ᠳ᠋ᠠ ᠶᠣᠣ ᠲᠣᠰᠬᠤᠨ ᠤ ᠡᠷᠢᠶᠡᠨ ᠵᠢᠷᠤᠭᠲᠤ ᠬᠡᠷᠡᠮ
ᠨᠡᠶᠢᠲᠡᠯᠡᠭᠰᠡᠨ ᠴᠠᠭ᠄
2021/7/7
      ᠲᠠ ᠬᠡᠷᠪᠡ ᠪᠡᠭᠡᠵᠢᠩ ᠤᠨ 798 ᠤᠷᠠᠯᠢᠭ ᠤᠨ ᠲᠣᠭᠤᠷᠢᠭ ᠢ ᠰᠣᠨᠣᠰᠴᠤ ᠥᠩᠭᠡᠷᠡᠭᠰᠡᠨ ᠪᠣᠯ ᠣᠶᠢᠷᠠᠬᠠᠨ ᠪᠠᠶᠢᠭ᠎ᠠ ᠰᠢᠨ᠎ᠡ  ᠬᠤᠲᠠ ᠲᠣᠭᠤᠷᠢᠭ ᠤᠨ ᠳ᠋ᠠ ᠶᠣᠣ ᠲᠣᠰᠬᠤᠨ ᠳᠤ ᠣᠴᠢᠵᠤ ᠦᠵᠡᠵᠦ ᠪᠣᠯᠣᠨ᠎ᠠ᠃ ᠠᠳᠡ ᠢᠷᠡᠪᠡᠯ ᠨᠢᠭᠡᠨ ᠲᠤᠮᠤᠬᠠᠨ  ᠵᠡᠭᠡᠯᠢ ᠭᠤᠳᠤᠮᠵᠢ ᠶᠢᠨ ᠤᠷᠠᠯᠢᠭ ᠤᠨ ᠬᠤᠩᠭᠢᠯ ᠳᠤ ᠪᠠᠶᠢᠬᠤ ᠰᠢᠭ᠋ ᠰᠠᠨᠠᠭᠳᠠᠨ᠂ ᠠᠳᠡ ᠤᠯᠠᠮᠵᠢᠯᠠᠯᠲᠤ᠂ ᠰᠢᠨ᠎ᠡ ᠤᠷᠤᠰᠬᠠᠯᠲᠤ᠂ ᠬᠡᠦᠬᠡᠳ ᠤᠨ ᠰᠣᠨᠢᠷᠬᠠᠯᠲᠤ᠂ ᠵᠡᠭᠦᠳᠦ ᠵᠡᠷᠭᠡᠯᠭᠡᠨᠲᠦ ᠵᠡᠷᠭᠡ ᠣᠯᠠᠨ ᠶᠠᠩᠵᠤ ᠶᠢᠨ ᠬᠡᠪ ᠨᠠᠮᠪᠠ ᠲᠠᠢ ᠡᠷᠢᠶᠡᠴᠢᠭᠰᠡᠨ ᠵᠢᠷᠤᠭ ᠪᠠᠶᠢᠳᠠᠭ᠃ ᠡᠲᠡᠭᠡᠷ ᠡᠷᠢᠶᠡᠴᠢᠭᠰᠡᠨ ᠵᠢᠷᠤᠭ ᠤᠨ ᠪᠦᠲᠦᠭᠡᠯ ᠨᠢ ᠪᠡᠭᠡᠵᠢᠩ᠂ ᠯᠢᠶᠣᠤᠨᠢᠩ᠂ ᠡᠾᠧᠹᠸᠢ ᠵᠡᠷᠭᠡ ᠭᠠᠵᠠᠷ ᠤᠨ ᠤᠷᠠᠯᠢᠭᠴᠢᠳ ᠤᠨ   ᠵᠢᠷᠤᠭᠰᠠᠨ ᠪᠦᠳᠦᠭᠡᠯ  ᠪᠠᠶᠢᠵᠤ᠂ ᠪᠠᠷᠤᠭ ᠪᠥᠬᠦ ᠲᠣᠰᠬᠤᠨ ᠤ ᠶᠡᠭᠡ ᠪᠠᠭ᠎ᠠ ᠪᠠᠷᠢᠯᠭ᠎ᠠ ᠨᠤᠭᠤᠳ ᠲᠤ ᠴᠦᠮ ᠲᠠᠷᠬᠠᠭᠰᠠᠨ ᠪᠠᠶᠢᠳᠠᠭ᠃ ᠡᠯᠳᠡᠪ ᠵᠦᠢᠯ ᠤᠨ ᠬᠡᠪ ᠨᠠᠮᠪᠠ ᠲᠠᠢ᠂ ᠭᠤᠣᠯ ᠰᠡᠳᠦᠪ ᠲᠠᠢ ᠡᠷᠢᠶᠡᠴᠢᠭᠰᠡᠨ ᠵᠢᠷᠤᠭ ᠨᠢ ᠡᠨᠡ ᠬᠦ ᠡᠷᠲᠡᠨ ᠤ ᠲᠤᠰᠬᠤᠨ ᠤ ᠭᠦᠨ ᠵᠤᠵᠠᠭᠠᠨ ᠨᠤᠲᠤᠭ ᠤᠨ ᠰᠡᠳᠬᠢᠯᠭᠡ ᠶᠢ ᠦᠯᠡᠳᠡᠭᠡᠨ ᠬᠠᠳᠠᠭᠠᠯᠠᠭᠰᠠᠨ ᠢᠶᠠᠷ ᠪᠠᠷᠠᠬᠤ ᠦᠭᠡᠶ ᠪᠠᠰᠠ ᠤᠷᠠᠯᠢᠭᠴᠢ ᠴᠢᠨᠠᠷ ᠪᠠ ᠰᠣᠨᠢᠷᠬᠠᠯᠲᠤ ᠴᠢᠨᠠᠷ ᠢ ᠨᠡᠮᠡᠭᠳᠡᠭᠦᠯᠦᠭᠰᠡᠨ ᠪᠠᠶᠢᠨ᠎ᠠ᠃ ᠲᠣᠰᠬᠤᠨ ᠢᠶᠠᠷ ᠶᠠᠪᠤᠵᠤ ᠭᠠᠷ ᠤᠨ ᠠᠶ᠎ᠠ ᠪᠠᠷ ᠰᠡᠭᠦᠳᠡᠷᠯᠡᠬᠦ ᠳᠤ᠂ ᠨᠢᠭᠡ ᠬᠡᠷᠡᠮ ᠤᠨ ᠡᠷᠢᠶᠡᠴᠢᠭᠰᠡᠨ ᠵᠢᠷᠤᠭ ᠨᠢ ᠨᠢᠭᠡ ᠵᠦᠢᠯ ᠤᠨ ᠦᠵᠡᠮᠵᠢ᠃ ᠥᠨᠥᠳᠦᠷ ᠰᠤᠷᠪᠤᠯᠵᠢᠯᠠᠭᠴᠢ ᠶᠢ ᠳᠠᠭᠠᠵᠤ ᠡᠷᠢᠶᠡᠴᠢᠭᠰᠡᠨ ᠵᠢᠷᠤᠭ ᠤᠨ ᠶᠢᠷᠲᠢᠨᠴᠦ ᠳᠤ  ᠤᠷᠤᠵᠠᠭᠠᠶ᠎ᠠ︕
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ