ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠰᠠᠶᠢᠨ ᠲᠤᠷᠠᠴᠢᠨ ᠡᠯᠰᠡᠵᠦ ᠪᠠᠶᠢᠨ᠎ᠠ
ᠨᠡᠶᠢᠲᠡᠯᠡᠭᠰᠡᠨ ᠴᠠᠭ᠄
2021/7/26
      ︵ᠰᠤᠷᠪᠤᠯᠵᠢᠯᠠᠭᠴᠢ ᠶᠠᠩ ᠶᠦᠩ ᠭᠠᠩ︶ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠨᠡᠶᠢᠭᠡᠮ ᠤᠨ  ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠶᠢᠷᠠᠲᠠᠶ ᠬᠥᠮᠦᠰ ᠲᠤ ᠥᠪᠡᠷ ᠢ ᠪᠠᠨ ᠬᠠᠷᠠᠭᠤᠯᠬᠤ᠂ ᠣᠯᠠᠨ ᠲᠦᠮᠡᠨ ᠳᠤ ᠦᠢᠯᠡᠴᠢᠯᠡᠬᠦ  ᠲᠠᠪᠴᠠᠩ ᠬᠠᠩᠭᠠᠬᠤ ᠶᠢᠨ ᠲᠥᠯᠥᠭᠡ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠨᠡᠶᠢᠭᠡᠮ ᠨᠡᠶᠢᠲᠡ ᠠᠴᠠ ᠰᠠᠶᠢᠨ ᠳᠤᠷ᠎ᠠ ᠶᠢᠨ ᠠᠵᠢᠯᠯᠠᠭᠴᠢ ᠶᠢ ᠢᠯᠡ ᠪᠠᠷ ᠡᠯᠰᠡᠵᠦ ᠪᠠᠶᠢᠨ᠎ᠠ᠃      ᠣᠶᠢᠯᠠᠭᠠᠭᠰᠠᠨ ᠢᠶᠠᠷ᠂ ᠡᠯᠰᠡᠬᠦ ᠨᠥᠬᠦᠴᠡᠯ ᠨᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ ᠪᠠᠶᠢᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠤᠯᠠᠮᠵᠢᠯᠠᠨ ᠲᠡᠯᠭᠡᠷᠡᠬᠦᠯᠬᠦ ᠵᠣᠷᠢᠭ ᠲᠡᠮᠡᠥᠯᠥᠯ ᠲᠠᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠳᠤᠷᠠᠲᠠᠶ ᠪᠠᠶᠢᠬᠤ ᠬᠡᠷᠡᠭᠲᠡᠢ︔ ᠬᠠᠷᠢᠴᠠᠩᠭᠤᠶ  ᠬᠦᠢᠴᠡᠳ ᠪᠥᠭᠡᠳ ᠲᠣᠭᠲᠠᠮᠠᠯ ᠡᠵᠡᠮᠳᠡᠵᠦ ᠪᠣᠯᠬᠤ ᠴᠠᠭ ᠲᠠᠢ ᠪᠠᠶᠢᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠵᠣᠬᠢᠶᠠᠨ ᠪᠠᠶᠢᠭᠤᠯᠤᠭᠰᠠᠨ ᠬᠤᠯᠪᠤᠭᠳᠠᠯ ᠪᠥᠬᠦᠶ ᠪᠣᠯᠪᠠᠰᠤᠷᠠᠭᠤᠯᠤᠯ ᠵᠢᠴᠢ ᠠᠵᠢᠯᠯᠠᠭ᠎ᠠ ᠳᠤ ᠣᠷᠣᠯᠴᠠᠵᠤ ᠳᠡᠶᠢᠯᠬᠦ ᠬᠡᠷᠡᠭᠲᠡᠶ᠃ ᠲᠣᠰ  ᠤᠳᠠᠭ᠎ᠠ ᠦᠵᠡᠭᠦᠯᠦᠯᠭᠡ ᠶᠢᠨ ᠲᠢᠩᠬᠢᠮ  ᠳᠤ ᠰᠠᠶᠢᠨ ᠳᠤᠷ᠎ᠠ ᠶᠢᠨ ᠠᠵᠢᠯᠯᠠᠭᠴᠢ 60 ᠬᠥᠮᠦᠨ ᠡᠯᠰᠡᠨ᠎ᠡ᠂ ᠦᠢᠯᠡᠴᠢᠯᠡᠭᠡᠨ ᠤ ᠠᠭᠤᠯᠭ᠎ᠠ ᠨᠢ ᠦᠵᠡᠭᠦᠯᠦᠯᠭᠡ ᠶᠢᠨ  ᠵᠦᠢᠯᠡᠰ ᠤᠨ ᠠᠵᠢᠯᠯᠠᠭᠠᠨ ᠤ ᠪᠠᠶᠢᠳᠠᠯ ᠢ ᠲᠣᠭᠤᠷᠢᠨ ᠪᠠᠶᠢᠴᠠᠭᠠᠵᠤ᠂ ᠡᠯ᠎ᠡ ᠵᠦᠢᠯ ᠤᠨ ᠰᠠᠭᠠᠳ ᠤᠨ ᠦᠵᠡᠭᠳᠡᠯ ᠢ ᠴᠠᠭ ᠲᠤᠬᠠᠶ ᠳᠤᠨᠢ ᠢᠯᠡᠷᠡᠭᠦᠯᠵᠦ᠂ ᠠᠰᠠᠷ ᠤᠨ ᠳᠠᠪᠬᠤᠷᠭ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠪᠰᠤᠷᠤᠨ ᠵᠢᠯᠣᠭᠤᠳᠣᠭᠴᠢ ᠲᠠᠢ ᠬᠠᠷᠢᠯᠴᠠᠵᠤ ᠰᠡᠯᠪᠢᠨ ᠵᠠᠰᠠᠬᠤ ᠪᠠᠷ ᠮᠡᠳᠡᠭᠦᠯᠦᠨ᠎ᠡ︔ ᠦᠵᠡᠭᠦᠯᠦᠯᠭᠡ ᠶᠢᠨ ᠲᠢᠩᠬᠢᠮ ᠢ ᠲᠣᠭᠤᠷᠢᠨ ᠪᠠᠶᠢᠴᠠᠭᠠᠵᠤ᠂ ᠦᠵᠡᠭᠴᠢᠳ ᠤᠨ ᠠᠮᠤᠷ ᠲᠦᠪᠰᠢᠨ ᠡᠮᠬᠢ ᠳᠢᠭᠯᠢᠮ ᠲᠠᠢ ᠲᠣᠭᠤᠷᠢᠨ ᠦᠵᠡᠬᠦ ᠶᠢ ᠬᠦᠳᠦᠯᠦᠨ ᠵᠢᠯᠣᠭᠤᠳᠴᠤ᠂ ᠦᠵᠡᠭᠴᠢᠳ ᠤᠨ ᠮᠠᠭᠤ ᠰᠠᠨᠠᠭ᠎ᠠ ᠲᠠᠢ ᠪᠠᠷ ᠣᠷᠤᠯᠳᠤᠬᠤ ᠶᠢ ᠴᠠᠭ ᠲᠤᠬᠠᠢ ᠳᠤᠨᠢ ᠢᠯᠡᠷᠡᠭᠦᠯᠦᠨ ᠬᠤᠷᠢᠭᠯᠠᠵᠤ᠂ ᠦᠵᠡᠭᠦᠯᠦᠯᠭᠡ ᠶᠢᠨ ᠲᠢᠩᠬᠢᠮ ᠤᠨ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠨ᠎ᠡ︔ ᠦᠵᠡᠭᠴᠢᠳ ᠤᠨ ᠮᠠᠳᠠᠭ ᠲᠠᠢ ᠠᠰᠠᠭᠤᠳᠠᠯ ᠢ ᠬᠠᠯᠠᠭᠤᠮᠰᠤᠭ ᠢᠶᠠᠷ ᠲᠠᠶᠢᠯᠪᠤᠷᠢᠯᠠᠵᠤ᠂ ᠬᠡᠷᠡᠭᠴᠡᠭᠡ  ᠱᠠᠭᠠᠷᠳᠠᠯᠭ᠎ᠠ ᠲᠠᠢ ᠦᠵᠡᠭᠴᠢᠳ ᠲᠤ ᠳᠡᠯᠭᠡᠨ ᠦᠵᠡᠭᠦᠯᠬᠦ ᠵᠦᠢᠯᠡᠰ ᠢ ᠵᠥᠪ ᠣᠨᠣᠪᠴᠢᠲᠠᠢ ᠣᠷᠤᠯᠳᠤᠵᠤ ᠠᠵᠢᠯᠯᠠᠭᠤᠯᠬᠤ ᠠᠷᠭ᠎ᠠ ᠵᠢᠴᠢ ᠳᠡᠯᠭᠡᠨ  ᠦᠵᠡᠭᠦᠯᠦᠯᠭᠡ ᠶᠢᠨ ᠵᠦᠢᠯᠡᠰ ᠤᠨ ᠦᠨᠳᠦᠰᠦᠨ ᠤᠭ ᠶᠣᠰᠣ ᠶᠢ ᠤᠬᠠᠭᠤᠯᠤᠨ ᠲᠠᠶᠢᠯᠪᠤᠷᠢᠯᠠᠵᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠬᠠᠪᠰᠤᠷᠤᠨ ᠵᠢᠯᠤᠭᠤᠳᠤᠯᠭ᠎ᠠ ᠬᠠᠩᠭᠠᠨ᠎ᠠ᠃ ᠨᠡᠷ᠎ᠡ ᠮᠡᠳᠡᠭᠦᠯᠬᠦ ᠨᠠᠰᠤ ᠨᠢ 16 — 65 ᠪᠦᠬᠦᠯᠢ ᠨᠠᠰᠤ᠂ ᠶᠡᠭᠡ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠂ ᠨᠡᠷ᠎ᠡ ᠮᠡᠳᠡᠭᠦᠯᠬᠦ ᠴᠠᠭ ᠨᠢ 7  ᠳ᠋ᠤᠭᠠᠷ ᠰᠠᠷ᠎ᠠ ᠶᠢᠨ 17 ᠤ ᠡᠳᠦᠷ ᠠᠴᠠ 8  ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃      ᠡᠴᠢᠭᠡ ᠡᠬᠡ ᠨᠢ ᠬᠡᠦᠭᠡᠳ ᠲᠠᠢ ᠪᠠᠨ ᠤᠷᠤᠯᠴᠠᠬᠤ ︽ᠪᠢᠴᠢᠬᠠᠨ ᠰᠠᠶᠢᠨ ᠲᠤᠷᠠᠴᠢᠨ︾  ᠳᠤ ᠡᠯᠰᠡᠬᠦ ᠬᠥᠮᠦᠨ ᠤ ᠲᠤᠭ᠎ᠠ ᠨᠢ 40 ᠳᠤᠭᠤᠶᠢᠯᠠᠩ ︵ᠨᠡᠶᠢᠲᠡ 80 ᠬᠥᠮᠦᠨ︶ ᠪᠣᠯᠤᠨ᠎ᠠ᠃ ︽ ᠪᠢᠴᠢᠬᠠᠨ ᠰᠠᠶᠢᠨ ᠲᠤᠷᠠᠴᠢᠨ︾  ᠤ ᠠᠵᠢᠯᠯᠠᠭ᠎ᠠ ᠪᠣᠯ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ 9 — 15 ᠪᠦᠬᠦᠯᠢ ᠨᠠᠰᠤᠨ ᠤ ᠪᠠᠭᠠᠴᠤᠳ ᠬᠡᠤᠬᠡᠳ ᠲᠤ ᠬᠠᠨᠳᠤᠭᠤᠯᠤᠭᠰᠠᠨ ᠠᠵᠢᠯᠯᠠᠭ᠎ᠠ ᠪᠣᠯᠤᠨ᠎ᠠ᠂  ᠦᠢᠯᠡᠴᠢᠯᠡᠭᠡᠨ ᠤ ᠠᠭᠤᠯᠭ᠎ᠠ ᠨᠢ ︽ᠪᠥᠬᠦᠳᠡ ᠨᠠᠶᠢᠷᠠᠮᠳᠠᠬᠤ ᠤᠯᠤᠰ  ᠢᠶᠠᠨ ᠮᠠᠭᠲᠠᠨ  ᠳᠠᠭᠤᠯᠠᠶ᠎ᠠ︾ ᠦᠵᠡᠭᠦᠯᠦᠯᠭᠡ ᠶᠢᠨ ᠲᠢᠩᠬᠢᠮ ᠳᠤ ᠲᠠᠶᠢᠯᠤᠮᠵᠢ ᠬᠢᠨ᠎ᠡ᠃ ᠨᠡᠷ᠎ᠡ ᠮᠡᠳᠡᠭᠦᠯᠬᠦ ᠨᠠᠰᠤ ᠨᠢ 9 ᠠᠴᠠ 15 ᠨᠠᠰᠤᠨ ᠤ ᠵᠠᠯᠠᠭᠤᠴᠤᠳ ᠪᠠᠭᠠᠴᠤᠳ ᠵᠢᠴᠢ 50 ᠨᠠᠰᠤᠨ ᠠᠴᠠ ᠳᠣᠷᠣᠭᠰᠢᠬᠢ ᠬᠡᠷ ᠤᠨ ᠠᠬᠠᠮᠠᠳ ᠪᠣᠯᠤᠨ᠎ᠠ᠃ ᠨᠡᠷ᠎ᠡ ᠮᠡᠳᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠲᠤ ᠪᠠᠭ᠋ᠠᠲᠠᠶ  ᠪᠠᠶᠢᠬᠤ ᠶᠢ ᠱᠠᠭᠠᠷᠳᠠᠨ᠎ᠠ᠂ ᠡᠷᠬᠡᠪᠰᠢ ᠬᠡᠤᠬᠡᠳ ᠪᠠ ᠡᠴᠢᠭᠡ ᠡᠬᠡ ᠨᠢ ᠳᠤᠭᠤᠶᠢᠯᠠᠩ ᠪᠠᠶᠢᠭᠤᠯᠤᠨ ᠣᠷᠣᠯᠴᠠᠵᠤ ᠂ ᠦᠭᠡ ᠬᠡᠯᠡᠨ ᠤ ᠢᠯᠡᠳᠬᠡᠬᠦ ᠴᠢᠳᠠᠪᠤᠷᠢ ᠪᠠᠷ ᠴᠢᠩᠭ᠎ᠠ᠂  ᠨᠡᠪᠳᠡᠷᠡᠭᠦᠯᠵᠦ ᠬᠦᠳᠦᠯᠦᠭᠰᠡᠨ ᠲᠤᠷᠰᠢᠯᠭ᠎ᠠ ᠲᠠᠢ ᠪᠢᠴᠢᠬᠠᠨ ᠨᠠᠶᠢᠵᠠ ᠨᠠᠷ ᠢ ᠤᠷᠢᠳᠠᠪᠠᠷ ᠡᠯᠰᠡᠨ᠎ᠡ᠃ ᠨᠡᠷ᠎ᠡ ᠮᠡᠳᠡᠭᠦᠯᠬᠦ ᠴᠠᠭ ᠨᠢ 7 ᠳ᠋ᠤᠭᠠᠷ ᠰᠠᠷ᠎ᠠ ᠶᠢᠨ 15 ᠤ ᠡᠳᠦᠷ ᠠᠴᠠ 7 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ   ᠸᠢᠴᠠᠲ ᠤᠨ ᠨᠡᠶᠢᠲᠡ ᠶᠢᠨ ᠳ᠋ᠤᠭᠠᠷ ᠲᠤ ᠤᠷᠢᠳᠴᠢᠯᠠᠨ ᠨᠡᠷ᠎ᠡ  ᠮᠡᠳᠡᠭᠦᠯᠦᠨ᠎ᠡ ︔ 7 ᠳ᠋ᠤᠭᠠᠷ ᠰᠠᠷ᠎ᠠ ᠶᠢᠨ 18 ᠤ ᠡᠳᠦᠷ ᠠᠴᠠ 7 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ ᠬᠡᠷ ᠤᠨ ᠠᠬᠠᠮᠠᠳ ᠬᠡᠤᠬᠡᠳ ᠢᠶᠠᠨ ᠳᠠᠭᠠᠭᠤᠯᠤᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠦᠵᠡᠭᠴᠢᠳ ᠲᠤ ᠦᠢᠯᠡᠴᠢᠯᠡᠬᠦ ᠲᠥᠪ ᠲᠤ ᠲᠤᠬᠠᠶ ᠶᠢᠨ  ᠲᠠᠯᠠᠪᠤᠷ ᠲᠤ ᠮᠠᠲ᠋ᠧᠷᠢᠶᠠᠯ ᠢᠶᠠᠨ ᠬᠢᠨᠠᠭᠤᠯᠵᠤ ᠲᠦᠭᠦᠮᠬᠡᠨ ᠨᠢᠭᠤᠷᠳᠠᠨ ᠰᠢᠯᠭᠠᠯᠲᠠ ᠳᠤ ᠣᠷᠤᠯᠴᠠᠨ᠎ᠠ᠃      ᠲᠤᠰᠬᠠᠶ ᠮᠡᠷᠭᠡᠵᠢᠯᠲᠡᠨ ᠤ ᠬᠡᠯᠪᠡᠷᠢ ᠶᠢᠨ ᠰᠠᠶᠢᠨ ᠳᠤᠷᠠᠴᠢᠨ ᠢ 20 ᠬᠥᠮᠦᠨ ᠡᠯᠰᠡᠵᠦ᠂ ᠭᠤᠤᠯᠳᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ᠂  ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠭᠠᠵᠠᠷ ᠪᠤᠶᠤ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠪᠤᠶᠤ ᠠᠰᠫᠢᠷᠠᠨᠲ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠰᠢᠨᠵᠢᠯᠡᠬᠦ ᠤᠬᠠᠭᠠᠨ ᠮᠡᠷᠭᠡᠵᠢᠯ ᠳᠤ ᠳᠤᠷ᠎ᠠ ᠪᠠᠭ᠋ᠠᠲᠠᠶ ᠬᠥᠮᠦᠰ ᠢᠶᠠᠷ ᠭᠤᠤᠯᠯᠠᠭᠤᠯᠤᠨ᠎ᠠ᠃ ᠦᠢᠯᠡᠴᠢᠯᠡᠭᠡᠨ ᠤ ᠠᠭᠤᠯᠭ᠎ᠠ ᠶᠢ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠪᠤᠶᠤ ᠳᠤᠷ᠎ᠠ ᠰᠣᠨᠢᠷᠬᠠᠯ ᠢ ᠨᠢ ᠦᠨᠳᠦᠰᠦᠯᠡᠵᠦ᠂ ᠦᠵᠡᠭᠦᠯᠦᠯᠭᠡ ᠶᠢᠨ ᠲᠣᠭᠤᠷᠢᠭ ᠤᠨ ᠠᠬᠤᠶ ᠲᠠᠯᠠᠪᠠᠶ ᠳᠤ ᠦᠵᠡᠭᠴᠢᠳ ᠲᠤ ᠲᠠᠶᠢᠯᠤᠮᠵᠢ ᠬᠢᠵᠦ᠂ ᠬᠢᠵᠦ ᠦᠵᠡᠭᠦᠯᠬᠦ ᠪᠤᠶᠤ ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ ᠬᠢᠨ᠎ᠠ᠃ ᠨᠡᠷ᠎ᠡ ᠮᠡᠳᠡᠭᠦᠯᠬᠦ ᠨᠠᠰᠤ ᠨᠢ 70 ᠨᠠᠰᠤᠨ ᠠᠴᠠ ᠳᠣᠷᠣᠭᠰᠢ ᠪᠠᠶᠢᠵᠤ᠂ ᠨᠡᠷ᠎ᠡ ᠮᠡᠳᠡᠭᠦᠯᠬᠦ ᠴᠠᠭ ᠨᠢ 7  ᠳ᠋ᠤᠭᠠᠷ ᠰᠠᠷ᠎ᠠ ᠶᠢᠨ 17 ᠤ ᠡᠳᠦᠷ ᠠᠴᠠ 8  ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃ ᠤᠳᠠᠭ᠎ᠠ ᠪᠦᠷᠢ ᠶᠢᠨ ᠦᠢᠯᠡᠴᠢᠯᠡᠭᠡᠨ ᠤ ᠴᠠᠭ ᠨᠢ 2 ᠠᠴᠠ 3 ᠴᠠᠭ ᠪᠠᠶᠢᠵᠤ᠂ ᠨᠡᠷ᠎ᠡ ᠮᠡᠳᠡᠭᠦᠯᠬᠦ ᠠᠷᠭ᠎ᠠ ᠮᠠᠶ᠋ᠢᠭ ᠨᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠦᠵᠡᠭᠴᠢᠳ ᠲᠤ ᠦᠢᠯᠡᠴᠢᠯᠡᠬᠦ ᠲᠥᠪ  ᠲᠤ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠦᠨ᠎ᠡ᠃  
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ