︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/7/2
     ᠨᠢᠭᠡ᠂ ᠲᠣᠭᠲᠠᠭᠠᠭᠰᠠᠨ ᠵᠣᠷᠢᠯᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠬᠦ᠂ ᠬᠠᠤᠯᠢᠵᠢᠭᠤᠯᠬᠤ᠂ ᠤᠶᠤᠨᠴᠢᠯᠠᠬᠤ᠂ ᠲᠤᠰᠬᠠᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ︾ ᠭᠡᠵᠦ ᠲᠣᠳᠣᠷᠬᠠᠢ ᠳᠤᠷᠠᠳᠴᠠᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠠᠵᠢᠯ ᠢ ᠴᠢᠩᠭᠠᠳᠬᠠᠬᠤ ᠨᠢ᠂ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠨᠠᠩ ᠰᠠᠶᠢᠲᠤᠷ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠵᠥᠪ ᠢᠶᠠᠷ ᠭᠦᠢᠴᠡᠳᠬᠡᠬᠦ᠂ ᠵᠠᠰᠠᠭ ᠤᠨ ᠣᠷᠳᠣᠨ ᠤ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠥᠪᠰᠢᠨ  ᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠭᠰᠠᠨ ᠶᠠᠪᠤᠳᠠᠯ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ᠂ ᠪᠠᠷᠢᠮᠵᠢᠶᠠᠵᠢᠭᠤᠯᠤᠯᠲᠠ ᠶᠢᠨ ᠣᠨᠣᠯᠵᠢᠬᠤᠨ᠂ ᠵᠠᠷᠴᠢᠮ᠂ ᠠᠷᠭ᠎ᠠ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠣᠷᠤᠭᠤᠯᠬᠤ ᠶᠢ ᠪᠦᠲᠦᠮᠵᠢᠲᠡᠶ ᠠᠬᠢᠭᠤᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠲᠣᠭᠲᠠᠯᠴᠠᠭ᠎ᠠ ᠶᠢ ᠪᠠᠶᠢᠭᠤᠯᠬᠤ ᠪᠠ ᠬᠡᠷᠡᠭᠵᠢᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠥᠪᠰᠢᠨ ᠢ ᠳᠡᠭᠡᠭᠰᠢᠯᠡᠭᠦᠯᠬᠦ ᠪᠣᠯᠣᠨ᠎ᠠ᠃      ᠬᠤᠶᠠᠷ᠂ ᠲᠣᠭᠲᠠᠭᠠᠭᠰᠠᠨ ᠦᠨᠳᠦᠰᠦᠯᠡᠯ      ︽ᠬᠠᠮᠢᠶᠠᠷᠤᠯᠲᠠ ᠶᠢᠨ ᠠᠷᠭ᠎ᠠ︾ ᠭᠤᠣᠯᠳᠠᠭᠤ ︽ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 722 ᠳ᠋ᠤᠭᠠᠷ ᠲᠣᠭᠠᠲᠤ︶᠂ ︽ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠤᠳ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 716 ᠳ᠋ᠤᠭᠠᠷ ᠲᠣᠭᠠᠲᠤ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠳᠥᠷᠢᠮ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 711 ᠳ᠋ᠦ᠋ᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠢᠨᠠᠨ ᠵᠥᠪᠰᠢᠶᠡᠷᠡᠯ ᠤᠨ ᠦᠢᠯᠡᠴᠢᠯᠡᠭᠡ ᠶᠢ ᠠᠷᠠᠳ ᠲᠤ ᠲᠥᠬᠦᠮ ᠦᠵᠡᠭᠦᠯᠬᠦ ᠶᠢ ᠭᠦᠨᠵᠡᠭᠡᠶ ᠠᠬᠢᠭᠤᠯᠬᠤ ᠲᠤᠬᠠᠶ ᠵᠢᠯᠣᠭᠤᠳᠬᠤ ᠰᠠᠨᠠᠯ︾ ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢᠨ ᠮᠡᠷᠭᠡᠵᠢᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠵᠦᠭᠯᠡᠭᠦᠷ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2016﹈ 108 ᠳ᠋ᠤᠭᠠᠷ ᠲᠣᠭᠠᠲᠤ︶᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠰᠠᠶᠢᠨ ᠮᠠᠭᠤ ᠶᠢ ᠦᠨᠡᠯᠡᠬᠦ﹀ ᠲᠦᠷᠢᠮ ᠢ ᠪᠠᠶᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 51 ᠳ᠋ᠦ᠋ᠭᠡᠷ ᠲᠣᠭᠠᠲᠤ︶᠂ ︽ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 53 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠪᠡ᠃ ᠡᠭᠦᠨ ᠤ ᠬᠠᠮᠲᠤ ︽ᠬᠠᠮᠢᠶᠠᠷᠤᠯᠲᠠ ᠶᠢᠨ ᠠᠷᠭ᠎ᠠ︾ ᠨᠢ ᠪᠠᠰᠠ ᠪᠡᠭᠡᠵᠢᠩ᠂ ᠰᠧᠴᠤᠸᠠᠨ ᠵᠡᠷᠭᠡ ᠲᠡᠷᠢᠭᠦᠨ ᠤ ᠮᠤᠵᠢ ᠬᠤᠳᠠ ᠶᠢᠨ ᠲᠤᠷᠰᠢᠯᠭ᠎ᠠ ᠪᠠ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠠᠢ᠃      ᠭᠤᠷᠪᠠ᠂ ᠭᠤᠣᠯ ᠠᠭᠤᠯᠭ᠎ᠠ      ︽ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ ᠵᠢᠷᠭᠤᠭᠠᠨ ᠪᠦᠯᠦᠭ ᠭᠤᠴᠢᠨ ᠨᠠᠢᠮᠠᠨ ᠵᠦᠢᠯ ᠪᠠᠶᠢᠵᠤ᠂ ᠭᠤᠤᠯᠳᠠᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠢᠨᠠᠯᠲᠠ ᠲᠠᠯᠪᠢᠵᠤ ᠦᠨᠡᠯᠡᠬᠦ ᠵᠡᠷᠭᠡ ᠪᠠᠷᠢᠮᠵᠢᠶᠠᠵᠢᠭᠤᠯᠤᠭᠰᠠᠨ ᠠᠭᠤᠯᠭ᠎ᠠ ᠶᠢ ᠵᠢᠷᠤᠮᠵᠢᠭᠤᠯᠪᠠ᠃      ︵ᠨᠢᠭᠡ︶ ᠶᠡᠷᠦᠩᠬᠡᠶ ᠲᠦᠷᠢᠮ ᠤᠨ ᠲᠤᠬᠠᠶ      ︽ᠬᠠᠮᠢᠶᠠᠷᠤᠯᠲᠠ ᠶᠢᠨ ᠠᠷᠭ᠎ᠠ︾ ᠳᠤ ᠭᠤᠣᠯᠳᠠᠭᠤ ᠲᠣᠭᠲᠠᠭᠠᠭᠰᠠᠨ ᠵᠣᠷᠢᠯᠭ᠎ᠠ ᠶᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠤᠬᠠᠭᠳᠠᠬᠤᠨ ᠤ ᠲᠣᠮᠢᠶᠠᠯᠠᠯ᠂ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠵᠡᠷᠭᠡ ᠶᠢ ᠵᠢᠷᠤᠮᠵᠢᠭᠤᠯᠪᠠ᠃ ᠢᠯᠠᠩᠭᠤᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠲᠣᠳᠣᠷᠬᠠᠶ ᠤᠬᠠᠭᠳᠠᠬᠤᠨ ᠣᠯᠭᠤᠵᠠᠢ᠃ ᠲᠤᠬᠠᠶᠢᠯᠠᠪᠠᠯ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠭᠡᠳᠡᠭ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠣᠬᠢᠴᠠᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠬᠤ ᠪᠠᠶᠢᠭᠤᠯᠤᠮᠵᠢ ᠶᠢ ᠵᠢᠭᠠᠵᠤ ᠪᠠᠶᠢᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠢᠶᠠᠯ ᠬᠠᠷᠢᠭᠤᠴᠠᠯᠭ᠎ᠠ ᠪᠦᠬᠦᠢ ᠪᠤᠰᠤᠳ ᠪᠠᠶᠢᠭᠤᠯᠤᠮᠵᠢ ᠶᠢ ᠵᠢᠭᠠᠵᠤ ᠪᠠᠶᠢᠨ᠎ᠠ᠃      ︵ᠬᠤᠶᠠᠷ︶ ᠵᠦᠢᠯᠡᠰ ᠤᠨ ᠭᠠᠷᠴᠠᠭ ᠪᠠ ᠠᠵᠢᠯ ᠶᠠᠪᠤᠳᠠᠯ ᠭᠦᠢᠴᠡᠳᠬᠡᠬᠦ ᠵᠥᠭᠯᠡᠭᠦᠷ ᠢ ᠪᠠᠷᠢᠮᠵᠢᠶᠠᠵᠢᠭᠤᠯᠬᠤ ᠲᠤᠬᠠᠶ      ︽ᠬᠠᠮᠢᠶᠠᠷᠤᠯᠲᠠ ᠶᠢᠨ ᠠᠷᠭ᠎ᠠ︾ ᠳᠤ᠄ ᠨᠢᠭᠡ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠭᠠᠷᠴᠠᠭ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ︔ ᠬᠤᠶᠠᠷ ᠲᠤ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠷᠡᠶᠢᠳᠦᠯ᠂ ᠦᠨᠳᠦᠰᠦᠨ ᠳ᠋ᠤᠭᠠᠷᠯᠠᠯ᠂ ᠵᠦᠢᠯᠡᠰ ᠤᠨ ᠲᠥᠷᠥᠯ ᠬᠡᠯᠪᠡᠷᠢ᠂ ᠲᠣᠭᠲᠠᠭᠠᠭᠰᠠᠨ ᠦᠨᠳᠦᠰᠦᠯᠡᠯ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠦᠢᠯᠡᠴᠢᠯᠡᠬᠦ ᠡᠲᠡᠭᠡᠳ᠂ ᠭᠦᠢᠴᠡᠳᠬᠡᠬᠦ ᠴᠣᠪᠣᠷᠠᠯ᠂ ᠭᠤᠶᠤᠴᠢᠯᠠᠬᠤ ᠮᠠᠲ᠋ᠧᠷᠢᠶᠠᠯ᠂ ᠬᠠᠤᠯᠢ ᠪᠠᠷ ᠲᠣᠭᠲᠠᠭᠠᠭᠰᠠᠨ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ᠂ ᠰᠦᠢᠳᠬᠡᠯ ᠬᠤᠷᠢᠶᠠᠬᠤ ᠦᠨᠳᠦᠰᠦᠯᠡᠯ᠂ ᠰᠢᠢᠳᠪᠦᠷᠢᠯᠡᠭᠰᠡᠨ ᠦᠷ᠎ᠡ ᠳ᠋ᠦᠩ ᠵᠡᠷᠭᠡ ᠶᠢ ᠨᠢᠭᠡᠳᠦᠯᠲᠡᠶ ᠪᠠᠶᠢᠯᠭᠠᠬᠤ ᠬᠡᠷᠡᠭᠲᠡᠶ︔ ᠭᠤᠷᠪᠠ ᠳᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠳᠤ ᠬᠤᠯᠪᠣᠭᠳᠠᠭᠰᠠᠨ ᠵᠠᠭᠤᠴᠢ ᠦᠢᠯᠡᠴᠢᠯᠡᠭᠡᠨ ᠤ ᠵᠦᠢᠯᠡᠰ ᠪᠠ ᠭᠡᠷᠡᠴᠢᠯᠡᠬᠦ ᠵᠦᠢᠯᠡᠰ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠤᠨ ᠦᠨᠳᠦᠰᠦ ᠪᠠᠷᠢᠮᠲᠠ ᠲᠠᠢ ᠪᠠᠶᠢᠬᠤ ᠬᠡᠷᠡᠭᠲᠡᠶ︔ ᠲᠦᠷᠪᠡ ᠳᠤ᠂ ᠭᠤᠶᠤᠴᠢᠯᠠᠬᠤ ᠮᠠᠲ᠋ᠧᠷᠢᠶᠠᠯ ᠢ ᠮᠡᠳᠡᠭᠡ ᠵᠠᠩᠭᠢ ᠪᠠ ᠡᠯᠧᠺᠲᠷᠣᠨ ᠬᠡᠷᠡᠴᠢ ᠦᠨᠡᠮᠯᠡᠯ ᠢ ᠬᠠᠮᠲᠤ ᠪᠠᠷ ᠬᠦᠷᠲᠡᠬᠦ ᠪᠠᠷ ᠳᠠᠮᠵᠢᠭᠤᠯᠤᠨ ᠣᠯᠵᠤ ᠪᠣᠯᠤᠨ᠎ᠠ ᠭᠡᠵᠦ ᠲᠣᠳᠣᠷᠬᠠᠶᠢᠯᠠᠪᠠ᠃      ︵ᠭᠤᠷᠪᠠ︶ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠷᠢᠮᠵᠢᠶᠠᠵᠢᠭᠤᠯᠬᠤ ᠲᠤᠬᠠᠶ      ᠪᠥᠬᠦ ᠣᠷᠣᠨ ᠳᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠪᠠᠷᠢᠮᠵᠢᠶᠠᠵᠢᠭᠤᠯᠬᠤ ᠲᠠᠯ᠎ᠠ ᠪᠠᠷ᠂ ︽ᠬᠠᠮᠢᠶᠠᠷᠤᠯᠲᠠ ᠶᠢᠨ ᠠᠷᠭ᠎ᠠ︾ ᠳᠤ᠄ ᠨᠢᠭᠡ ᠳᠤ᠂ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠢᠰᠲ᠋ᠧᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠳᠡ ᠡᠷᠦᠬᠡ᠂ ᠬᠢᠷᠬᠢᠮ  ᠤᠨ ᠭᠡᠷᠡᠴᠢᠯᠡᠯ ᠤᠨ ᠰᠢᠰᠲ᠋ᠧᠮ᠂ ᠡᠯᠧᠺᠲᠷᠣᠨ ᠦᠨᠡᠮᠯᠡᠯ ᠤᠨ ᠰᠢᠰᠲ᠋ᠧᠮ᠂ ᠡᠯᠧᠺᠲᠷᠣᠨ ᠲᠠᠮᠠᠭ᠎ᠠ ᠶᠢᠨ ᠰᠢᠰᠲ᠋ᠧᠮ ᠪᠠ ︽ᠰᠠᠶᠢᠨ ᠮᠠᠭᠤ ᠶᠢ ᠦᠨᠡᠯᠡᠬᠦ︾ ᠰᠢᠰᠲ᠋ᠧᠮ ᠢ ᠨᠢᠭᠡᠳᠦᠯᠲᠡᠶ ᠠᠰᠢᠭᠯᠠᠬᠤ ᠬᠡᠷᠡᠭᠲᠡᠢ᠂ ᠬᠠᠮᠢᠶ᠎ᠠ ᠪᠥᠬᠦᠶ ᠰᠢᠰᠲ᠋ᠧᠮ ᠢ ᠳᠠᠪᠬᠤᠷᠳᠠᠭᠤᠯᠤᠨ ᠪᠠᠶᠢᠭᠤᠯᠵᠤ ᠪᠣᠯᠬᠤ ᠥᠬᠡᠶ᠃ ᠬᠤᠶᠠᠷ ᠲᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠶᠢ ᠱᠠᠭᠠᠷᠳᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠡᠯᠧᠺᠲᠷᠣᠨ ᠲᠠᠮᠠᠭ᠎ᠠ ᠨᠢ ᠪᠣᠳᠠᠲᠤ ᠲᠠᠮᠠᠭ᠎ᠠ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠂ ᠡᠯᠧᠺᠲᠷᠣᠨ ᠲᠠᠮᠠᠭ᠎ᠠ ᠳᠠᠷᠤᠭᠰᠠᠨ ᠡᠯᠧᠺᠲᠷᠣᠨ ᠮᠠᠲ᠋ᠧᠷᠢᠶᠠᠯ ᠨᠢ ᠬᠠᠤᠯᠢ ᠶᠣᠰᠣᠨ ᠤ ᠬᠦᠴᠦᠨ ᠲᠠᠢ ᠪᠦᠭᠡᠳ ᠢᠯᠡᠷᠡᠭᠦᠯᠬᠦ ᠪᠤᠶᠤ ᠳᠠᠷᠤᠮᠠᠯᠯᠠᠨ ᠬᠡᠷᠡᠭᠯᠡᠵᠦ ᠪᠣᠯᠣᠨ᠎ᠠ ᠭᠡᠵᠦ ᠲᠣᠳᠣᠷᠬᠠᠶᠢᠯᠠᠪᠠ᠃      ︵ᠳᠥᠷᠪᠡ︶ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠲᠤᠬᠠᠶ      ᠤᠯᠠᠨ ᠲᠦᠮᠡᠨ ᠤ ᠬᠡᠷᠡᠭ ᠡᠷᠬᠢᠯᠡᠬᠦ ᠭᠠᠵᠠᠷ ᠢ ᠠᠮᠠᠷᠬᠠᠨ ᠢᠯᠭᠠᠨ ᠲᠠᠨᠢᠵᠤ ᠡᠷᠢᠵᠦ ᠤᠯᠬᠤ ᠳᠤ ᠳᠥᠭᠦᠮ ᠦᠵᠡᠭᠦᠯᠬᠦ ᠶᠢᠨ ᠲᠤᠰᠠᠳᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠨᠡᠷᠡᠶᠢᠳᠦᠯ ᠤᠨ ᠢᠯᠡᠳᠬᠡᠮᠵᠢ ᠲᠡᠮᠳᠡᠭ᠂ ᠰᠠᠭᠤᠷᠢ ᠪᠡᠯᠡᠳᠬᠡᠮᠵᠢ᠂ ᠠᠵᠢᠯᠯᠠᠭᠠᠨ ᠤ ᠵᠠᠭᠪᠤᠷ᠂ ᠬᠦᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠪᠠᠷᠢᠮᠵᠢᠶᠠᠵᠢᠭᠤᠯᠤᠨ ᠨᠢᠭᠡᠳᠬᠡᠬᠦ ᠬᠡᠷᠡᠭᠲᠡᠢ︔ ᠡᠭᠦᠨ ᠤ ᠬᠠᠮᠲᠤ ᠪᠠᠰᠠ ᠠᠵᠤ ᠠᠬᠤᠶᠢᠯᠠᠯ ᠪᠠ ᠣᠯᠠᠨ ᠲᠦᠮᠡᠨ ᠳᠤ ︽ᠰᠠᠭᠠᠳ ᠥᠬᠡᠶ ᠨᠡᠪᠲᠡᠷᠡᠬᠦ ᠵᠠᠮ︾᠂ ︽ᠪᠣᠯᠵᠣᠬᠤ ᠦᠢᠯᠡᠴᠢᠯᠡᠭᠡ︾᠂ ︽ᠬᠡᠷ ᠲᠤ ᠨᠢ ᠣᠴᠢᠵᠤ ᠦᠢᠯᠡᠴᠢᠯᠡᠬᠦ︾ ᠵᠡᠷᠭᠡ ᠣᠨᠴᠠᠭᠠᠶ ᠦᠢᠯᠡᠴᠢᠯᠡᠭᠡ ᠬᠠᠩᠭᠠᠵᠤ᠂ ︽ᠥᠷᠯᠥᠭᠡ ᠦᠳᠡᠰᠢ ᠪᠠᠷ ᠬᠠᠷᠢᠮᠠᠬᠠᠢ ᠭᠦᠢᠴᠡᠳᠬᠡᠬᠦ︾᠂ ︽ᠦᠳᠡ ᠳᠤ ᠲᠠᠰᠤᠯᠳᠠᠭᠤᠯᠬᠤ ᠥᠬᠡᠶ ᠪᠠᠶᠢᠬᠤ︾᠂ ︽ᠭᠠᠷᠠᠭ ᠤᠨ ᠡᠴᠦᠰ ᠲᠤ ᠠᠮᠠᠷᠠᠬᠤ ᠥᠬᠡᠶ ᠪᠠᠶᠢᠬᠤ︾ ᠵᠡᠷᠭᠡ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃      ︵ᠲᠠᠪᠤ︶ ᠬᠢᠨᠠᠯᠲᠠ ᠲᠠᠯᠪᠢᠬᠤ ᠦᠨᠡᠯᠡᠬᠦ ᠶᠢ ᠪᠠᠷᠢᠮᠵᠢᠶᠠᠵᠢᠭᠤᠯᠬᠤ ᠲᠤᠬᠠᠶ      ᠬᠢᠨᠠᠯᠲᠠ ᠲᠠᠯᠪᠢᠬᠤ ᠪᠠ ᠬᠢᠨᠠᠨ ᠰᠢᠯᠭᠠᠬᠤ ᠶᠢ ᠴᠢᠩᠭᠠᠳᠬᠠᠵᠤ᠂ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠠᠷᠭ᠎ᠠ ᠵᠠᠮ ᠰᠢᠯᠤᠭᠤᠨ ᠪᠤᠰᠤ᠂ ᠦᠨᠡᠯᠡᠭᠰᠡᠨ ᠴᠦ ᠲᠤᠰᠠ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ︽ᠬᠠᠮᠢᠶᠠᠷᠤᠯᠲᠠ ᠶᠢᠨ ᠠᠷᠭ᠎ᠠ︾ ᠳᠤ ᠠᠷᠠᠳ ᠢᠷᠭᠡᠳ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ 12345 ᠬᠠᠯᠠᠮᠰᠢᠯ ᠤᠲᠠᠰᠤ ᠂ ᠬᠤᠶᠠᠷ ᠬᠡᠮᠵᠢᠯᠳᠦ ᠺᠣᠳ᠋᠂ ᠣᠬᠤᠷ ᠮᠡᠳᠡᠭᠡ᠂ ᠠᠦ᠋ᠲ᠋ᠣ᠋ ᠦᠢᠯᠡᠴᠢᠯᠡᠬᠦ ᠦᠵᠦᠭᠦᠷᠯᠢᠭ᠂ APP ᠵᠡᠷᠭᠡ ᠣᠯᠠᠨ ᠵᠦᠢᠯ ᠤᠨ ᠦᠨᠡᠯᠡᠬᠦ ᠠᠷᠭ᠎ᠠ ᠮᠠᠶ᠋ᠢᠭ ᠢᠶᠠᠷ ᠳᠠᠮᠵᠢᠨ ᠦᠢᠯᠡᠴᠢᠯᠡᠭᠡᠨ ᠤ ᠣᠪᠣᠷ ᠪᠠ ᠠᠵᠢᠯ ᠤᠨ ᠦᠷ᠎ᠡ ᠪᠦᠲᠦᠮᠵᠢ ᠶᠢ ᠦᠨᠡᠯᠡᠵᠦ ᠪᠣᠯᠤᠨ᠎ᠠ︔ ᠦᠷ᠎ᠡ ᠳ᠋ᠦᠩ ᠨᠢ ︽ᠮᠠᠭᠤ ᠦᠨᠡᠯᠡᠯᠲᠡ︾ ᠣᠯᠣᠭᠰᠠᠨ ᠪᠣᠯ ᠂ 48 ᠴᠠᠭ ᠤᠨ ᠳᠣᠲᠣᠷ᠎ᠠ ᠬᠠᠷᠢᠭᠤ ᠰᠤᠷᠪᠤᠯᠵᠢᠯᠠᠨ ᠬᠢᠨᠠᠨ ᠬᠠᠷᠭᠤᠭᠤᠯᠵᠤ᠂ 15 ᠡᠩ ᠤᠨ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠢ ᠭᠡᠵᠦ ᠲᠣᠳᠣᠷᠬᠠᠶᠢᠯᠠᠪᠠ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ