᠡᠢ᠃       ᠣᠶᠢᠯᠠᠭᠠᠭᠰᠠᠨ ᠢᠶᠠᠷ᠂ ᠣᠳᠣᠬᠠᠨ ᠳᠤ ᠨᠡᠶᠢᠲᠡ 2 ᠺᠢᠨᠤ᠋ ᠲᠢᠶᠠᠲᠷ ᠤᠨ ᠴᠦᠷᠬᠡ᠂ 50 ᠺᠢᠨᠣ᠋ ᠶᠢᠨ ᠣᠷᠳᠣᠨ  ᠮᠣᠩᠭᠤᠯ ᠣᠷᠴᠢᠭᠤᠯᠭ᠎ᠠ ᠶᠢᠨ ︽1921︾ ᠺᠢᠨᠣ᠋ ᠶᠢ ᠬᠠᠭᠤᠯᠪᠤᠷᠢᠯᠠᠨ ᠠᠪᠴᠤ᠂ ᠣᠷᠣᠨ ᠤ ᠳᠣᠲᠣᠷᠠᠬᠢ 11 ᠠᠶᠢᠮᠠᠭ ᠬᠤᠲᠠ ᠵᠢᠴᠢ 2 ᠲᠤᠰᠠᠭᠠᠷ ᠲᠥᠯᠥᠪᠯᠡᠭᠡᠲᠦ ᠬᠤᠲᠠ  ᠶᠢᠨ ᠺᠢᠨᠣ᠋ ᠲᠢᠶᠠᠲᠷ ᠤᠨ ᠬᠢᠨ ᠦᠵᠡᠭᠦᠯᠦᠯᠭᠡ ᠲᠣᠬᠢᠷᠠᠭᠤᠯᠤᠭᠰᠠᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ