ᠡᠨᠡ ᠵᠢᠯ ᠤᠨ ᠮᠠᠨ ᠤ ᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠨᠢᠭᠡᠳᠦᠯᠲᠡᠶ ᠰᠤᠷᠤᠭᠴᠢ ᠡᠯᠰᠡᠬᠦ ᠬᠤᠪᠢ ᠶᠢᠨ ᠱᠤᠭᠤᠮ ᠢ ᠨᠡᠶᠢᠲᠡᠯᠡᠪᠡ
ᠨᠡᠶᠢᠲᠡᠯᠡᠭᠰᠡᠨ ᠴᠠᠭ᠄
2021/7/19
      ︵ᠰᠤᠷᠪᠤᠯᠵᠢᠯᠠᠭᠴᠢ ᠮᠢᠶᠣᠣ ᠴᠢᠩ︶ 7  ᠳ᠋ᠤᠭᠠᠷ ᠰᠠᠷ᠎ᠠ ᠶᠢᠨ 16 ᠤ ᠡᠳᠦᠷ ᠤᠨ 18 ᠴᠠᠭ ᠲᠤ᠂ 2021 ᠣᠨ ᠤ ᠠᠩᠬᠠᠳᠤᠭᠠᠷ ᠤᠳᠠᠭᠠᠨ ᠤ ᠬᠥᠬᠡᠬᠤᠲᠠ ᠶᠢᠨ ᠬᠤᠲᠠ ᠶᠢᠨ ᠲᠣᠭᠤᠷᠢᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ  ᠳᠤ ᠨᠢᠭᠡᠳᠦᠯᠲᠡᠶ ᠰᠣᠷᠤᠭᠴᠢ ᠡᠯᠰᠡᠬᠦ ᠠᠵᠢᠯ ᠤᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠪᠠ ᠴᠠᠭ ᠲᠤᠬᠠᠶ ᠳᠤᠨᠢ ᠡᠯᠰᠡᠬᠦ ᠠᠵᠢᠯ ᠳᠠᠭᠤᠰᠪᠠ᠃ ᠲᠣᠰ ᠣᠷᠣᠶ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ 2021 ᠣᠨ ᠤ ᠬᠥᠬᠡᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ  ᠳᠤ ᠨᠢᠭᠡᠳᠦᠯᠲᠡᠶ ᠰᠤᠷᠤᠭᠴᠢ ᠡᠯᠰᠡᠬᠦ ᠬᠤᠪᠢ ᠶᠢᠨ ᠱᠤᠭᠤᠮ ᠢ ᠨᠡᠶᠢᠲᠡᠯᠡᠪᠡ ︵ᠳᠣᠤᠷᠠᠬᠢ ᠬᠦᠰᠦᠨᠦᠭᠲᠦ ᠳᠤ ᠦᠵᠡ︶᠃       ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠬᠤᠲᠠ ᠶᠢᠨ ᠲᠣᠭᠤᠷᠢᠭ ᠤᠨ ᠡᠯ᠎ᠡ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠥᠪᠡᠷᠲᠡᠭᠡᠨ ᠵᠠᠰᠠᠬᠤ ᠣᠷᠣᠨ ᠤ 9 ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠᠭᠲᠠᠨ᠎ᠠ︶ ᠲᠤᠰᠠᠭᠠᠷ ᠬᠤᠪᠢ ᠶᠢᠨ ᠱᠤᠭᠤᠮ ᠭᠠᠷᠭᠠᠬᠤ ᠥᠬᠡᠶ᠂ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠵᠤ᠂ ᠬᠥᠳᠡᠯᠦᠩᠭᠦᠶ ᠨᠡᠷᠡᠰ ᠤᠨ ᠵᠢᠭᠰᠠᠭᠠᠯᠲᠠ ᠪᠠᠷ ᠡᠯᠰᠡᠵᠦ ᠳᠠᠭᠤᠰᠤᠭᠰᠠᠨ ᠤ ᠳᠠᠷᠠᠭ᠎ᠠ᠂ ᠡᠯ᠎ᠡ ᠰᠤᠷᠭᠠᠭᠤᠯᠢ ᠶᠢᠨ ᠬᠠᠮᠤᠭ ᠤᠨ ᠰᠡᠭᠦᠯᠴᠢ ᠶᠢᠨ ᠨᠢᠭᠡ ᠡᠯᠰᠡᠭᠳᠡᠭᠰᠡᠨ ᠰᠣᠷᠣᠭᠴᠢ ᠶᠢᠨ ᠰᠢᠯᠭᠠᠭᠤᠯᠤᠭᠰᠠᠨ ᠬᠤᠪᠢ ᠨᠢ ᠳᠠᠷᠤᠶ ᠲᠣᠰ ᠰᠤᠷᠭᠠᠭᠤᠯᠢ ᠶᠢᠨ ᠨᠢᠭᠡᠳᠦᠯᠲᠡᠶ ᠰᠤᠷᠤᠭᠴᠢ ᠡᠯᠰᠡᠬᠦ ᠬᠤᠪᠢ ᠶᠢᠨ ᠱᠤᠭᠤᠮ ᠪᠣᠯᠤᠨ᠎ᠠ᠃
res01_attpic_brief00.jpg
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ