ᠬᠥᠬᠡᠬᠤᠲᠠ ᠳᠠᠬᠢ ᠪᠡᠭᠡᠵᠢᠩ ᠤᠨ ᠲᠤᠰᠬᠠᠶ ᠮᠡᠷᠭᠡᠵᠢᠯᠲᠡᠨ ᠬᠠᠷᠰᠢᠮᠠᠲᠠᠭᠠᠶ ᠴᠢᠨᠠᠷᠲᠠᠶ ᠡᠪᠡᠳᠴᠢᠨ  ᠤ  ᠠᠰᠠᠭᠤᠳᠠᠯ ᠢ ᠰᠢᠢᠳᠪᠦᠷᠢᠯᠡᠬᠦ ᠳᠤ ᠣᠷᠤᠯᠴᠠᠵᠤ ᠪᠠᠶᠢᠨ᠎ᠠ
ᠨᠡᠶᠢᠲᠡᠯᠡᠭᠰᠡᠨ ᠴᠠᠭ᠄
2021/7/13
      ᠣᠶᠢᠷ᠎ᠠ ᠳᠤ᠂ ᠰᠤᠷᠪᠤᠯᠵᠢᠯᠠᠭᠴᠢ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠲᠤᠰ ᠬᠤᠲᠠ ᠶᠢᠨ ᠬᠢᠨ ᠨᠡᠶᠢᠰᠯᠡᠯ ᠪᠡᠭᠡᠵᠢᠩ ᠤᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠤᠯᠤᠰ ᠤᠨ ᠭᠤᠣᠯᠳᠠᠯᠭ᠎ᠠ ᠲᠠᠢ ᠡᠮᠴᠢᠯᠡᠭᠡᠨ ᠤ ᠲᠤᠰᠬᠠᠶ ᠮᠡᠷᠭᠡᠵᠢᠯ ᠤᠨ ᠨᠢᠭᠡᠴᠡ — ᠨᠡᠶᠢᠰᠯᠡᠯ ᠤᠨ  ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠱᠢ ᠵᠢᠢ ᠲᠠᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠬᠠᠷᠰᠢᠮᠠᠲᠠᠭᠠᠶ ᠴᠢᠨᠠᠷᠲᠠᠶ ᠡᠪᠡᠳᠴᠢᠨ ᠤ ᠴᠡᠴᠡᠭ ᠤᠨ ᠲᠣᠭᠤᠰᠣ ᠶᠢ ᠬᠢᠨᠠᠨ ᠬᠡᠮᠵᠢᠬᠦ᠂ ᠤᠷᠭᠤᠮᠠᠯ ᠤᠨ ᠬᠤᠴᠢᠯᠭ᠎ᠠ ᠶᠢ ᠪᠠᠶᠢᠴᠠᠭᠠᠨ ᠰᠤᠳᠤᠯᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠪᠠ ᠡᠪᠡᠳᠴᠢᠲᠡᠨ ᠤ ᠡᠷᠡᠭᠦᠯ ᠮᠡᠨᠳᠦ ᠶᠢᠨ ᠬᠥᠮᠦᠵᠢᠯ ᠤᠨ ︽ᠲᠠᠪᠤ ᠶᠢ ᠨᠢᠭᠡ ᠴᠤᠭᠴᠠᠵᠢᠭᠤᠯᠤᠭᠰᠠᠨ︾ ᠬᠠᠷᠰᠢᠮᠠᠲᠠᠭᠠᠶ ᠴᠢᠨᠠᠷᠲᠠᠶ ᠡᠪᠡᠳᠴᠢᠨ ᠢ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠲᠣᠰ ᠬᠤᠲᠠ ᠶᠢᠨ ᠬᠠᠷᠰᠢᠮᠠᠲᠠᠭᠠᠶ ᠴᠢᠨᠠᠷᠲᠠᠶ ᠡᠪᠡᠳᠴᠢᠨ ᠳᠤ ᠨᠡᠷᠪᠡᠭᠳᠡᠭᠰᠡᠨ ᠵᠠᠭᠤᠨ ᠲᠦᠮᠡ ᠰᠢᠬᠠᠮ ᠣᠯᠠᠨ ᠲᠦᠮᠡᠨ ᠤ ᠵᠣᠪᠠᠭᠤᠷᠢ ᠵᠦᠳᠡᠭᠦᠷᠢ ᠶᠢ ᠬᠦᠩᠭᠡᠷᠡᠭᠦᠯᠬᠦ ᠪᠠᠷ ᠴᠢᠷᠮᠠᠶᠢᠵᠤ ᠪᠠᠶᠢᠨ᠎ᠠ ᠃       ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠳᠤ ᠭᠠᠵᠢᠮᠠᠯ ︵ᠬᠠᠷᠰᠢᠮᠠᠲᠠᠭᠠᠶ︶  ᠣᠷᠪᠠᠯ ᠤᠨ ᠲᠥᠪ ᠪᠠᠶᠢᠭᠤᠯᠵᠤ᠂ 9 ᠬᠤᠰᠢᠭᠤ ᠰᠢᠶᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠳᠤ ᠭᠠᠵᠢᠮᠠᠯ ︵ᠬᠠᠷᠰᠢᠮᠠᠲᠠᠭᠠᠶ︶ ᠤᠷᠪᠠᠯ ᠤᠨ ᠰᠠᠯᠠᠭ᠎ᠠ ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠥᠪ ᠪᠠ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠠᠵᠢᠮᠠᠯ ︵ᠬᠠᠷᠰᠢᠮᠠᠲᠠᠭᠠᠶ︶ ᠤᠷᠪᠠᠯ ᠤᠨ ᠡᠭᠦᠳᠡᠨ ᠡᠮᠨᠡᠯᠭᠡ ᠪᠠᠶᠢᠭᠤᠯᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠨ᠂ ᠰᠡᠷᠭᠡᠶᠢᠯᠡᠨ ᠵᠠᠰᠠᠬᠤ ᠶᠢ ᠤᠶᠠᠯᠳᠤᠭᠤᠯᠵᠤ᠂ ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶ 3 ᠱᠠᠲᠤᠨ ᠤ ᠣᠨᠣᠰᠢᠯᠠᠨ ᠡᠮᠨᠡᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠪᠠ᠃ ᠪᠥᠬᠦ ᠬᠤᠲᠠ ᠶᠢᠨ 120 ᠡᠮᠴᠢᠯᠡᠭᠡᠨ ᠤ ᠪᠠᠶᠢᠭᠤᠯᠤᠮᠵᠢ ᠳᠤ ᠵᠠᠯᠭᠠᠭ᠎ᠠ ᠪᠠᠷ ᠴᠡᠴᠡᠭ ᠤᠨ ᠲᠣᠭᠤᠰᠣ ᠶᠢ ᠬᠢᠨᠠᠨ ᠬᠡᠮᠵᠢᠬᠦ ᠪᠠᠭᠠᠵᠢ ᠤᠭᠰᠠᠷᠠᠵᠤ᠂ ᠡᠯ᠎ᠡ ᠱᠠᠲᠤᠨ ᠤ ᠡᠮᠨᠡᠯᠭᠡ ᠶᠢᠨ ᠬᠤᠷᠢᠶ᠎ᠠ ᠨᠤᠭᠤᠳ ᠭᠠᠵᠢᠮᠠᠯ ︵ᠬᠠᠷᠰᠢᠮᠠᠳᠠᠭᠠᠢ︶  ᠤᠷᠪᠠᠯ ᠤᠨ ᠠᠵᠢᠯ ᠤᠨ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠪᠠ᠃ ᠬᠤᠰᠢᠭᠤ ᠰᠢᠶᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠳᠤ 9 ᠭᠠᠵᠢᠮᠠᠯ ᠤᠷᠪᠠᠯ ᠤᠨ ᠰᠠᠯᠠᠭ᠎ᠠ ᠪᠠᠶᠢᠭᠤᠯᠵᠤ᠂ 110 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ  ᠭᠠᠵᠢᠮᠠᠯ ᠤᠷᠪᠠᠯ ᠤᠨ ᠡᠭᠦᠳᠡᠨ ᠡᠮᠨᠡᠯᠭᠡ ᠪᠠᠶᠢᠭᠤᠯᠵᠤ᠂ ᠨᠡᠶᠢᠲᠡ 478 ᠡᠮᠨᠡᠯᠭᠡ ᠶᠢᠨ ᠠᠵᠢᠯᠲᠠᠨ ᠲᠣᠬᠢᠷᠠᠭᠤᠯᠵᠤ᠂ ᠨᠡᠶᠢᠲᠡ 531 ᠬᠥᠮᠦᠨ  ᠲᠣᠬᠢᠷᠠᠭᠤᠯᠪᠠ᠃       ᠡᠭᠦᠨ ᠠᠴᠠ ᠭᠠᠳᠠᠨ᠎ᠠ᠂ ᠲᠣᠰ ᠬᠤᠲᠠ ᠶᠢᠨ ᠬᠢᠨ ᠪᠠᠰᠠ ᠡᠮᠨᠡᠯᠭᠡ ᠶᠢᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ ᠪᠠᠶᠢᠨ᠎ᠠ᠃ ᠣᠳᠣᠬᠠᠨ ᠳᠤ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠨᠡᠶᠢᠲᠡ 30 ᠪᠦᠯᠦᠭ 6865 ᠬᠥᠮᠦᠨ ᠤᠳᠠᠭ᠎ᠠ  ᠶᠢ ᠪᠣᠯᠪᠠᠰᠤᠷᠠᠭᠤᠯᠵᠤ ᠂ ᠨᠡᠶᠢᠰᠯᠡᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠱᠢ  ᠵᠢᠢ ᠲᠠᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠪᠦᠯᠬᠦᠮ ᠴᠦ ᠲᠣᠭᠲᠠᠬᠤ ᠰᠢᠶᠠᠨ᠂  ᠬᠤᠷᠢᠨᠭᠡᠷ ᠰᠢᠶᠠᠨ᠂ ᠴᠢᠩ ᠱᠦᠶ ᠾᠧ ᠰᠢᠶᠠᠨ᠂ ᠦᠴᠤᠸᠠᠨ ᠰᠢᠶᠠᠨ ᠳᠤ ᠬᠦᠷᠴᠦ᠂ ᠴᠡᠴᠡᠭ ᠤᠨ ᠲᠣᠭᠤᠰᠣ ᠶᠢ ᠬᠢᠨᠠᠨ ᠬᠡᠮᠵᠢᠬᠦ ᠴᠡᠭ ᠤᠨ ᠡᠮᠨᠡᠯᠭᠡ ᠶᠢᠨ ᠠᠵᠢᠯᠲᠠᠳ ᠲᠤ ᠴᠡᠴᠡᠭ ᠤᠨ ᠲᠣᠭᠤᠰᠣ ᠶᠢ ᠬᠢᠨᠠᠨ ᠬᠡᠮᠵᠢᠬᠦ ᠬᠡᠮᠵᠢᠭᠦᠷᠯᠢᠭ ᠢ ᠤᠭᠰᠠᠷᠠᠵᠤ ᠬᠡᠷᠡᠭᠯᠡᠬᠦ ᠶᠢ ᠵᠢᠭᠠᠨ  ᠵᠢᠯᠤᠭᠤᠳᠬᠤ ᠪᠠᠷ ᠪᠣᠢ᠃       ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ︵Allergic Rhinitis᠂ AR︶ ᠪᠣᠯ ᠴᠢᠬᠢ ᠬᠠᠮᠠᠷ ᠬᠤᠭᠤᠯᠠᠶ ᠶᠢᠨ ᠰᠠᠯᠠᠭᠠᠨ ᠤ ᠦᠷᠭᠦᠯᠵᠢ ᠲᠣᠬᠢᠶᠠᠯᠳᠤᠳᠠᠭ ᠡᠪᠡᠳᠴᠢᠨ ᠮᠥᠨ᠂ ᠬᠥᠮᠦᠨ ᠤ ᠪᠡᠶ᠎ᠡ ᠬᠠᠷᠰᠢᠮᠠᠲᠠᠭᠠᠶ ᠡᠭᠦᠰᠭᠡᠭᠴᠢ ᠲᠠᠢ ᠬᠦᠷᠦᠯᠴᠡᠭᠰᠡᠨ ᠤ ᠳᠠᠷᠠᠭ᠎ᠠ ᠬᠠᠮᠠᠷ ᠤᠨ ᠰᠠᠯᠢᠰᠤᠲᠤ ᠪᠦᠷᠬᠦᠪᠴᠢ ᠳᠤ ᠦᠷᠪᠢᠰᠦᠯ ᠤᠨ ᠪᠤᠰᠤ ᠦᠷᠪᠢᠰᠦᠯ ᠡᠭᠦᠰᠭᠡᠬᠦ ᠡᠪᠡᠳᠴᠢᠨ ᠮᠥᠨ᠃ ᠣᠳᠣᠬᠠᠨ ᠤ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠡᠪᠡᠳᠴᠢᠨ ᠡᠭᠦᠰᠬᠦ ᠲᠣᠭᠲᠠᠴᠠ ᠳᠤ ᠤᠳᠤᠮᠯᠠᠯ ᠵᠡᠷᠭᠡ ᠲᠣᠰ ᠪᠡᠶ᠎ᠡ ᠶᠢᠨ ᠡᠯᠧᠮᠧᠨ᠋ᠲ ᠠᠴᠠ ᠭᠠᠳᠠᠨ᠎ᠠ᠂ ᠠᠭᠠᠷ ᠳᠣᠲᠣᠷ᠎ᠠ ᠲᠠᠷᠬᠠᠵᠤ ᠪᠠᠶᠢᠭ᠎ᠠ ᠠᠮᠢᠰᠬᠤᠵᠤ ᠣᠷᠣᠭᠤᠯᠬᠤ ᠴᠢᠨᠠᠷᠲᠠᠶ ᠬᠠᠷᠰᠢᠮᠠᠲᠠᠭᠠᠶ ᠡᠭᠦᠰᠭᠡᠭᠴᠢ ᠨᠢ ᠮᠥᠨ ᠴᠦ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠡᠭᠦᠰᠭᠡᠬᠦ ᠴᠢᠬᠤᠯᠠ ᠡᠯᠧᠮᠧᠨ᠋ᠲ ᠮᠥᠨ᠂ ᠡᠭᠦᠨ ᠳᠤ ᠴᠡᠴᠡᠭ ᠤᠨ ᠲᠣᠭᠤᠰᠣᠨ ᠤ ᠬᠠᠷᠰᠢᠯ ᠪᠣᠯ ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠪᠠ ᠬᠢᠷᠬᠢᠷ᠎ᠡ ᠶᠢ ᠡᠭᠦᠰᠭᠡᠬᠦ ᠭᠤᠤᠯ ᠰᠢᠯᠲᠠᠭᠠᠨ ᠪᠣᠯᠤᠨ᠎ᠠ᠂ ᠡᠭᠦᠨ ᠳᠤ ᠴᠡᠴᠡᠭ ᠤᠨ ᠲᠣᠭᠤᠰᠣᠨ ᠤ ᠬᠠᠷᠰᠢᠯ ᠪᠣᠯ ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠪᠠ ᠬᠢᠷᠬᠢᠷ᠎ᠡ ᠶᠢ ᠡᠭᠦᠰᠭᠡᠬᠦ ᠭᠤᠤᠯ ᠰᠢᠯᠲᠠᠭᠠᠨ ᠪᠣᠯᠤᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ