ᠬᠥᠬᠡᠬᠤᠲᠠ ᠶᠢᠨ ᠬᠡᠰᠡᠭ ᠪᠠᠭ᠎ᠠ ᠰᠤᠷᠭᠠᠭᠤᠯᠢ ᠶᠢᠨ ᠬᠤᠪᠢᠶᠠᠷᠢᠯᠠᠯᠲᠠ ᠳᠤ ᠰᠢᠨ᠎ᠡ ᠬᠤᠪᠢᠷᠠᠯᠲᠠ ᠲᠠᠢ ᠪᠣᠯᠪᠠ
ᠨᠡᠶᠢᠲᠡᠯᠡᠭᠰᠡᠨ ᠴᠠᠭ᠄
2021/7/13
      ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠲᠦᠷᠦᠭᠦᠬᠡᠨ 2021 ᠣᠨ ᠤ ᠬᠥᠬᠡᠬᠤᠲᠠ ᠶᠢᠨ ᠳᠥᠷᠪᠡᠨ ᠲᠣᠭᠤᠷᠢᠭ ᠤᠨ ᠪᠠᠭ᠎ᠠ ᠰᠤᠷᠭᠠᠭᠤᠯᠢ ᠶᠢᠨ  ᠬᠤᠪᠢᠶᠠᠷᠢᠯᠠᠯᠲᠠ ᠶᠢᠨ ᠬᠡᠪᠴᠢᠶ᠎ᠡ ᠶᠢ ᠨᠡᠶᠢᠲᠡᠯᠡᠪᠡ᠃ ᠡᠨᠡ ᠵᠢᠯ᠂ ᠬᠤᠲᠠ ᠶᠢᠨ ᠳᠥᠷᠪᠡᠨ ᠲᠣᠭᠤᠷᠢᠭ ᠲᠤ ᠨᠢᠭᠡ ᠪᠦᠯᠦᠭ ᠪᠠᠭ᠎ᠠ ᠰᠤᠷᠭᠠᠭᠤᠯᠢ ᠰᠢᠨ᠎ᠡ ᠪᠠᠷ ᠨᠡᠮᠡᠭᠳᠡᠵᠦ᠂ ᠬᠡᠰᠡᠭ ᠪᠠᠭ᠎ᠠ ᠰᠤᠷᠭᠠᠭᠤᠯᠢ ᠶᠢᠨ ᠬᠤᠪᠢᠶᠠᠷᠢᠯᠠᠯᠲᠠ ᠶᠢᠨ ᠬᠡᠪᠴᠢᠶᠡᠨ ᠳᠤ ᠬᠤᠪᠢᠷᠠᠯᠲᠠ ᠭᠠᠷᠴᠠᠶ᠃       ᠡᠨᠡ ᠵᠢᠯ᠂ ᠰᠠᠶᠢᠬᠠᠨ ᠲᠣᠭᠤᠷᠢᠭ ᠲᠤ ᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠪᠣᠯᠤᠨ ᠡᠮᠦᠨ᠎ᠡ ᠡᠭᠦᠳᠡᠨ ᠤ ᠭᠠᠳᠠᠨᠠᠬᠢ ᠪᠠᠭ᠎ᠠ ᠰᠤᠷᠭᠠᠭᠤᠯᠢ ᠶᠢᠨ ᠬᠤᠶᠠᠳᠤᠭᠠᠷ ᠬᠤᠪᠢᠶᠠᠷᠢ ᠰᠤᠷᠭᠠᠭᠤᠯᠢ ᠰᠢᠨ᠎ᠡ ᠪᠠᠷ ᠨᠡᠮᠡᠭᠳᠡᠵᠡᠢ᠃ ᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠤᠨ ᠬᠤᠪᠢᠶᠠᠷᠢᠯᠠᠯᠲᠠ ᠶᠢᠨ ᠬᠡᠪᠴᠢᠶ᠎ᠡ ᠳᠤ᠄ ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠡᠪᠴᠢᠶᠡᠨ ᠳᠠᠬᠢ ᠪᠣᠶ ᠪᠥᠬᠦᠶ ᠮᠣᠩᠭᠤᠯ ᠬᠡᠯᠡ ᠰᠤᠷᠬᠤ ᠬᠦᠰᠡᠯ ᠲᠠᠢ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠴᠥᠮ ᠰᠤᠷᠭᠠᠭᠤᠯᠢ ᠳᠤ ᠣᠷᠣᠬᠤ ᠪᠠᠷ ᠭᠤᠶᠤᠴᠢᠯᠠᠵᠤ ᠪᠣᠯᠤᠨ᠎ᠠ︔ ᠶᠢᠨ ᠯᠦᠩ ᠵᠠᠮ ᠠᠴᠠ ᠵᠡᠭᠦᠨᠰᠢ᠂ ᠶᠢᠨ ᠾᠧ ᠡᠮᠦᠨ᠎ᠡ ᠵᠡᠭᠡᠯᠢ — ᠣᠷᠳᠣᠰ ᠵᠡᠭᠦᠨ ᠵᠡᠭᠡᠯᠢ ᠠᠴᠠ ᠡᠮᠦᠨᠡᠰᠢ᠂ ᠬᠤᠷᠴᠢᠨ ᠬᠤᠷᠳᠤᠨ ᠤ ᠵᠠᠮ ᠠᠴᠠ ᠪᠠᠷᠠᠭᠤᠨᠰᠢ᠂ ᠾᠦᠢ ᠮᠢᠨ ᠵᠡᠭᠡᠯᠢ — ᠷᠠᠰᠢᠶᠠᠨ ᠵᠠᠮ — ᠪᠦᠦ ᠴᠢᠤᠸᠠᠨ ᠵᠡᠭᠡᠯᠢ ᠠᠴᠠ ᠬᠤᠶᠢᠰᠢ᠂ ᠪᠦᠦ ᠴᠢᠤᠸᠠᠨ ᠵᠤᠸᠠᠩ ᠤᠨ ᠰᠠᠭᠤᠭᠠᠯᠢ ᠠᠷᠠᠳ ᠤᠨ ᠡᠷᠦᠬᠡ ︵ᠲᠣᠰ ᠬᠡᠰᠡᠭ ᠣᠷᠣᠨ ᠤ ᠬᠢᠨ ᠪᠠᠰᠠ ᠲᠧᠩ ᠹᠸᠢ ᠵᠠᠮ ᠤᠨ ᠪᠠᠭ᠎ᠠ ᠰᠤᠷᠭᠠᠭᠤᠯᠢ ᠶᠢ ᠰᠣᠩᠭᠤᠵᠤ ᠪᠣᠯᠤᠨ᠎ᠠ︶︔ ᠶᠢᠨ ᠯᠦᠩ ᠵᠠᠮ ᠠᠴᠠ ᠵᠡᠭᠦᠨᠰᠢ᠂ ᠾᠦᠢ ᠮᠢᠨ ᠵᠡᠭᠡᠯᠢ — ᠷᠠᠰᠢᠶᠠᠨ ᠵᠠᠮ — ᠪᠦᠦ ᠴᠢᠤᠸᠠᠨ ᠵᠡᠭᠡᠯᠢ ᠠᠴᠠ ᠡᠮᠦᠨᠡᠰᠢ᠂ ᠬᠤᠷᠴᠢᠨ ᠬᠤᠷᠳᠤᠨ ᠤ ᠵᠠᠮ ᠠᠴᠠ ᠪᠠᠷᠠᠭᠤᠨᠰᠢ᠂ ᠹᠦ᠋ ᠯᠢ ᠴᠧᠩ᠂ ᠶᠦᠨ ᠵᠥᠩ ᠱᠧᠩ ᠵᠢᠩ᠂ ᠪᠠᠶᠠᠨ ᠪᠠᠭᠰᠢ᠂ ᠮᠢᠨ ᠹᠦ᠋ ᠵᠢᠶᠠᠩ ᠶᠤᠸᠠᠨ᠂ ᠢᠦᠶ ᠯᠠᠨ ᠲᠢᠶᠠᠨ ᠴᠧᠨ᠂ ᠶᠢᠨ ᠲᠠᠢ ᠷᠦᠩ ᠴᠧᠩ ᠣᠷᠣᠨ ᠰᠠᠭᠤᠴᠠ ᠶᠢᠨ ᠬᠤᠷᠢᠶᠠᠯᠠᠯ᠃       ᠡᠮᠦᠨ᠎ᠡ ᠡᠭᠦᠳᠡᠨ ᠤ ᠭᠠᠳᠠᠨᠠᠬᠢ ᠪᠠᠭ᠎ᠠ ᠰᠤᠷᠭᠠᠭᠤᠯᠢ ᠶᠢᠨ ᠬᠤᠶᠠᠳᠤᠭᠠᠷ ᠬᠤᠪᠢᠶᠠᠷᠢ ᠰᠤᠷᠭᠠᠭᠤᠯᠢ ᠶᠢᠨ ᠬᠤᠪᠢᠶᠠᠷᠢᠯᠠᠯᠲᠠ ᠶᠢᠨ ᠬᠡᠪᠴᠢᠶ᠎ᠡ ᠳᠤ᠄  ᠰᠢᠯᠢᠨ ᠡᠮᠦᠨ᠎ᠡ ᠵᠠᠮ ᠠᠴᠠ ᠵᠡᠭᠦᠨᠰᠢ ︵ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ︶᠂ ᠡᠮᠦᠨ᠎ᠡ ᠬᠤᠶᠠᠳᠤᠭᠠᠷ ᠲᠣᠭᠤᠷᠢᠯ ᠵᠠᠮ ᠠᠴᠠ ᠡᠮᠦᠨᠡᠰᠢ᠂ ᠵᠤᠤ ᠤᠳᠠ ᠵᠠᠮ ︵ᠵᠢᠨᠴᠢᠶᠤᠤ ᠵᠠᠮ︶ ᠠᠴᠠ ᠪᠠᠷᠠᠭᠤᠨᠰᠢ᠂ ᠰᠠᠶᠢᠬᠠᠨ ᠵᠡᠭᠦᠨ ᠵᠡᠭᠡᠯᠢ   — ᠪᠤᠭᠤᠲᠤ ᠶᠡᠭᠡ ᠵᠡᠭᠡᠯᠢ ᠠᠴᠠ ᠬᠤᠶᠢᠰᠢ ︵ᠲᠤᠰ ᠬᠡᠰᠡᠭ ᠤᠨ ᠰᠤᠷᠬᠤ ᠨᠠᠰᠤᠨ ᠤ ᠬᠡᠦᠬᠡᠳ ᠪᠠᠰᠠ ᠰᠢᠯᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠳᠤ ᠰᠤᠷᠭᠠᠭᠤᠯᠢ ᠳᠤ ᠣᠷᠣᠬᠤ ᠪᠠᠷ ᠭᠤᠶᠤᠴᠢᠯᠠᠵᠤ ᠪᠣᠯᠤᠨ᠎ᠠ︶ ᠪᠠᠭᠲᠠᠨ᠎ᠠ᠃ ᠰᠢᠯᠢ ᠶᠢᠨ ᠡᠮᠦᠨ᠎ᠡ ᠵᠠᠮ ᠠᠴᠠ ᠵᠡᠭᠦᠨᠰᠢ ︵ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ︶᠂ ᠰᠠᠶᠢᠬᠠᠨ ᠵᠡᠭᠦᠨ ᠵᠡᠭᠡᠯᠢ  — ᠪᠤᠭᠤᠲᠤ ᠶᠡᠭᠡ ᠵᠡᠭᠡᠯᠢ ᠠᠴᠠ ᠡᠮᠦᠨᠡᠰᠢ᠂ ᠵᠣᠣ ᠤᠳᠠ ᠵᠠᠮ ᠠᠴᠠ ᠪᠠᠷᠠᠭᠤᠨᠰᠢ᠂ ᠶᠢᠨ ᠾᠧ ᠬᠤᠶᠢᠲᠤ ᠵᠡᠭᠡᠯᠢ ᠠᠴᠠ ᠬᠤᠶᠢᠰᠢ᠃      ᠡᠨᠡ ᠵᠢᠯ᠂ ᠳ᠋ᠦᠩ ᠹᠧᠩ ᠵᠠᠮ ᠤᠨ ᠪᠠᠭ᠎ᠠ ᠰᠤᠷᠭᠠᠭᠤᠯᠢ ᠪᠣᠯᠤᠨ ᠴᠡᠯᠡᠭᠡᠷ ᠲᠠᠯ᠎ᠠ ᠶᠢᠨ ᠢᠯᠢ ᠳ᠋ᠢ ᠪᠠᠭ᠎ᠠ ᠰᠤᠷᠭᠠᠭᠤᠯᠢ ᠶᠢᠨ ᠤᠯᠠᠭᠠᠨ ᠰᠤᠷᠭᠠᠭᠤᠯᠢ ᠶᠢᠨ ᠲᠣᠭᠤᠷᠢᠭ  ᠬᠠᠮᠲᠤᠷᠠᠨ ᠬᠡᠰᠡᠭ ᠬᠤᠪᠢᠶᠠᠵᠤ᠂ ᠳ᠋ᠦᠩ ᠹᠧᠩ ᠵᠠᠮ ᠤᠨ ᠪᠠᠭ᠎ᠠ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠳᠤ ᠣᠷᠣᠬᠤ ᠰᠤᠷᠬᠤ ᠨᠠᠰᠤᠨ ᠤ ᠬᠡᠤᠬᠡᠳ ᠴᠡᠯᠡᠭᠡᠷ ᠲᠠᠯ᠎ᠠ ᠶᠢᠨ ᠯᠢᠥᠢ ᠳ᠋ᠢ ᠪᠠᠭ᠎ᠠ ᠰᠤᠷᠭᠠᠭᠤᠯᠢ ᠶᠢᠨ ᠤᠯᠠᠭᠠᠨ ᠰᠤᠷᠭᠠᠭᠤᠯᠢ ᠶᠢᠨ ᠲᠣᠭᠤᠷᠢᠭ ᠪᠤᠶᠤ ᠳ᠋ᠦᠩ ᠹᠧᠩ ᠵᠠᠮ ᠤᠨ ᠪᠠᠭ᠎ᠠ ᠰᠤᠷᠭᠠᠭᠤᠯᠢ  ᠳᠤ ᠮᠠᠲ᠋ᠧᠷᠢᠶᠠᠯ ᠢᠶᠠᠨ ᠬᠢᠨᠠᠭᠤᠯᠵᠤ ᠪᠣᠯᠤᠨ᠎ᠠ᠃ ᠬᠤᠪᠢᠶᠠᠷᠢᠯᠠᠯᠲᠠ ᠶᠢᠨ ᠬᠡᠪᠴᠢᠶ᠎ᠡ ᠳᠤ ᠳ᠋ᠦᠩ ᠶᠢᠩ ᠡᠮᠦᠨ᠎ᠡ ᠵᠠᠮ ᠠᠴᠠ ᠵᠡᠭᠦᠨᠰᠢ᠂ ᠰᠢᠨᠬᠤᠸᠠ ᠵᠡᠭᠦᠨ ᠵᠡᠭᠡᠯᠢ ᠠᠴᠠ ᠡᠮᠦᠨᠡᠰᠢ᠂  ᠭᠧᠩ ᠵᠸᠦ ᠵᠠᠮ ᠠᠴᠠ ᠪᠠᠷᠠᠭᠤᠨᠰᠢ᠂ ᠲᠤᠭ᠎ᠠ ᠪᠦᠷᠢᠳᠬᠡᠯ ᠤᠨ ᠲᠣᠪᠴᠢᠶ᠎ᠠ ᠵᠡᠭᠡᠯᠢ ᠵᠢᠴᠢ ᠵᠡᠭᠦᠨᠰᠢ ᠤᠷᠲᠤᠳᠬᠠᠭᠰᠠᠨ ᠱᠤᠭᠤᠮ ᠠᠴᠠ ᠬᠤᠶᠢᠰᠢ ᠵᠡᠷᠭᠡ ᠪᠠᠭᠲᠠᠨ᠎ᠠ᠃ ᠦᠵᠡᠰᠬᠦᠯᠡᠩ ᠤᠨ ᠣᠷᠳᠣᠨ ᠤ ᠵᠡᠭᠦᠨ ᠵᠠᠮ ᠠᠴᠠ ᠵᠡᠭᠦᠨᠰᠢ᠂ ᠬᠤᠸᠠ ᠯᠢ ᠭᠤᠳᠤᠮᠵᠢ ᠠᠴᠠ ᠡᠮᠦᠨᠡᠰᠢ᠂  ᠹᠧᠩ ᠵᠧᠤ ᠵᠠᠮ ᠠᠴᠠ ᠪᠠᠷᠠᠭᠤᠨᠰᠢ᠂ ᠲᠤᠭ᠎ᠠ ᠪᠦᠷᠢᠳᠬᠡᠯ ᠤᠨ ᠲᠣᠪᠴᠢᠶᠠᠨ ᠤ ᠵᠡᠭᠡᠯᠢ ᠶᠢᠨ ᠤᠷᠲᠤᠳᠬᠠᠭᠰᠠᠨ ᠱᠤᠭᠤᠮ ᠠᠴᠠ ᠬᠤᠶᠢᠰᠢ᠃       ᠰᠠᠶᠢᠬᠠᠨ ᠲᠣᠭᠤᠷᠢᠭ ᠤᠨ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠬᠤᠪᠢᠶᠠᠷᠢᠯᠠᠯᠲᠠ ᠶᠢᠨ ᠬᠡᠪᠴᠢᠶ᠎ᠡ ᠳᠤ᠄ ᠲᠧᠩ ᠹᠸᠢ ᠵᠠᠮ ᠠᠴᠠ ᠵᠡᠭᠦᠨᠰᠢ᠂ ᠰᠢᠨᠬᠤᠸᠠ ᠶᠡᠭᠡ ᠵᠡᠭᠡᠯᠢ ᠶᠢᠨ ᠨᠢᠰᠬᠡᠯ ᠤᠨ ᠪᠠᠭᠤᠳᠠᠯ ᠵᠠᠮ ᠠᠴᠠ ᠡᠮᠦᠨ᠎ᠡ᠂ ᠷᠦ ᠢ  ᠡᠾᠧ ᠶᠡᠭᠡ ᠵᠡᠭᠡᠯᠢ ᠠᠴᠠ ᠬᠤᠶᠢᠰᠢ︔ ᠸᠠᠨ ᠲᠦᠩ ᠵᠠᠮ ᠠᠴᠠ ᠵᠡᠭᠦᠨᠰᠢ᠂ ᠷᠦ᠋ ᠢ ᠶᠡᠭᠡ ᠵᠡᠭᠡᠯᠢ ᠠᠴᠠ ᠡᠮᠦᠨᠡᠰᠢ᠂ ᠬᠤᠷᠴᠢᠨ ᠬᠤᠷᠳᠤᠨ ᠤ ᠵᠠᠮ ᠠᠴᠠ ᠪᠠᠷᠠᠭᠤᠨᠰᠢ᠂ ᠡᠮᠦᠨ᠎ᠡ ᠬᠤᠷᠳᠤᠨ ᠤ ᠵᠠᠮ ᠠᠴᠠ ᠬᠤᠶᠢᠰᠢ᠃ 2022 ᠣᠨ ᠠᠴᠠ ᠡᠬᠢᠯᠡᠨ᠂ ᠬᠤᠶᠢᠲᠤ  ᠪᠤᠲᠠᠴᠢ ᠲᠣᠰᠬᠤᠨ ᠤ ᠦᠶᠡᠷ ᠵᠠᠯᠠᠬᠤ ᠰᠤᠪᠠᠭ ᠠᠴᠠ ᠵᠡᠭᠦᠨᠰᠢ ᠪᠠᠨ ᠵᠠᠭᠠᠭ ᠪᠣᠯᠭᠠᠵᠤ᠂ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠬᠡᠪᠴᠢᠶᠡᠨ ᠳᠤ ᠪᠠᠭᠲᠠᠬᠤ ᠦᠭᠡᠢ᠃      ᠡᠨᠡ ᠵᠢᠯ᠂ ᠰᠢᠨ᠎ᠡ ᠬᠤᠲᠠ ᠲᠣᠭᠤᠷᠢᠭ ᠲᠤ ᠠᠯᠪᠠᠨ ᠠᠴᠠ ᠡᠷᠭᠢᠯᠡᠭᠰᠡᠨ ᠪᠠᠭ᠎ᠠ ᠰᠤᠷᠭᠠᠭᠤᠯᠢ ᠰᠢᠨ᠎ᠡ ᠪᠠᠷ ᠨᠡᠮᠡᠭᠳᠡᠭᠰᠡᠨ ᠥᠬᠡᠶ᠃  ᠲᠣᠰᠬᠤ ᠪᠠᠭ᠎ᠠ ᠰᠤᠷᠭᠠᠭᠤᠯᠢ᠂  ᠪᠣᠷᠤᠬᠤᠰᠢᠭᠤ ᠭᠤᠤᠯ ᠰᠤᠷᠭᠠᠭᠤᠯᠢ ᠡᠷᠬᠢᠨ ᠲᠣᠭᠤᠷᠢᠨ ᠤ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠢ ᠭᠥᠯᠢᠶᠡᠨ ᠠᠪᠴᠤ ᠰᠤᠷᠭᠠᠭᠤᠯᠢ ᠳᠤ  ᠣᠷᠤᠭᠤᠯᠤᠨ᠎ᠠ᠃ ᠳᠣᠣᠷᠠᠬᠢ ᠰᠠᠭᠤᠭᠠᠯᠢ ᠠᠷᠠᠳ ᠤᠨ ᠬᠤᠷᠢᠶᠠᠯᠠᠯ 2021ᠣᠨ ᠳᠤ ᠬᠠᠷᠠᠭᠠᠯᠵᠠᠭᠰᠠᠨ ᠰᠤᠷᠭᠠᠭᠤᠯᠢ ᠶᠢᠨ ᠲᠣᠭᠤᠷᠢᠭ ᠲᠤ ᠬᠠᠷᠢᠶᠠᠯᠠᠭᠳᠠᠨ᠎ᠠ᠂ 2022 ᠣᠨ ᠳᠤ ᠰᠤᠷᠤᠭᠴᠢ ᠡᠯᠰᠡᠬᠦ ᠬᠡᠪᠴᠢᠶᠡᠨ ᠳᠤ ᠲᠣᠬᠢᠷᠠᠭᠤᠯᠤᠯᠲᠠ ᠬᠢᠨ᠎ᠡ᠄  ᠰᠦᠩ ᠵᠢᠶᠠᠩ ᠴᠧᠩ ᠂ ᠳ᠋ᠦᠩ ᠾᠧ ᠬᠦᠷᠢᠶᠡᠨ ᠤ ᠬᠦᠷᠢᠶ᠎ᠡ ᠨᠢ ᠳ᠋ᠢᠩ ᠰᠢᠶᠠᠩ ᠯᠦ ᠪᠠᠭ᠎ᠠ ᠰᠤᠷᠭᠠᠭᠤᠯᠢ ᠶᠢᠨ ᠲᠣᠭᠤᠷᠢᠭ ᠲᠤ ᠬᠠᠷᠢᠶᠠᠯᠠᠭᠳᠠᠨ᠎ᠠ᠃ ᠲᠡᠮᠦᠵᠢᠨ ᠬᠤᠷᠢᠶᠠᠯᠠᠯ᠂ ᠲᠦᠩ ᠡᡁᠧ  ᠬᠤᠷᠢᠶᠠᠯᠠᠯ᠂ ᠱᠧᠩ ᠱᠢ  ᠮᠢᠩ ᠵᠸᠦ᠂ ᠬᠦᠢ ᠶᠤᠸᠠᠨ ᠬᠤᠷᠢᠶᠠᠯᠠᠯ᠂  ᠰᠢᠨ ᠴᠧᠩ ᠵᠢᠶᠠᠩ ᠶᠤᠸᠠᠨ ᠱᠠᠨ ᠱᠦᠢ ᠪᠠᠭ᠎ᠠ ᠰᠤᠷᠭᠠᠭᠤᠯᠢ ᠶᠢᠨ  ᠬᠤᠪᠢᠶᠠᠷᠢᠯᠠᠯᠲᠠ ᠳᠤ ᠬᠠᠷᠢᠶᠠᠯᠠᠭᠳᠠᠨ᠎ᠠ ︔ ᠵᠢᠶᠠ ᠵᠸᠦ ᠬᠤᠸᠠ ᠹᠦ᠋᠂ ᠽᠧ ᠰᠢᠨ  ᠵᠢᠶᠠ ᠵᠧᠤ  ᠣᠷᠤᠨ ᠰᠠᠭᠤᠴᠠ᠂ ᠱᠠᠩ ᠳ᠋ᠦᠩ ᠱᠦ ᠨᠢ ᠮᠢᠩ ᠳ᠋ᠦ᠋ ᠪᠠᠭ᠎ᠠ ᠰᠤᠷᠭᠠᠭᠤᠯᠢ ᠶᠢᠨ  ᠬᠤᠪᠢᠶᠠᠷᠢᠯᠠᠯᠲᠠ ᠳᠤ ᠬᠠᠷᠢᠶᠠᠯᠠᠭᠳᠠᠨ᠎ᠠ᠃       ᠲᠠᠨᠢᠯᠴᠠᠭᠤᠯᠤᠭᠰᠠᠨ ᠢᠶᠠᠷ᠂ 2020 ᠣᠨ ᠳᠤ ᠬᠥᠬᠡᠬᠤᠲᠠ ᠶᠢᠨ ᠬᠢᠨ ᠰᠣᠷᠣᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠰᠢᠯᠢᠨ ᠡᠮᠦᠨ᠎ᠡ ᠵᠠᠮ ᠢᠶᠠᠷ ᠵᠠᠭᠠᠭ ᠪᠣᠯᠭᠠᠵᠤ᠂ ᠰᠠᠶᠢᠬᠠᠨ ᠲᠣᠭᠤᠷᠢᠭ ᠪᠠ  ᠢᠥᠢ ᠴᠢᠤᠸᠠᠨ ᠲᠣᠭᠤᠷᠢᠭ ᠠᠴᠠ ᠲᠣᠰ‌‍ᠲ᠋ᠣᠰ ᠰᠣᠷᠣᠭᠴᠢ ᠡᠯᠰᠡᠵᠦ᠂ ᠣᠶᠢᠷ᠎ᠠ ᠬᠠᠪᠢ ᠶᠢᠨ ᠰᠤᠷᠤᠭᠴᠢᠳ ᠢ ᠬᠤᠪᠢᠶᠠᠷᠢᠯᠠᠨ ᠰᠤᠷᠭᠠᠭᠤᠯᠢ ᠳᠤ ᠣᠷᠣᠭᠤᠯᠬᠤ ᠬᠡᠯᠪᠡᠷᠢ ᠶᠢ ᠠᠪᠤᠭᠰᠠᠨ ᠪᠠᠶᠢᠨ᠎ᠠ᠃ ᠭᠡᠪᠡᠴᠦ ᠲᠤᠰ ᠲᠣᠭᠤᠷᠢᠭ  ᠲᠤ ᠰᠠᠭᠤᠭᠠᠯᠢ ᠠᠷᠠᠳ ᠤᠨ  ᠬᠤᠷᠢᠶᠠᠯᠠᠯ  ᠬᠠᠷᠢᠴᠠᠩᠭᠤᠢ ᠲᠥᠪᠯᠡᠷᠡᠵᠦ᠂ ᠰᠤᠷᠭᠠᠭᠤᠯᠢ ᠳᠤ ᠣᠷᠣᠬᠤ ᠳᠠᠷᠤᠯᠲᠠ ᠨᠡᠯᠢᠶᠡᠳ ᠶᠡᠭᠡ ᠪᠠᠶᠢᠬᠤ ᠶᠢᠨ ᠳᠡᠭᠡᠷ᠎ᠡ ᠰᠠᠶᠢᠬᠠᠨ ᠲᠣᠭᠤᠷᠢᠭ ᠤᠨ ᠬᠡᠪᠴᠢᠶᠡᠨ ᠳᠤ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠳᠡᠪᠰᠢᠬᠦ ᠳᠤ ᠨᠢᠭᠡ ᠵᠢᠯ ᠤᠷᠢᠳᠴᠢᠯᠠᠨ ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠬᠦᠯᠪᠡ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠤᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠪᠠᠶᠢᠯᠭᠠᠬᠤ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠬᠢᠨ ᠢᠷᠡᠬᠦ ᠵᠢᠯ ᠠᠴᠠ ᠡᠬᠢᠯᠡᠨ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠤᠨ ᠬᠤᠪᠢᠶᠠᠷᠢᠯᠠᠯᠲᠠ ᠳᠤ ᠡᠷᠦᠬᠡ ᠠᠮᠠ ᠣᠷᠤᠭᠠᠳ ᠪᠦᠬᠦᠯᠢ ᠨᠢᠭᠡ ᠵᠢᠯ ᠪᠣᠯᠬᠤ ᠱᠠᠭᠠᠷᠳᠠᠯᠭ᠎ᠠ ᠶᠢ ᠬᠡᠷᠡᠭᠵᠢᠭᠦᠯᠬᠦ ᠪᠣᠯᠤᠨ᠎ᠠ᠂ ᠡᠨᠡ ᠬᠦ ᠲᠥᠷᠥ ᠶᠢᠨ ᠪᠣᠳᠣᠯᠭ᠎ᠠ ᠶᠢ ᠢᠷᠡᠬᠦ ᠵᠢᠯ ᠠᠴᠠ ᠡᠬᠢᠯᠡᠵᠦ ᠬᠡᠷᠡᠭᠵᠢᠭᠦᠯᠦᠨ᠎ᠡ᠃      ᠢᠥᠢ ᠴᠢᠤᠸᠠᠨ ᠲᠣᠭᠤᠷᠢᠭ ᠤᠨ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠳᠡᠪᠰᠢᠬᠦ ᠲᠥᠷᠥ ᠶᠢᠨ ᠪᠣᠳᠣᠯᠭ᠎ᠠ ᠶᠢᠨ ᠡᠨᠡᠬᠦ ᠬᠤᠪᠢᠷᠠᠯᠲᠠ ᠨᠢ ᠵᠥᠪᠬᠡᠨ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠲᠤ ᠴᠢᠭᠯᠡᠭᠦᠯᠦᠭᠰᠡᠨ ᠶᠤᠮ᠂ ᠪᠤᠰᠤᠳ ᠪᠠᠭ᠎ᠠ ᠰᠤᠷᠭᠠᠭᠤᠯᠢ ᠰᠤᠷᠤᠭᠴᠢ ᠡᠯᠰᠡᠬᠦ ᠳᠡᠭᠡᠨ ᠮᠥᠨ ᠬᠦ ᠲᠤᠰ ᠵᠢᠯ ᠤᠨ 5 ᠳ᠋ᠤᠭᠠᠷ  ᠰᠠᠷ᠎ᠠ ᠶᠢᠨ 31 ᠤ ᠡᠳᠦᠷ ᠠᠴᠠ ᠡᠮᠦᠨ᠎ᠡ ᠡᠷᠦᠬᠡ ᠠᠮᠠ ᠣᠷᠣᠭᠤᠯᠬᠤ ᠱᠠᠭᠠᠷᠳᠠᠯᠭ᠎ᠠ ᠶᠢ ᠬᠡᠷᠡᠭᠵᠢᠬᠦᠯᠦᠨ᠎ᠡ᠃      ᠡᠨᠡ ᠵᠢᠯ᠂ ᠬᠤᠳᠤᠩ ᠠᠷᠠᠳ ᠤᠨ ᠲᠣᠭᠤᠷᠢᠭ ᠲᠤ ᠰᠣᠷᠣᠭᠴᠢ ᠡᠯᠰᠡᠬᠦ ᠠᠯᠪᠠᠨ ᠠᠴᠠ ᠡᠷᠭᠢᠯᠡᠭᠰᠡᠨ ᠪᠠᠭ᠎ᠠ ᠰᠤᠷᠭᠠᠭᠤᠯᠢ ᠰᠢᠨ᠎ᠡ ᠪᠠᠷ ᠨᠡᠮᠡᠭᠳᠡᠭᠰᠡᠨ ᠥᠬᠡᠶ᠂  ᠬᠤᠳᠤᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠮᠠᠲ᠋ᠧᠷᠢᠶᠠᠯ ᠢ ᠬᠢᠨᠠᠨ ᠬᠠᠷᠭᠤᠭᠤᠯᠵᠤ ᠳᠠᠭᠤᠰᠤᠭᠰᠠᠨ ᠤ ᠳᠠᠷᠠᠭ᠎ᠠ᠂ ᠰᠤᠷᠤᠭᠴᠢ  ᠡᠯᠰᠡᠬᠦ ᠣᠷᠤᠨ ᠲᠤᠭ᠎ᠠ ᠶᠢ ᠦᠨᠳᠦᠰᠦᠯᠡᠨ ᠣᠯᠠᠨ ᠰᠤᠷᠭᠠᠭᠤᠯᠢ  ᠶᠢᠨ ᠬᠤᠪᠢᠶᠠᠷᠢᠯᠠᠯᠲᠠ ᠶᠢᠨ ᠬᠡᠪᠴᠢᠶ᠎ᠡ ᠶᠢ ᠨᠡᠶᠢᠲᠡᠯᠡᠨ᠎ᠡ᠃      ᠪᠣᠳᠠᠲᠠᠶ ᠬᠤᠪᠢᠶᠠᠷᠢᠯᠠᠯᠲᠠ ᠶᠢᠨ ᠨᠠᠷᠢᠨ ᠪᠠᠶᠢᠳᠠᠯ ᠢ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠭᠠᠷᠭᠠᠵᠤ ᠦᠵᠡᠭᠡᠷᠡᠶ᠃ ︵ᠰᠤᠷᠪᠤᠯᠵᠢᠯᠠᠭᠴᠢ ᠭᠤᠤ ᠶᠢᠨ ᠯᠢᠩ︶
ᠢᠷᠡᠯᠲᠡ᠄ ᠲᠥᠪ ᠤᠨ ᠷᠠᠳᠢᠤ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ