ᠮᠠᠨ ᠤ ᠬᠤᠲᠠ ᠬᠥᠳᠡᠭᠡ ᠶᠢᠨ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠬᠥᠳᠡᠭᠡ ᠲᠣᠰᠬᠤᠨ ᠤ ᠪᠣᠯᠪᠠᠰᠤᠨ ᠤ ᠬᠢᠷᠢ ᠲᠦᠪᠰᠢᠨ ᠢ ᠲᠡᠭᠡᠭᠰᠢᠯᠡᠭᠦᠯᠵᠦ ᠪᠣᠢ
ᠨᠡᠶᠢᠲᠡᠯᠡᠭᠰᠡᠨ ᠴᠠᠭ᠄
2021/7/21
      ︵ᠰᠤᠷᠪᠤᠯᠵᠢᠯᠠᠭᠴᠢ ᠯᠢᠦᠶ ᠬᠤᠶ ᠱᠧᠩ︶ ᠮᠠᠨ ᠤ ᠬᠤᠲᠠ ︽ᠬᠤᠶᠠᠷ ᠲᠠᠯ᠎ᠠ ᠶᠢ ᠠᠳᠬᠤᠵᠤ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ︾ ᠵᠠᠷᠴᠢᠮ ᠢ ᠪᠠᠷᠢᠮᠲᠠᠯᠠᠨ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠭᠰᠠᠨ ᠰᠠᠭᠤᠷᠢᠨ ᠳᠡᠭᠡᠷ᠎ᠡ᠂ ᠬᠥᠳᠡᠭᠡ ᠲᠣᠰᠬᠤᠨ ᠤ ᠵᠠᠩ ᠰᠤᠷᠲᠠᠯ  ᠤᠨ ᠪᠣᠯᠪᠠᠰᠤᠨ ᠤ ᠴᠢᠬᠤᠯᠠ ᠴᠢᠨᠠᠷ ᠢ ᠲᠣᠳᠣᠷᠬᠠᠶ ᠲᠠᠨᠢᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠪᠠ᠃ ᠡᠨᠡ ᠵᠢᠯ ᠠᠴᠠ ᠨᠠᠰᠢ᠂ ᠪᠥᠬᠦ ᠬᠤᠲᠠ ᠳᠤ ︽ᠲᠣᠰᠬᠤᠨ ᠤ ᠲᠦᠷᠢᠮ ᠲᠣᠭᠲᠠᠭᠠᠯ ᠢ ᠰᠠᠬᠢᠬᠤ᠂ ᠮᠠᠭᠤ ᠳᠠᠳᠬᠠᠯ ᠢ ᠥᠭᠡᠷᠡᠴᠢᠯᠡᠬᠦ᠂ ᠦᠨᠡᠨᠴᠢ ᠢᠲᠡᠭᠡᠮᠵᠢ ᠶᠢ ᠴᠢᠬᠤᠯᠠᠴᠢᠯᠠᠬᠤ᠂ ᠬᠠᠷᠢᠯᠴᠠᠨ ᠬᠠᠪᠰᠤᠷᠤᠯᠴᠠᠬᠤ ᠶᠢ ᠡᠷᠬᠢᠮᠯᠡᠬᠦ︾ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠰᠢᠨ᠎ᠡ ᠴᠠᠭ ᠦᠶ᠎ᠡ ᠶᠢᠨ ᠲᠠᠷᠢᠶᠠᠴᠢᠨ ᠤ ᠬᠡᠪ ᠴᠢᠨᠠᠷ ᠢ ᠳᠡᠭᠡᠭᠰᠢᠯᠡᠭᠦᠯᠬᠦ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠬᠦ᠂ ᠲᠦᠮᠡᠨ ᠲᠣᠰᠬᠤᠨ ᠢᠶᠠᠷ ᠠᠵᠢᠯᠯᠠᠭ᠎ᠠ ᠥᠷᠨᠢᠬᠦᠯᠬᠦ︾ ᠵᠡᠷᠭᠡ ᠠᠵᠢᠯ ᠲᠠᠢ ᠨᠢᠭᠲᠠ ᠤᠶᠠᠯᠳᠤᠭᠤᠯᠵᠤ᠂ ᠬᠤᠲᠠ ᠶᠢᠨ ᠬᠠᠷᠢᠶ᠎ᠠ ᠨᠢᠭᠡᠴᠡ ᠵᠢᠴᠢ ᠡᠯ᠎ᠡ ᠬᠤᠰᠢᠭᠤ ᠰᠢᠶᠠᠨ ᠲᠣᠭᠤᠷᠢᠭ ᠲᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠪᠠᠭᠤᠯᠭᠠᠭᠰᠠᠨ ᠪᠥᠭᠡᠳ ᠬᠤᠭᠤᠴᠠᠭ᠎ᠠ ᠲᠣᠭᠲᠠᠭᠠᠨ ᠪᠡᠶᠡᠯᠡᠭᠦᠯᠬᠦ ᠶᠢ ᠱᠠᠭᠠᠷᠳᠠᠪᠠ᠃ ᠡᠭᠦᠨ ᠤ ᠬᠠᠮᠲᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠬᠠᠭᠤᠯᠤᠨ ᠲᠠᠶᠢᠯᠪᠤᠷᠢᠯᠠᠬᠤ ᠪᠠᠭ᠎ᠠ ᠰᠠᠯᠪᠤᠷᠢ ᠠᠩᠬᠢ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠰᠢᠷᠢᠰ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ  ᠥᠷᠨᠢᠬᠦᠯᠵᠡᠢ᠃       ᠮᠠᠨ ᠤ ᠬᠤᠳᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠵᠤ᠂ ᠬᠠᠭᠠᠰ ᠵᠢᠯ ᠰᠢᠬᠠᠮ ᠤᠨ ᠬᠤᠭᠤᠴᠠᠭᠠᠨ ᠳᠤ ᠨᠡᠶᠢᠳᠡ 1200 ᠲᠠᠯᠠᠪᠠᠢ ᠤᠬᠠᠭᠤᠯᠤᠨ ᠲᠠᠶᠢᠯᠪᠤᠷᠢᠯᠠᠵᠤ᠂ 50000 ᠭᠠᠷᠤᠢ ᠬᠥᠮᠦᠨ ᠳᠤ ᠤᠬᠠᠭᠤᠯᠭ᠎ᠠ ᠬᠢᠵᠡᠢ᠃ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠭᠦᠨᠵᠡᠭᠡᠶ ᠥᠷᠨᠢᠭᠦᠯᠦᠭᠰᠡᠨ ᠰᠠᠭᠤᠷᠢᠨ ᠳᠡᠭᠡᠷ᠎ᠡ᠂ ᠮᠠᠨ ᠤ ᠬᠤᠲᠠ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠲᠣᠰᠬᠤᠨ ᠤ ᠨᠠᠮ ᠤᠨ ᠡᠭᠦᠷ ᠤᠨ ᠱᠦᠵᠢ᠂ ᠶᠠᠳᠠᠭᠤ ᠶᠢ ᠲᠡᠳᠬᠦᠬᠦ ᠠᠵᠢᠯ ᠤᠨ ᠠᠩᠭᠢ ᠶᠢᠨ ᠳᠠᠷᠤᠭ᠎ᠠ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠡᠷᠭᠡ ᠶᠢ ᠵᠣᠬᠢᠶᠠᠨ ᠪᠠᠶᠢᠭᠤᠯᠤᠨ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠶᠢ ᠲᠦᠷᠦᠭᠦᠯᠡᠨ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠪᠠᠶᠠᠵᠢᠯ ᠤᠨ ᠴᠢᠳᠠᠪᠤᠷᠢᠲᠠᠨ᠂ ᠵᠠᠯᠠᠭᠤᠴᠤᠳ᠂ ᠰᠣᠷᠣᠭᠴᠢ᠂ ᠣᠯᠠᠨ ᠲᠦᠮᠡᠨ ᠤ ᠰᠤᠷᠤᠯᠴᠠᠯᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠪᠠ᠃       ᠡᠭᠦᠨ ᠠᠴᠠ ᠭᠠᠳᠠᠨ᠎ᠠ᠂ ᠪᠥᠬᠦ ᠬᠤᠲᠠ ᠶᠢᠨ ︽ᠲᠣᠰᠬᠤᠨ ᠪᠣᠯᠭᠠᠨ ᠳᠤ ᠴᠤᠤᠷᠢᠶᠠᠳᠤᠬᠤ︾ ᠨᠡᠪᠲᠡᠷᠡᠭᠦᠯᠦᠨ ᠡᠵᠡᠮᠳᠡᠬᠦ ᠲᠠᠪᠴᠠᠩ 66 ᠶᠢ᠂ ᠦᠵᠦᠭᠦᠷᠯᠢᠭ 1890 ᠢᠵᠢ ︵740 ᠢᠵᠢ ᠪᠠᠴᠢᠮ ᠪᠠᠶᠢᠳᠠᠯ ᠢ  ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠥᠬᠦᠭᠡᠷᠦᠮᠵᠢ ᠶᠢ ᠪᠠᠭᠲᠠᠭᠠᠨ᠎ᠠ︶᠂  ᠲᠣᠮᠣ ᠪᠦᠷᠢᠶ᠎ᠡ 6761 ᠶᠢ ᠨᠡᠪᠲᠡᠷᠡᠭᠦᠯᠵᠦ᠂ ᠬᠥᠳᠡᠭᠡ ᠲᠣᠰᠬᠤᠨ ᠤ 100 ᠭᠠᠷᠤᠶ ᠲᠦᠮᠡᠨ ᠬᠥᠮᠦᠨ ᠠᠮᠠ ᠶᠢ ᠬᠠᠮᠤᠷᠪᠠ᠃ ᠡᠯ᠎ᠡ ᠬᠤᠰᠢᠭᠤ ᠰᠢᠶᠠᠨ ᠲᠣᠭᠤᠷᠢᠭ ᠨᠢ ︽ᠲᠣᠰᠬᠤᠨ ᠪᠣᠯᠭᠠᠨ ᠳᠤ ᠴᠤᠤᠷᠢᠶᠠᠳᠤᠬᠤ︾ ᠪᠠᠴᠢᠮ ᠪᠠᠶᠢᠳᠠᠯ ᠢ  ᠠᠷᠭᠠᠴᠠᠭᠠᠬᠤ ᠲᠠᠪᠴᠠᠩ ᠢ ᠠᠰᠢᠭᠯᠠᠨ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠬᠤ᠂ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ  ᠬᠤᠯᠪᠤᠭᠳᠠᠯ ᠪᠥᠬᠦᠶ ᠠᠭᠤᠯᠭ᠎ᠠ ᠶᠢᠨ ᠮᠡᠳᠡᠯᠭᠡ ᠵᠡᠷᠭᠡ ᠶᠢ ᠡᠳᠦᠷ ᠪᠦᠷᠢ ᠨᠡᠪᠲᠡᠷᠡᠭᠦᠯᠵᠦ᠂ ᠡᠳᠦᠷ ᠪᠦᠷᠢ  ᠪᠠᠭ᠎ᠠ ᠳ᠋ᠠᠭᠠᠪ ᠬᠤᠶᠠᠷ ᠤᠳᠠᠭ᠎ᠠ᠂ ᠳᠤᠮᠳᠠᠴᠢ ᠪᠠᠷ ᠰᠠᠷ᠎ᠠ ᠪᠦᠷᠢ 80 ᠵᠤᠷᠪᠤᠰ ᠤᠳᠠᠭ᠎ᠠ ᠨᠡᠪᠲᠡᠷᠡᠭᠦᠯᠪᠡ᠃
ᠢᠷᠡᠯᠲᠡ᠄ ᠬᠦᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ