ᠮᠠᠨ ᠤ ᠬᠤᠲᠠ 4642 ᠢᠵᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠢᠯᠡ ᠪᠠᠷ ᠰᠢᠪᠠᠭ᠎ᠠ ᠰᠤᠭᠤᠯᠤᠨ ᠲᠦᠷᠢᠶᠡᠰᠦᠯᠡᠵᠦ ᠪᠠᠶᠢᠨ᠎ᠠ
ᠨᠡᠶᠢᠲᠡᠯᠡᠭᠰᠡᠨ ᠴᠠᠭ᠄
2021/7/28
        ᠬᠤᠲᠠ ᠪᠠᠯᠭᠠᠰᠤᠨ ᠤ ᠳᠤᠮᠳᠠ ᠳᠤᠤᠷ᠎ᠠ  ᠣᠷᠣᠯᠭ᠎ᠠ ᠲᠠᠢ  ᠬᠥᠮᠦᠰ ᠤᠨ  ᠣᠷᠣᠨ  ᠰᠠᠭᠤᠴᠠ ᠶᠢᠨ  ᠬᠦᠴᠢᠷᠳᠡᠯ ‍ᠤᠨ‌ᠠᠰᠠᠭᠤᠳᠠᠯ ᠢ ᠦᠨᠡᠨ ᠬᠦ  ᠰᠢᠢᠳᠪᠦᠷᠢᠯᠡᠬᠦ ᠶᠢᠨ ᠲᠥᠯᠥᠭᠡ᠂ 2021 ᠣᠨ ᠤ ᠬᠥᠬᠡᠬᠤᠲᠠ ᠶᠢᠨ ᠣᠯᠠᠨ ᠨᠡᠶᠢᠲᠡ ᠵᠢᠨ‌‍ᠲ᠋ᠦ᠋ᠷᠢᠶᠡᠰᠦᠨ ᠣᠷᠣᠨ ᠰᠠᠭᠤᠴᠠ ᠶᠢ ᠢᠯᠡ ᠪᠠᠷ ᠲᠦᠷᠢᠶᠠᠰᠦᠯᠡᠬᠦ ᠠᠵᠢᠯᠯᠠᠭ᠎ᠠ 7 ᠰᠠᠷ᠎ᠠ ᠶᠢᠨ 25 ᠤ ᠡᠳᠦᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ ᠶᠠᠪᠤᠭᠳᠠᠪᠠ᠃              ᠡᠨᠡ ᠤᠳᠠᠭᠠᠨ ᠤ ᠢᠯᠡ ᠪᠠᠷ ᠰᠢᠪᠠᠭ᠎ᠠ ᠰᠤᠭᠤᠯᠬᠤ ᠠᠵᠢᠯᠯᠠᠭ᠎ᠠ ᠨᠢ ᠡᠷᠬᠡ ᠲᠡᠭᠰᠢ᠂ ᠲᠥᠪ ᠭᠤᠤᠯᠴᠢ᠂ ᠢᠯᠡ ᠪᠠᠶᠢᠬᠤ ᠵᠠᠷᠴᠢᠮ ᠢ ᠵᠢᠷᠤᠮᠯᠠᠨ᠂ ᠬᠥᠬᠡᠬᠤᠲᠠ ᠶᠢᠨ ᠳᠤᠮᠳᠠ ᠳᠤᠤᠷ᠎ᠠ ᠣᠷᠣᠯᠭ᠎ᠠ ᠲᠠᠢ ᠬᠥᠮᠦᠰ ᠲᠤ ᠬᠠᠨᠳᠤᠭᠤᠯᠤᠨ ᠶᠠᠪᠤᠭᠳᠠᠭᠤᠯᠵᠦ ᠪᠤᠢ᠃ ᠡᠨᠡ ᠤᠳᠠᠭᠠᠨ ᠤ ᠢᠯᠡ ᠪᠠᠷ ᠳᠣᠭᠢᠷᠠᠭᠤᠯᠤᠨ ᠲᠦᠷᠢᠶᠡᠰᠦᠯᠡᠬᠦ ᠳᠤ  ᠣᠷᠣᠯᠴᠠᠭᠰᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ 46 ᠪᠠᠶᠢᠵᠤ᠂ ᠨᠡᠶᠢᠲᠡ 5145 ᠢᠵᠢ ᠬᠡᠷ ᠪᠠᠶᠢᠰᠢᠩ ᠬᠠᠩᠭᠠᠪᠠ᠂ ᠡᠭᠦᠨ ᠳᠤ  4642 ᠢᠵᠢ ᠬᠡᠷ ᠪᠠᠢᠰᠢᠩ ᠢ ᠰᠢᠪᠠᠭ᠎ᠠ ᠰᠤᠭᠤᠯᠵᠤ ᠳᠣᠭᠢᠷᠠᠭᠤᠯᠤᠨ ᠲᠦᠷᠢᠶᠡᠰᠦᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠨᠡᠶᠢᠲᠡ ᠶᠢᠨ  ᠮᠠᠰᠢᠨ ᠲᠡᠷᠭᠡᠨ ᠤ ᠵᠢᠯᠣᠭᠤᠴᠢ ᠵᠡᠷᠭᠡ ᠭᠤᠤᠯᠳᠠᠯᠭ᠎ᠠ ᠲᠠᠢ ᠪᠠᠲᠤᠯᠠᠭ᠎ᠠ ᠶᠢᠨ ᠬᠦᠮᠦᠰ ᠲᠤ ᠬᠠᠨᠳᠤᠯᠭ᠎ᠠ ᠲᠠᠢ ᠪᠠᠷ ᠳᠣᠭᠢᠷᠠᠭᠤᠯᠤᠨ ᠲᠦᠷᠢᠶᠡᠰᠦᠯᠡᠬᠦᠯᠬᠦ ᠬᠡᠷ ᠪᠠᠶᠢᠰᠢᠩ 503 ᠢᠵᠢ ᠪᠤᠢ᠃       ᠣᠷᠴᠢᠮ ᠤᠨ  ᠵᠢᠯ  ᠤᠳ ᠲᠤ᠂ ᠮᠠᠨ ᠤ ᠬᠤᠲᠠ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ  ᠪᠦᠲᠦᠭᠡᠨ ᠪᠠᠶᠢᠭᠤᠯᠤᠯᠲᠠ ᠶᠢ  ᠶᠡᠬᠡᠪᠡᠷ ᠬᠥᠭᠵᠢᠭᠦᠯᠬᠦ ᠲᠤᠬᠠᠶ ᠤᠯᠤᠰ ᠦᠪᠡᠷᠳᠡᠭᠡᠨ ᠵᠠᠰᠠᠬᠤ ᠤᠷᠤᠨ ᠬᠤᠲᠠ ᠶᠢᠨ ᠨᠠᠮ ᠤᠨ ᠬᠤᠷᠢᠶ᠎ᠠ ᠪᠠ ᠬᠤᠲᠠ ᠶᠢᠨ ᠵᠠᠰᠠᠭ ᠤᠨ ᠣᠷᠳᠣᠨ ᠤ ᠠᠵᠢᠯ ᠤᠨ  ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠬᠤᠲᠠ ᠶᠢᠨ  ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠠ ᠶᠢᠨ ᠳᠤᠮᠳᠠ ᠳᠤᠤᠷ᠎ᠠ ᠣᠷᠣᠯᠭ᠎ᠠ ᠲᠠᠢ ᠭᠡᠷ ᠪᠦᠯᠢ᠂ ᠰᠢᠨ᠎ᠡ ᠪᠠᠷ ᠠᠵᠢᠯ ᠣᠯᠤᠭᠰᠠᠨ ᠣᠷᠣᠨ ᠰᠠᠭᠤᠴᠠ ᠦᠭᠡᠶ ᠠᠵᠢᠯᠲᠠᠨ ᠠᠵᠢᠯᠴᠢᠨ ᠪᠣᠯᠤᠨ ᠲᠤᠰ ᠬᠤᠲᠠ ᠳᠤ ᠲᠣᠭᠲᠠᠪᠤᠷᠢᠲᠠᠶ ᠠᠵᠢᠯ ᠣᠯᠤᠭᠰᠠᠨ ᠭᠠᠳᠠᠷ ᠣᠷᠣᠨ ᠠᠴᠠ ᠢᠷᠡᠭᠰᠡᠨ ᠬᠦᠯᠦᠰᠦᠨ ᠠᠵᠢᠯ ᠬᠢᠵᠦ ᠪᠠᠶᠢᠭ᠎ᠠ ᠬᠦᠮᠦᠰ ᠤᠨ ᠱᠠᠲᠤ ᠦᠶ᠎ᠡ ᠶᠢᠨ  ᠴᠢᠨᠠᠷᠲᠠᠶ ᠣᠷᠣᠨ ᠰᠠᠭᠤᠴᠠ ᠶᠢᠨ  ᠬᠦᠴᠢᠷᠳᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠣᠯ  ᠪᠣᠯᠭᠠᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠠ ᠬᠠᠮᠲᠤ ᠪᠠᠷ ᠥᠮᠴᠢᠯᠡᠬᠦ ᠡᠷᠬᠡ ᠶᠢ ᠤᠶᠠᠯᠳᠤᠭᠤᠯᠤᠭᠰᠠᠨ ᠪᠠᠲᠤᠯᠠᠭ᠎ᠠ ᠬᠠᠩᠭᠠᠬᠤ ᠰᠢᠰᠲ᠋ᠧᠮ ᠢ ᠪᠠᠶᠢᠭᠤᠯᠵᠤ᠂ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠨᠡᠶᠢᠲᠡ 26 ᠲᠦᠮᠡᠨ ᠢᠵᠢ ᠪᠠᠶᠢᠭᠤᠯᠵᠤ᠂ ᠪᠠᠷᠤᠭ 50 ᠲᠦᠮᠡᠨ ᠬᠥᠮᠦᠨ ᠤ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠵᠡᠢ᠃      ᠡᠭᠦᠨ ᠠᠴᠠ ᠭᠠᠳᠠᠨ᠎ᠠ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ  ᠨᠥᠬᠦᠪᠥᠷᠢ ᠮᠥᠩᠭᠦ ᠶᠢᠨ ᠲᠥᠷᠥ ᠶᠢᠨ  ᠪᠣᠳᠣᠯᠭ᠎ᠠ ᠶᠢᠨ ᠲᠤᠷᠰᠢᠯᠲᠠ ᠶᠢᠨ ᠬᠤᠲᠠ ᠪᠣᠯᠤᠭᠰᠠᠨ ᠤ ᠬᠤᠪᠢ ᠳᠤ᠂ 2015 ᠣᠨ ᠳᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠨᠥᠬᠦᠪᠥᠷᠢ ᠮᠥᠩᠭᠦ ᠶᠢᠨ ᠠᠵᠢᠯ ᠢ ᠥᠷᠨᠢᠭᠦᠯᠵᠦ᠂ ᠣᠲᠣ ᠪᠣᠯᠲᠠᠯ᠎ᠠ᠂ ᠲᠦᠷᠢᠶᠡᠰᠦᠨ ᠨᠥᠬᠦᠪᠥᠷᠢ ᠪᠠᠷ ᠲᠠᠮᠵᠢᠭᠤᠯᠤᠨ ᠨᠡᠶᠢᠲᠡ 8.9 ᠲᠦᠮᠡᠨ ᠡᠷᠦᠬᠡ ᠶᠢᠨ ᠤᠷᠤᠨ ᠰᠠᠭᠤᠴᠠ ᠶᠢ ᠪᠠᠳᠤᠯᠠᠵᠤ᠂ ᠨᠡᠶᠢᠲᠡ 1.88 ᠳ᠋ᠦᠩᠰᠢᠭᠤᠷ ᠲᠥᠭᠦᠷᠢᠭ ᠤᠨ ᠲᠦᠷᠢᠶᠡᠰᠦᠨ ᠨᠥᠬᠦᠪᠥᠷᠢ ᠮᠥᠩᠭᠦ ᠲᠠᠷᠬᠠᠭᠠᠨ ᠦᠭᠴᠦ᠂ ᠳᠤᠮᠳᠠ ᠳᠤᠤᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯ ᠲᠠᠢ ᠬᠦᠮᠦᠰ ᠤᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠮᠥᠩᠭᠦ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠰᠠᠨ ᠪᠠᠶᠢᠨ᠎ᠠ᠃ ︵ᠰᠤᠷᠪᠤᠯᠵᠢᠯᠠᠭᠴᠢ ᠸᠠᠩ ᠶᠠ ᠵᠢᠩ︶
ᠢᠷᠡᠯᠲᠡ᠄ ᠠᠷᠠᠳ ᠤᠨ ᠰᠥᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ