︽ᠬᠥᠬᠡᠬᠤᠲᠠ ᠶᠢᠨ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2021 — 2023 ᠣᠨ︶ ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/7/7
      ᠨᠢᠭᠡ᠂ ︽ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠬᠦ ᠶᠢᠨ ᠠᠴᠢ ᠬᠤᠯᠪᠣᠭᠳᠠᠯ       ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠲᠥᠪ ᠲᠠᠷᠬᠠᠭᠠᠭᠰᠠᠨ ︹ 2019︺ 48 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠠᠵᠢᠯᠯᠠᠭᠠᠨ ᠤ ᠲᠥᠯᠥᠪᠯᠡᠭᠡ ︵2020 — 2022 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2020 ︺ 21 ᠳ᠋ᠤᠭᠡᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠢ ᠪᠦᠲᠦᠮᠵᠢᠲᠡᠶ  ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠦᠷᠭᠡᠨ ᠪᠤᠶᠢᠵᠢᠭᠤᠯᠵᠤ᠂ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠭᠠᠳᠠᠭᠠᠳᠤ ᠠᠷᠠᠯᠵᠢᠶᠠᠨ ᠤ ᠣᠷᠴᠢᠨ ᠲᠣᠭᠤᠷᠢᠨ ᠢ ᠢᠳᠡᠪᠬᠢᠲᠡᠶ ᠠᠷᠭᠠᠴᠠᠭᠠᠵᠤ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠳᠥᠯᠭᠢᠨ  ᠠᠬᠢᠭᠤᠯᠬᠤ ᠶᠢᠨ ᠲᠦᠯᠦᠭᠡ᠂ ᠮᠠᠨ ᠤ ᠬᠤᠲᠠ ︽ᠬᠥᠬᠡᠬᠤᠲᠠ ᠶᠢᠨ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2021 — 2023 ᠣᠨ︶︾ ᠶᠢ ᠲᠣᠭᠲᠠᠭᠠᠨ ᠳᠠᠷᠤᠮᠠᠯᠯᠠᠨ ᠲᠠᠷᠬᠠᠭᠠᠭᠰᠠᠨ ᠨᠢ ᠮᠠᠨ‌‍ᠤ ᠬᠤᠲᠠ ᠶᠢᠨ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠦᠨ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠳᠤ ᠠᠰᠢᠭᠲᠠᠶ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠨ ᠠᠭᠤᠰᠤᠯᠴᠠᠬᠤ ᠳᠤ ᠠᠰᠢᠭᠲᠠᠶ ᠶᠤᠮ᠃      ᠬᠤᠶᠠᠷ᠂ ︽ᠠᠵᠢᠯᠯᠠᠭᠠᠨ ᠤ ᠲᠥᠯᠥᠪᠯᠡᠭᠡ︾ ᠶᠢᠨ ᠭᠤᠣᠯ ᠠᠭᠤᠯᠭ᠎ᠠ       ᠭᠤᠣᠯ ᠠᠭᠤᠯᠭ᠎ᠠ ᠳᠤ ᠶᠡᠷᠦᠩᠬᠡᠶ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠭᠲᠠᠨ᠎ᠠ᠃ ︵ᠨᠢᠭᠡ︶ ᠶᠡᠷᠦᠩᠬᠡᠶ ᠱᠠᠭᠠᠷᠳᠠᠯᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠬᠤ ᠶᠢ ᠲᠣᠳᠣᠷᠬᠠᠶᠢᠯᠠᠪᠠ᠃ 2023 ᠣᠨ ᠪᠣᠯᠬᠤ ᠳᠤ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 8% ᠪᠠᠷ ᠨᠡᠮᠡᠭᠳᠡᠭᠦᠯᠵᠦ᠂ ᠶᠡᠷᠦᠩᠬᠡᠢ ᠥᠷᠲᠡᠭ ᠢ 185 ᠳ᠋ᠦᠩᠰᠢᠭᠤᠷ ᠲᠥᠭᠦᠷᠢᠭ ᠲᠤ ᠬᠦᠷᠭᠡᠵᠦ᠂ ᠭᠠᠳᠠᠭᠠᠳᠤ ᠠᠷᠠᠯᠵᠢᠶᠠᠨ ᠤ ᠲᠦᠰᠢᠭᠯᠡᠨ ᠣᠷᠣᠰᠢᠬᠤ ᠬᠡᠮᠵᠢᠶ᠎ᠡ ᠶᠢ 6% ᠣᠷᠴᠢᠮ ᠳᠤ ᠬᠦᠷᠭᠡᠨ᠎ᠡ ᠭᠡᠵᠦ ᠳᠤᠷᠠᠳᠪᠠ︔ ︽ᠨᠢᠭᠡ ᠪᠦᠰᠡ ᠨᠢᠭᠡ ᠵᠠᠮ︾ ᠳᠠᠭᠠᠤ ᠶᠢᠨ ᠠᠷᠠᠯᠵᠢᠶᠠᠨ ᠤ ᠤᠯᠤᠰ ᠪᠠ ᠭᠠᠵᠠᠷ ᠣᠷᠣᠨ  ᠢ110  ᠪᠣᠯᠭᠠᠵᠤ᠂ ᠠᠷᠠᠯᠵᠢᠶᠠᠨ ᠤ ᠶᠡᠷᠦᠩᠬᠡᠶ ᠬᠡᠮᠵᠢᠶ᠎ᠡ ᠶᠢ 70 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠬᠡᠮᠵᠢᠶ᠎ᠡ 20 ᠳ᠋ᠦᠩᠰᠢᠭᠤᠷ ᠲᠥᠭᠦᠷᠢᠭ ᠢ ᠳᠠᠪᠠᠨ᠎ᠠ︔ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ ᠪᠣᠳᠠᠲᠤ ᠪᠦᠲᠦᠮᠵᠢ ᠲᠠᠢ ᠠᠵᠤ ᠠᠬᠤᠶᠢᠯᠠᠯ 350 ᠶᠢ ᠳᠠᠪᠠᠵᠤ᠂ ᠡᠭᠦᠨ ᠤ ᠳᠣᠲᠣᠷ᠎ᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 20᠂ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 15  ᠪᠣᠯᠤᠨ᠎ᠠ᠃       ︵ᠬᠤᠶᠠᠷ︶ ᠭᠤᠤᠯᠳᠠᠯᠭ᠎ᠠ ᠲᠠᠢ ᠡᠭᠦᠷᠭᠡ᠃ ᠨᠢᠭᠡ ᠳᠤ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠪᠡᠶᠡᠴᠢ ᠴᠣᠭᠴᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠄ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠠᠵᠤ ᠦᠢᠯᠡᠰ ᠤᠨ ᠰᠠᠭᠤᠷᠢ ᠶᠢ ᠪᠠᠬᠢᠵᠢᠬᠦᠯᠵᠦ᠂ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠪᠡᠶᠡᠴᠢ ᠴᠣᠭᠴᠠ ᠶᠢᠨ ᠬᠤᠳᠠᠯᠳᠤᠭᠠᠴᠢᠨ ᠤᠷᠢᠬᠤ ᠶᠢ ᠴᠢᠩᠭᠠᠳᠬᠠᠬᠤ ᠪᠠ ᠭᠠᠳᠠᠭᠠᠳᠤ ᠠᠷᠠᠯᠵᠢᠶᠠᠨ ᠤ ᠭᠦᠢᠯᠭᠡᠭᠡᠨ ᠤ  ᠮᠠᠶ᠋ᠢᠭ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠶᠢᠵᠢᠭᠤᠯᠬᠤ ᠶᠢ ᠪᠠᠭᠲᠠᠭᠠᠨ᠎ᠠ᠃ 2023 ᠣᠨ ᠤ ᠰᠡᠭᠦᠯᠴᠢ ᠪᠣᠯᠬᠤ ᠳᠤ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ  ᠬᠡᠪᠴᠢᠶ᠎ᠡ ᠮᠢᠩᠭᠠᠨ ᠲᠦᠮᠡᠨ ᠳ᠋ᠣᠯᠯᠠᠷ ᠢ ᠳᠠᠪᠠᠭᠰᠠᠨ ᠭᠠᠳᠠᠭᠠᠳᠤ ᠠᠷᠠᠯᠵᠢᠶᠠᠨ ᠤ ᠭᠦᠢᠯᠭᠡᠭᠡᠨ ᠤ ᠮᠠᠶ᠋ᠢᠭ  ᠤᠨ ᠠᠵᠤ ᠠᠬᠤᠶᠢᠯᠠᠯ ᠢ 15 ᠠᠴᠠ ᠳᠡᠭᠡᠭᠰᠢ ᠳᠤ ᠬᠦᠷᠭᠡᠨ᠎ᠡ ᠭᠡᠵᠦ ᠳᠤᠷᠠᠳᠪᠠ᠃ ᠬᠤᠶᠠᠷ ᠲᠤ ᠭᠠᠳᠠᠭᠠᠳᠤ ᠳᠤ ᠭᠠᠷᠭᠠᠬᠤ ᠲᠠᠸᠠᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠄ ᠡᠭᠦᠨ ᠳᠤ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠴᠢᠩᠭᠠᠳᠬᠠᠬᠤ ᠪᠠ ᠤᠯᠤᠰ ᠤᠨ ᠲᠠᠰ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠪᠠᠭᠲᠠᠭᠠᠨ᠎ᠠ᠃ ᠭᠤᠷᠪᠠ ᠳᠤ ᠭᠠᠳᠠᠭᠠᠳᠤ ᠠᠷᠠᠯᠵᠢᠶᠠᠨ ᠤ ᠲᠡᠩᠴᠡᠭᠦᠷᠢᠲᠡᠶ ᠪᠥᠭᠡᠳ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠄ ᠡᠭᠦᠨ ᠳᠤ ᠲᠡᠷᠢᠭᠦᠨ ᠤ ᠮᠡᠷᠭᠡᠵᠢᠯ ᠤᠨ ᠲᠥᠬᠦᠭᠡᠷᠦᠮᠵᠢ᠂ ᠪᠥᠭᠡᠮ ᠲᠠᠸᠠᠷ ᠵᠢᠴᠢ ᠬᠡᠷᠡᠭᠯᠡᠭᠡᠨ ᠤ ᠵᠦᠢᠯ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠬᠦ᠂ ᠭᠠᠳᠠᠭᠠᠳᠤ ᠣᠷᠤᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠢᠳᠡᠪᠬᠢᠲᠡᠶ ᠵᠣᠬᠢᠶᠠᠨ ᠪᠠᠶᠢᠭᠤᠯᠤᠨ ᠣᠷᠣᠯᠴᠠᠬᠤ᠂ ᠳᠡᠭᠡᠳᠦ ᠰᠢᠨ᠎ᠡ ᠦᠢᠯᠡᠳᠬᠦᠨ ᠤ ᠭᠠᠳᠠᠭᠠᠳᠤ ᠭᠠᠷᠭᠠᠯᠲᠠ ᠶᠢ ᠥᠷᠭᠡᠳᠬᠡᠬᠦ ᠪᠠ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠬᠢᠷᠢ ᠲᠥᠪᠰᠢᠨ ᠢ ᠲᠡᠭᠡᠭᠰᠢᠯᠡᠭᠦᠯᠬᠦ ᠪᠠᠭᠲᠠᠨ᠎ᠠ᠃ 2023 ᠣᠨ ᠤ ᠰᠡᠭᠦᠯᠴᠢ ᠪᠣᠯᠬᠤ ᠳᠤ᠂ ᠪᠥᠬᠦ ᠬᠤᠲᠠ ᠶᠢᠨ ᠳᠡᠭᠡᠳᠦ ᠰᠢᠨ᠎ᠡ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠡᠵᠡᠯᠡᠬᠦ ᠬᠠᠷᠢᠴᠠᠯ ᠢ 25% ᠠᠴᠠ ᠳᠡᠭᠡᠭᠰᠢ ᠳᠤ ᠬᠦᠷᠭᠡᠵᠦ᠂ ᠦᠢᠯᠡᠴᠢᠯᠡᠭᠡᠨ ᠤ ᠠᠷᠠᠯᠵᠢᠶ᠎ᠠ ᠶᠢᠨ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠶ ᠬᠡᠮᠵᠢᠶᠡᠨ ᠳᠤ ᠡᠵᠡᠯᠡᠬᠦ ᠬᠤᠪᠢ ᠶᠢᠨ ᠵᠢᠩ ᠢ 10% ᠠᠴᠠ ᠳᠡᠭᠡᠭᠰᠢ ᠳᠤ ᠬᠦᠷᠭᠡᠨ᠎ᠡ ᠭᠡᠵᠦ ᠲᠤᠷᠠᠳᠪᠠ᠃ ᠲᠦᠷᠪᠡ ᠳᠤ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠡᠷᠴᠢᠮ ᠢ ᠴᠢᠩᠭᠠᠷᠠᠭᠤᠯᠤᠨ᠎ᠠ᠄ ᠡᠭᠦᠨ ᠳᠤ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠦᠵᠡᠰᠬᠦᠯᠡᠩ ᠳᠤ ᠣᠷᠣᠯᠴᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠡᠰᠢᠴᠢᠯᠡᠭᠰᠡᠨ ᠭᠠᠳᠠᠭᠠᠳᠤ ᠶᠢᠨ ᠵᠠᠬ᠎ᠠ ᠳᠡᠯᠭᠡᠭᠦᠷ ᠢ  ᠨᠡᠭᠡᠭᠡᠬᠦ ᠶᠢ ᠠᠬᠢᠭᠤᠯᠬᠤ ᠪᠠᠭᠲᠠᠨ᠎ᠠ᠃ 2023 ᠣᠨ ᠪᠣᠯᠬᠤ ᠳᠤ ︽ᠨᠢᠭᠡ ᠪᠦᠰᠡ ᠨᠢᠭᠡ ᠵᠠᠮ︾ ᠤᠨ ᠭᠤᠣᠯᠳᠠᠯᠭ᠎ᠠ ᠲᠠᠢ ᠤᠯᠤᠰ ᠲᠠᠬᠢ ᠭᠠᠳᠠᠭᠠᠳᠤ ᠭᠠᠷᠭᠠᠯᠲᠠ ᠶᠢᠨ ᠬᠡᠮᠵᠢᠶ᠎ᠡ ᠶᠢ 2020 ᠣᠨ ᠤ ᠬᠢ ᠠᠴᠠ 15% ᠢᠶᠠᠷ ᠨᠡᠮᠡᠭᠳᠡᠭᠦᠯᠬᠦ ᠪᠠᠷ ᠴᠢᠷᠮᠠᠶᠢᠨ᠎ᠠ ᠭᠡᠵᠦ ᠳᠤᠷᠠᠳᠴᠠᠢ᠃ ᠲᠠᠪᠤ ᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ ᠬᠥᠭᠵᠢᠭᠦᠯᠦᠨ᠎ᠡ᠄ ᠡᠭᠦᠨ ᠳᠤ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠠᠵᠤ ᠠᠬᠤᠶᠢᠯᠠᠯ ᠤᠨ ᠲᠥᠪᠯᠡᠷᠡᠨ ᠬᠥᠭᠵᠢᠬᠦ ᠶᠢ ᠳᠥᠯᠭᠢᠨ ᠠᠬᠢᠭᠤᠯᠬᠤ᠂ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠪᠣᠭᠤᠮᠲᠠ ᠶᠢᠨ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠳᠥᠯᠭᠢᠨ ᠠᠬᠢᠭᠤᠯᠬᠤ ᠪᠠ ᠠᠷᠠᠯᠵᠢᠶ᠎ᠠ ᠬᠢᠭᠡᠳ ᠪᠠᠯᠠ ᠣᠷᠣᠭᠤᠯᠤᠯᠲᠠ ᠶᠢᠨ  ᠠᠭᠤᠰᠤᠯᠴᠠᠨ ᠬᠥᠭᠵᠢᠬᠦ ᠶᠢ ᠳᠥᠯᠭᠢᠨ ᠠᠬᠢᠭᠤᠯᠬᠤ ᠵᠡᠷᠭᠡ ᠪᠠᠭᠲᠠᠨ᠎ᠠ᠃ ᠵᠢᠷᠭᠤᠭ᠎ᠠ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠄ ᠡᠭᠦᠨ ᠳᠤ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠭᠠᠳᠠᠭᠠᠳᠤ ᠭᠠᠷᠭᠠᠯᠲᠠ ᠶᠢᠨ ᠭᠠᠶᠢᠯᠢ ᠶᠢ ᠪᠤᠴᠠᠭᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠪᠠ ᠠᠷᠠᠯᠵᠢᠶᠠᠨ ᠤ ᠬᠦᠷᠢᠶᠡᠨ ᠳ᠋ᠠᠬᠢ‌‍ᠲ᠋ᠦ᠋ᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠬᠤ ᠪᠠᠭᠲᠠᠨ᠎ᠠ᠃       ︵ᠭᠤᠷᠪᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ᠂ ᠵᠠᠭᠤᠴᠢ ᠵᠣᠬᠢᠶᠠᠨ ᠪᠠᠶᠢᠭᠤᠯᠤᠯᠲᠠ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃       ᠭᠤᠷᠪᠠ᠂ ᠬᠠᠷᠢᠭᠤᠴᠠᠯᠭ᠎ᠠ ᠶᠢᠨ ᠬᠤᠪᠢᠶᠠᠷᠢᠯᠠᠯ       ︽ᠠᠵᠢᠯᠯᠠᠭᠠᠨ ᠤ ᠲᠥᠯᠥᠪᠯᠡᠭᠡ︾ ᠳᠤ ᠵᠢᠷᠭᠤᠭᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠳᠤ ᠬᠠᠷᠢᠭᠤᠴᠠᠯᠭ᠎ᠠ ᠶᠢᠨ ᠬᠤᠪᠢᠶᠠᠷᠢᠯᠠᠯ ᠬᠢᠵᠦ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠲᠠ ᠶᠢᠨ ᠰᠣᠶᠣᠯ  ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠤᠲᠠ ᠶᠢᠨ ᠮᠥᠩᠭᠦᠨ  ᠬᠦᠢᠯᠭᠡᠭᠡᠨ ᠤ ᠠᠵᠢᠯ ᠤᠨ ᠠᠯᠪᠠᠨ ᠬᠡᠷ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠢᠰᠬᠡᠯ ᠤᠨ ᠪᠠᠭᠤᠳᠠᠯ ᠤᠨ ᠪᠣᠭᠤᠮᠲᠠ᠂ ᠰᠠᠶᠢᠬᠠᠨ ᠪᠣᠭᠤᠮᠲᠠ᠂ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠠᠷᠠᠯᠵᠢᠶ᠎ᠠ ᠶᠢ ᠠᠬᠢᠭᠤᠯᠬᠤ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠡᠷᠭᠡ 30 ᠰᠠᠯᠠᠭ᠎ᠠ ᠮᠥᠴᠢᠷ ᠪᠠ ᠨᠢᠭᠡᠴᠡ ᠳᠤ ᠬᠤᠯᠪᠤᠭᠲᠠᠪᠠ᠃ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠪᠣᠳᠠᠲᠠᠶ ᠠᠭᠤᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠣᠰᠣᠭᠠᠷ᠂ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠨᠡᠶᠢᠯᠡᠯ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ