ᠳᠡᠭᠡᠷ᠎ᠡ ᠬᠠᠭᠠᠰ ᠵᠢᠯ ᠤᠨ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/7/28
      ︵ᠰᠤᠷᠪᠤᠯᠵᠢᠯᠠᠭᠴᠢ ᠶᠦᠨ ᠶᠠᠨ ᠹᠠᠩ︶ 7 ᠳ᠋ᠤᠭᠠᠷ ᠰᠠᠷ᠎ᠠ ᠶᠢᠨ 27 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ 2021 ᠣᠨ ᠤ ᠳᠡᠭᠡᠷ᠎ᠡ ᠬᠠᠭᠠᠰ ᠵᠢᠯ ᠤᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠯ᠎ᠡ ᠬᠦᠷᠢᠶᠡᠨ ᠤ ᠳᠡᠭᠡᠷ᠎ᠡ ᠬᠠᠭᠠᠰ ᠵᠢᠯ ᠤᠨ ᠬᠥᠭᠵᠢᠯᠲᠡ ᠶᠢᠨ ᠪᠠᠶᠢᠳᠠᠯ ᠢ ᠨᠡᠶᠢᠲᠡᠯᠡᠪᠡ᠃      ᠳᠡᠭᠡᠷ᠎ᠡ ᠬᠠᠭᠠᠰ ᠵᠢᠯ ᠳᠤ ᠮᠠᠨ ᠤ ᠬᠤᠲᠠ ᠶᠢᠨ ᠠᠵᠤ ᠠᠬᠤᠶ ᠶᠢᠨ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠵᠤ᠂ ᠴᠥᠮ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠦᠨ᠂ ᠵᠢᠯ ᠤᠨ ᠡᠬᠢᠨ ᠤ ᠵᠢᠱᠢᠯᠲᠡ ᠠᠴᠠ ᠰᠠᠶᠢᠨ ᠪᠣᠯᠵᠣ᠂ ᠴᠠᠭ᠂ ᠡᠭᠦᠷᠭᠡ ︽ᠬᠤᠶᠠᠷ ᠢ ᠬᠠᠭᠠᠰ ᠠᠴᠠ ᠳᠠᠪᠠᠭᠤᠯᠪᠠ︾︔ ᠡᠳ᠋ ᠤᠨ ᠵᠠᠰᠠᠭ ᠤᠨ ᠲᠠᠩᠰᠠᠨ ᠳᠠᠬᠢ ᠠᠷᠠᠳ ᠤᠨ ᠠᠮᠢᠳᠤᠷᠠᠯ ᠤᠨ ᠦᠩᠭᠡ ᠪᠤᠳᠤᠭ ᠢ ᠨᠡᠩ ᠵᠤᠵᠠᠭᠠᠳᠬᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠶᠡᠬᠡᠪᠡᠷ ᠨᠡᠮᠡᠭᠳᠡᠭᠦᠯᠵᠦ᠂ ᠵᠣᠯ ᠵᠢᠷᠭᠠᠯ ᠤᠨ ᠲᠦᠷᠦᠭᠳᠡᠯ ᠢ ᠨᠡᠩ ᠤᠳᠠᠭᠠᠨ ᠴᠢᠨᠠᠷ ᠲᠠᠢ ᠪᠣᠯᠭᠠᠵᠤ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠵᠠᠢ︔ ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ︽ᠠᠷᠠᠳ ᠲᠦᠮᠡᠨ ᠢᠶᠠᠷ ᠭᠤᠤᠯ ᠪᠣᠯᠭᠠᠬᠤ︾ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠲᠥᠪ ᠬᠤᠲᠠ ᠶᠢ ᠭᠠᠵᠠᠷ ᠳᠡᠭᠡᠷ᠎ᠡ ᠠᠴᠠ ᠭᠠᠵᠠᠷ ᠳᠣᠤᠷ᠎ᠠ᠂ ᠳᠦᠷᠢ ᠳᠦᠷᠰᠦ ᠠᠴᠠ ᠳᠣᠲᠣᠭᠠᠳᠤ ᠠᠭᠤᠯᠬᠤᠨ ᠬᠦᠷᠲᠡᠯ᠎ᠡ ᠶᠡᠭᠡ ᠬᠡᠮᠵᠢᠶ᠎ᠡ ᠪᠠᠷ ᠬᠤᠪᠢᠷᠠᠭᠤᠯᠤᠨ ᠳᠡᠭᠡᠭᠰᠢᠯᠡᠭᠦᠯᠵᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ 96.98% ᠳᠤ ᠬᠦᠷᠭᠡᠵᠦ᠂ ᠬᠤᠲᠠ ᠶᠢᠨ ᠠᠷᠠᠳ ᠤᠨ ᠣᠷᠣᠰᠢᠨ ᠰᠠᠭᠤᠬᠤ ᠳᠤ ᠨᠠᠩ ᠲᠠᠭᠠᠯᠠᠮᠵᠢᠲᠠᠶ᠂ ᠶᠠᠪᠤᠵᠤ ᠰᠠᠭᠤᠬᠤ ᠳᠤ ᠨᠠᠩ ᠲᠥᠬᠦᠮ᠂ ᠬᠤᠲᠠ ᠶᠢᠨ ᠣᠷᠴᠢᠨ ᠲᠣᠭᠤᠷᠢᠨ ᠨᠢ ᠨᠠᠩ ᠭᠤᠶᠣ ᠰᠠᠶᠢᠬᠠᠨ᠂ ᠠᠭᠤᠷ ᠠᠮᠢᠰᠬᠤᠯ ᠨᠢ ᠨᠠᠩ ᠴᠡᠪᠡᠷ ᠲᠤᠩᠭᠠᠯᠠᠭ᠂ ᠬᠠᠮᠢᠶᠠᠷᠤᠯᠲᠠ ᠨᠢ ᠨᠠᠩ ᠤᠬᠠᠭᠠᠯᠢᠭ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠬᠤᠲᠠ ᠶᠢ ᠴᠢᠷᠮᠠᠶᠢᠨ ᠪᠠᠶᠢᠭᠤᠯᠪᠠ︔ ᠮᠠᠨ ᠤ ᠬᠤᠳᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠠᠭᠤᠯᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠬᠦᠴᠦᠨ ᠢᠶᠠᠷ ᠢᠶᠠᠨ ᠦᠢᠯᠡᠳᠦᠯᠭᠡᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠥᠷᠨᠢᠭᠦᠯᠵᠦ᠂ ᠳᠡᠭᠡᠷ᠎ᠡ ᠬᠠᠭᠠᠰ ᠵᠢᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ︔ ᠡᠨᠡ ᠵᠢᠯ ᠠᠴᠠ ᠨᠠᠭᠠᠰᠢ᠂ ᠮᠠᠨ ᠤ ᠬᠤᠲᠠ ᠶᠢᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ︽ᠴᠠᠭᠠᠨ ᠢᠳᠡᠭᠡᠨ ᠤ ᠦᠢᠯᠡᠰ ᠢᠶᠠᠷ ᠭᠤᠤᠯ ᠪᠣᠯᠭᠠᠭᠰᠠᠨ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ︾ ᠪᠠ ︽8 ᠵᠠᠭᠤᠨ ᠲᠦᠮᠡ︾ ᠶᠢᠨ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠬᠡᠰᠡᠭ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠪᠥᠬᠦ ᠲᠠᠯ᠎ᠠ ᠪᠠᠷ  ᠡᠬᠢᠯᠡᠵᠦ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠷᠤᠭᠰᠢᠲᠠᠶ ᠶᠠᠪᠤᠭᠳᠠᠵᠤ᠂ ᠲᠠᠷᠢᠶᠠᠯᠠᠩ ᠮᠠᠯ ᠠᠵᠤ ᠠᠬᠤᠶ ᠶᠢᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠬᠥᠳᠡᠭᠡ ᠲᠣᠰᠬᠤᠨ ᠤ ᠨᠡᠶᠢᠭᠡᠮ ᠡᠶ᠎ᠡ ᠵᠣᠬᠢᠴᠠᠯ ᠲᠠᠢ ᠲᠣᠭᠲᠠᠭᠤᠨ ᠪᠠᠶᠢᠨ᠎ᠠ᠃      ᠠᠷᠠᠳ ᠤᠨ ᠡᠳᠦᠷ ᠤᠨ ᠰᠣᠨᠢᠨ ︵ᠠᠷᠠᠳ ᠤᠨ ᠰᠦᠯᠵᠢᠶ᠎ᠡ︶᠂ ᠰᠢᠨᠬᠤᠸᠠ ᠬᠤᠷᠢᠶ᠎ᠠ ︵ᠰᠢᠨᠬᠤᠸᠠ ᠰᠦᠯᠵᠢᠶ᠎ᠡ︶᠂ ᠲᠥᠪ ᠤᠨ ᠷᠠᠳᠢᠤ᠋ ᠲᠧᠯᠸᠢᠰ ᠤᠨ ᠶᠡᠷᠦᠩᠬᠡᠢ ᠬᠤᠷᠢᠶ᠎ᠠ ︵ᠲᠥᠪ ᠤᠨ ᠷᠠᠳᠢᠤ᠋ ᠨᠡᠪᠲᠡᠷᠡᠭᠦᠯᠭᠡ ᠶᠢᠨ ᠰᠦᠯᠵᠢᠶ᠎ᠡ ᠲᠥᠪ ᠲᠧᠯᠸᠢᠰ ᠤᠨ ᠰᠦᠯᠵᠢᠶ᠎ᠡ︶ ᠵᠡᠷᠭᠡ ᠲᠥᠪ ᠤᠨ᠂ ᠥᠪᠡᠷᠲᠡᠭᠡᠨ ᠵᠠᠰᠠᠬᠤ ᠣᠷᠣᠨ ᠤ᠂ ᠬᠥᠬᠡᠬᠤᠲᠠ ᠶᠢᠨ ᠣᠯᠠᠨ ᠭᠤᠣᠯ ᠵᠠᠭᠤᠴᠢᠯᠠᠭᠤᠷ ᠵᠢᠴᠢ ᠰᠦᠯᠵᠢᠶᠡᠨ ᠤ ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ