ᠬᠤᠲᠠ ᠶᠢᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠺᠣᠮᠫᠠᠨᠢ ᠶᠢᠨ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠡᠬᠢᠯᠡᠵᠦ ᠲᠤᠷᠰᠢᠨ ᠠᠵᠢᠯᠯᠠᠪᠠ
ᠨᠡᠶᠢᠲᠡᠯᠡᠭᠰᠡᠨ ᠴᠠᠭ᠄
2021/7/22

      ︵ᠰᠤᠷᠪᠤᠯᠵᠢᠯᠠᠭᠴᠢ ᠦ᠋ ᠽᠢ ᠰᠢᠤᠸᠠᠨ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠢᠶ᠎ᠠ

ᠪᠥᠬᠦᠶ ᠱᠠᠭᠠᠷᠳᠠᠯᠭ᠎ᠠ ᠶᠣᠰᠣᠭᠠᠷ᠂ ᠬᠤᠲᠠ ᠶᠢᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠬᠢᠵᠠᠭᠠᠷᠲᠤ ᠺᠣᠮᠫᠠᠨᠢ ᠶᠢᠨ ᠰᠦᠯᠵᠢᠶᠡᠨ ᠳᠡᠭᠡᠷᠡᠬᠢ

ᠡᠵᠡᠩᠨᠡᠯᠲᠡ ᠶᠢᠨ ᠲᠢᠩᠬᠢᠮ ᠨᠢ ᠡᠮᠦᠨᠡᠬᠢ ᠬᠤᠭᠤᠴᠠᠭᠠᠨ ᠤ ᠨᠡᠭᠡᠭᠡᠨ ᠬᠥᠭᠵᠢᠭᠦᠯᠬᠦ᠂ ᠲᠤᠷᠰᠢᠨ ᠲᠣᠬᠢᠷᠠᠭᠤᠯᠬᠤ ᠵᠢᠴᠢ ᠬᠠᠮᠢᠶ᠎ᠠ ᠪᠥᠬᠦᠶ ᠠᠵᠢᠯᠯᠠᠭᠴᠢᠳ ᠲᠤ

ᠪᠣᠯᠪᠠᠰᠤᠷᠠᠭᠤᠯᠤᠯ ᠬᠢᠬᠦ ᠪᠠᠷ ᠳᠡᠮᠵᠢᠨ᠂ ᠣᠳᠣᠬᠠᠨ ᠳᠤ ᠨᠢᠭᠡᠨᠲᠡ ᠰᠦᠯᠵᠢᠶᠡᠨ ᠳᠤ ᠭᠠᠷᠴᠤ ᠲᠤᠷᠰᠢᠨ ᠠᠵᠢᠯᠯᠠᠪᠠ᠃

      ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠪᠣᠯ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠪᠠᠷᠢᠯ ᠮᠥᠨ᠂

ᠢᠨᠲ᠋ᠧᠷ ᠰᠦᠯᠵᠢᠶᠡᠨ ᠤ ᠴᠠᠭ ᠦᠶ᠎ᠡ ᠶᠢᠨ ᠬᠥᠭᠵᠢᠯᠲᠡ ᠶᠢᠨ ᠬᠠᠨᠳᠤᠰᠢ ᠮᠥᠨ᠃ ᠡᠨᠡ ᠵᠢᠯ ᠠᠴᠠ ᠨᠠᠰᠢ᠂ ᠬᠤᠲᠠ ᠶᠢᠨ ᠤᠰᠤ ᠬᠠᠩᠭᠠᠬᠤ ᠤᠰᠤ

ᠭᠠᠳᠠᠭᠰᠢᠯᠠᠭᠤᠯᠬᠤ ᠺᠣᠮᠫᠠᠨᠢ ᠬᠡᠷᠡᠭᠯᠡᠭᠴᠢᠳ ᠤᠨ ᠤᠰᠤ ᠬᠡᠷᠡᠭᠯᠡᠬᠦ  ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠤᠯᠠᠮ ᠨᠢᠭᠡ ᠠᠯᠬᠤᠮ

ᠳᠥᠭᠦᠮ ᠦᠵᠡᠭᠦᠯᠬᠦ ᠶᠢᠨ ᠲᠥᠯᠥᠭᠡ᠂ ᠤᠤᠯ ᠤᠨ ᠤᠰᠤ ᠬᠡᠷᠡᠭᠯᠡᠬᠦ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠴᠣᠮᠬᠠᠳᠬᠠᠨ

ᠰᠢᠯᠢᠳᠡᠭᠵᠢᠭᠦᠯᠦᠭᠰᠡᠨ ᠤ ᠰᠠᠭᠤᠷᠢᠨ ᠳᠡᠭᠡᠷ᠎ᠡ᠂ ︽ᠢᠨᠲ᠋ᠧᠷ ᠰᠦᠯᠵᠢᠶ᠎ᠡ + ᠤᠰᠤ ᠬᠡᠷᠡᠭᠯᠡᠬᠦ ᠦᠢᠯᠡᠴᠢᠯᠡᠭᠡ︾ ᠶᠢᠨ ᠰᠢᠨ᠎ᠡ ᠵᠠᠭᠪᠤᠷ ᠢᠶᠠᠷ ᠲᠦᠰᠢᠭ ᠪᠣᠯᠭᠠᠵᠤ᠂

ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠢ ᠨᠡᠭᠡᠭᠡᠨ ᠪᠥᠲᠥᠭᠡᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ

ᠡᠵᠡᠩᠨᠡᠯᠲᠡ ᠶᠢᠨ ᠲᠢᠩᠬᠢᠮ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠰᠤ ᠬᠡᠷᠡᠭᠯᠡᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ

︽ᠳᠤᠲᠠᠭᠤ ᠭᠦᠶᠦᠬᠦ︾᠂ ᠴᠢᠨᠠᠭᠰᠢᠯᠠᠪᠠᠯ ᠬᠡᠰᠡᠭ ᠲᠤᠬᠠᠶᠢᠯᠠᠭᠰᠠᠨ ᠠᠵᠢᠯ ᠳᠤ ︽ᠭᠦᠶᠦᠬᠦ ᠬᠡᠷᠡᠭ ᠦᠭᠡᠢ︾ ᠬᠠᠷᠠᠯᠲᠠ ᠶᠢ ᠪᠡᠶᠡᠯᠡᠭᠦᠯᠦᠨ᠎ᠡ᠃ ᠰᠦᠯᠵᠢᠶᠡᠨ

ᠳᠡᠭᠡᠷᠡᠬᠢ ᠡᠵᠡᠩᠨᠡᠯᠲᠡ ᠶᠢᠨ ᠲᠢᠩᠬᠢᠮ ᠳᠤ᠂ ᠬᠡᠷᠡᠭᠯᠡᠭᠴᠢ ᠨᠡᠷ᠎ᠡ ᠪᠠᠨ ᠬᠠᠯᠠᠵᠤ ᠳᠠᠩᠰᠠ ᠰᠢᠯᠵᠢᠭᠦᠯᠬᠦ ᠭᠤᠶᠤᠴᠢᠯᠠᠯ ᠭᠠᠷᠭᠠᠬᠤ᠂ ᠬᠤᠪᠢ ᠬᠥᠮᠦᠨ ᠰᠢᠨ᠎ᠡ ᠪᠠᠷ

ᠤᠰᠤ ᠤᠷᠤᠭᠤᠯᠬᠤ᠂ ᠨᠢᠭᠡᠴᠡ ᠰᠢᠨ᠎ᠡ ᠪᠠᠷ ᠤᠰᠤ ᠣᠷᠤᠭᠤᠯᠬᠤ᠂ ᠬᠤᠪᠢ ᠬᠥᠮᠦᠨ ᠵᠢᠴᠢ ᠨᠢᠭᠡᠴᠡ ᠶᠢᠨ ᠪᠠᠷᠢᠮᠲᠠ ᠶᠢᠨ ᠮᠡᠳᠡᠭᠡ ᠵᠠᠩᠭᠢ ᠳᠤ ᠵᠠᠰᠠᠪᠤᠷᠢ

ᠣᠷᠣᠭᠤᠯᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠬᠤ ᠮᠥᠷᠲᠡᠭᠡᠨ ᠪᠠᠰᠠ ᠤᠰᠤ ᠬᠡᠷᠡᠭᠯᠡᠭᠰᠡᠨ ᠢᠶᠠᠨ ᠯᠠᠪᠯᠠᠬᠤ᠂ ᠸᠢᠴᠠᠲ ᠢᠶᠠᠷ ᠤᠰᠤᠨ ᠤ

ᠰᠦᠢᠳᠬᠡᠯ ᠲᠤᠰᠢᠶᠠᠬᠤ ᠵᠡᠷᠭᠡ ᠠᠵᠢᠯ ᠢ ᠭᠦᠢᠴᠡᠳᠬᠡᠵᠦ ᠪᠣᠯᠤᠨ᠎ᠠ᠃ ᠬᠡᠷᠡᠭᠯᠡᠭᠴᠢ ᠬᠥᠬᠡᠬᠤᠲᠠ ᠶᠢᠨ ᠤᠰᠤ ᠬᠠᠩᠭᠠᠬᠤ ᠤᠰᠤ ᠭᠠᠳᠠᠭᠰᠢᠯᠠᠭᠤᠯᠬᠤ

ᠸᠢᠴᠠᠲ ᠤᠨ ᠨᠡᠶᠢᠲᠡ ᠶᠢᠨ ᠳ᠋ᠤᠭᠠᠷ ᠲᠤ ᠠᠩᠬᠠᠷᠤᠯ ᠢᠶᠠᠨ ᠬᠠᠨᠳᠤᠭᠤᠯᠵᠤ᠂ ︽ᠦᠢᠯᠡᠴᠢᠯᠡᠭᠡᠨ ᠤ ᠲᠢᠩᠬᠢᠮ︾ ᠢ ᠲᠣᠪᠴᠢᠳᠠᠬᠤ ᠪᠤᠶᠤ ᠳᠣᠤᠷ᠎ᠠ ᠲᠠᠯ᠎ᠠ ᠶᠢᠨ

ᠸᠢᠴᠠᠲ ᠤᠨ ᠮᠡᠷᠭᠡᠨ ᠴᠣᠬᠤᠷ ᠢ ᠰᠢᠷᠪᠢᠨ ᠰᠢᠭᠤᠳ ᠸᠢᠴᠠᠲ ᠤᠨ ᠰᠦᠯᠵᠢᠶᠡᠨ ᠤ ᠡᠵᠡᠩᠨᠡᠯᠲᠡ ᠶᠢᠨ ᠲᠢᠩᠬᠢᠮ ᠳᠤ ᠣᠷᠣᠵᠤ ᠬᠠᠮᠢᠶ᠎ᠠ ᠪᠥᠬᠦᠶ ᠲᠤᠬᠠᠶᠢᠯᠠᠭᠰᠠᠨ

ᠠᠵᠢᠯ ᠢ ᠭᠦᠢᠴᠡᠳᠬᠡᠵᠦ ᠪᠣᠯᠤᠨ᠎ᠠ᠃

      ᠳᠠᠷᠠᠭᠠᠴᠢ ᠶᠢᠨ ᠠᠯᠬᠤᠮ ᠳᠤ᠂ ᠲᠤᠰ ᠺᠣᠮᠫᠠᠨᠢ ᠠᠴᠠ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠤᠨ ᠴᠢᠳᠠᠮᠵᠢ ᠬᠢᠭᠡᠳ ᠭᠠᠳᠠᠷ ᠦᠵᠡᠮᠵᠢ ᠶᠢ

ᠥᠷᠬᠦᠯᠵᠢᠯᠡᠨ ᠰᠢᠯᠢᠳᠡᠭᠵᠢᠭᠦᠯᠵᠦ᠂ ᠣᠯᠠᠨ ᠠᠷᠭ᠎ᠠ ᠵᠠᠮ ᠤᠨ᠂ ᠪᠥᠬᠦ ᠲᠠᠯ᠎ᠠ ᠶᠢᠨ ᠤᠰᠤ ᠬᠠᠩᠭᠠᠬᠤ ᠪᠠ ᠤᠰᠤ ᠭᠠᠳᠠᠭᠰᠢᠯᠠᠭᠤᠯᠬᠤ ᠢᠨᠲ᠋ᠧᠷ ᠰᠦᠯᠵᠢᠶᠡᠨ ᠤ

ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠡᠷᠡᠭᠯᠡᠭᠴᠢᠳ ᠲᠤ ᠨᠠᠩ ᠥᠨᠳᠥᠷ ᠠᠰᠢᠭᠯᠠᠮᠵᠢ ᠲᠠᠢ᠂ ᠨᠠᠩ ᠳᠥᠭᠦᠮ ᠳᠥᠲᠡ᠂ ᠨᠠᠩ ᠰᠢᠯᠢᠳᠡᠭ

ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃

 

 

 

 

ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ