ᠵᠢᠷᠮᠦᠰᠦᠨ ᠪᠠ ᠬᠥᠬᠦᠭᠦᠯ ᠤᠨ ᠬᠤᠭᠤᠴᠠᠭᠠᠨ ᠤ ᠡᠮᠡᠭᠲᠡᠶ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠳᠠᠷᠢᠭᠤᠯᠵᠤ ᠪᠣᠯᠤᠨ᠎ᠠ ᠦᠦ︖
ᠨᠡᠶᠢᠲᠡᠯᠡᠭᠰᠡᠨ ᠴᠠᠭ᠄
2021/8/13
      — ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠰᠠᠯᠠᠭᠠᠨ ᠤ ᠳᠠᠷᠤᠭ᠎ᠠ᠂ ᠡᠭᠡᠯᠢᠯᠡᠭᠡ ᠶᠢᠨ ᠡᠪᠡᠳᠴᠢᠨ ᠤ ᠵᠦᠶ ᠶᠢᠨ ᠳ᠋ᠣᠺᠲ᠋ᠣᠷ ᠲᠢᠶᠠᠨ ᠰᠢᠶᠣᠤ ᠯᠢᠩ ᠢ ᠰᠤᠷᠪᠤᠯᠵᠢᠯᠠᠬᠰᠠᠨ ᠨᠢ      ︽ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠤ ᠳᠠᠷᠠᠭ᠎ᠠ ᠵᠢᠷᠮᠦᠰᠦᠯᠡᠪᠡᠯ ᠶᠠᠭᠠᠬᠢᠬᠤ ᠪᠣᠶ︖︾᠂ ︽ᠬᠥᠬᠦᠭᠦᠯ ᠤᠨ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠤᠯᠵᠤ ᠪᠣᠯᠤᠨ᠎ᠠ ᠦᠦ︖︾᠂ ︽ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠳᠠᠷᠢᠪᠠᠯ ᠡᠬᠡ ᠶᠢᠨ ᠰᠦ ᠳᠤ ᠨᠥᠯᠥᠭᠡ ᠲᠠᠢ ᠦᠦ︖︾ ᠣᠳᠣᠬᠠᠨ ᠤ ᠬᠥᠮᠦᠰ ᠤᠨ ᠠᠩᠬᠠᠷᠴᠤ ᠪᠠᠶᠢᠭ᠎ᠠ ᠠᠰᠠᠭᠤᠳᠠᠯ ᠳᠤ ᠬᠠᠨᠳᠤᠭᠤᠯᠵᠤ᠂ 8 ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠰᠠᠯᠠᠭᠠᠨ ᠤ ᠳᠠᠷᠤᠭ᠎ᠠ᠂ ᠡᠭᠡᠯᠢᠯᠡᠭᠡ ᠶᠢᠨ ᠡᠪᠡᠳᠴᠢᠨ ᠤ ᠵᠦᠶ ᠶᠢᠨ ᠳ᠋ᠣᠺᠲ᠋ᠣᠷ ᠲᠢᠶᠠᠨ ᠰᠢᠶᠤᠤ ᠯᠢᠩ ᠢ ᠰᠤᠷᠪᠤᠯᠵᠢᠯᠠᠪᠠ᠃      ᠲᠢᠶᠠᠨ ᠰᠢᠶᠤᠤ ᠯᠢᠩ᠄ ︽ᠵᠢᠷᠮᠦᠰᠦᠨ ᠡᠮᠡᠭᠳᠡᠢ ᠪᠣᠯ ︿ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠮᠡᠷᠭᠡᠵᠢᠯ ᠤᠨ ᠵᠦᠭᠯᠡᠭᠦᠷ ︵ᠠᠩᠬᠠᠳᠤᠭᠠᠷ ᠬᠡᠪᠯᠡᠯ︶﹀ ᠲᠤ ᠨᠡᠶᠢᠲᠡᠯᠡᠭᠰᠡᠨ ᠲᠠᠷᠢᠯᠭ᠎ᠠ ᠬᠢᠬᠦ ᠶᠢ ᠴᠡᠭᠡᠷᠯᠡᠬᠦ ᠬᠥᠮᠦᠰ ᠲᠤ ᠲᠣᠭᠠᠴᠠᠭᠳᠠᠨ᠎ᠠ᠂ ᠬᠡᠳᠦ᠋ᠢᠪᠡᠷ ᠪᠢᠳᠡ ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠠᠴᠠ ᠪᠣᠯᠵᠦ ᠵᠢᠷᠮᠦᠰᠦᠨ ᠡᠮᠡᠭᠳᠡᠢ ᠪᠤᠶᠤ ᠬᠡᠪᠡᠯᠢ ᠳᠠᠬᠢ ᠬᠡᠦᠬᠡᠳ ᠬᠡᠪ ᠤᠨ ᠪᠤᠰᠤ ᠪᠠᠶᠢᠳᠠᠯ ᠡᠭᠦᠰᠦᠭᠰᠡᠨ ᠢ ᠬᠠᠷᠠᠬᠠᠨ ᠬᠢᠨᠠᠨ ᠪᠠᠶᠢᠴᠠᠭᠠᠵᠦ ᠣᠯᠤᠭᠠᠳᠤᠶ ᠪᠣᠯᠪᠠᠴᠤ ᠪᠣᠯᠭᠤᠮᠵᠢᠲᠠᠶ ᠪᠠᠷ ᠪᠣᠳᠣᠯᠬᠢᠯᠠᠵᠤ ᠦᠵᠡᠪᠡᠯ᠂ ᠵᠢᠷᠮᠦᠰᠦᠨ ᠡᠮᠡᠭᠳᠡᠢ ᠳᠤ ᠲᠠᠷᠢᠯᠭ᠎ᠠ ᠬᠢᠬᠦ ᠶᠢ ᠲᠦᠷ ᠰᠠᠨᠠᠭᠠᠴᠢᠯᠠᠬᠤ ᠥᠬᠡᠶ︾ ᠭᠡᠵᠦ ᠬᠡᠯᠡᠨ᠎ᠡ᠃      ︽ᠬᠡᠷᠪᠡ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠰᠠᠨ ᠤ ᠲᠠᠷᠠᠭ᠎ᠠ ᠵᠢᠷᠮᠦᠰᠦᠯᠡᠭᠰᠡᠨ ᠪᠠᠶᠢᠪᠠᠯ ᠶᠠᠭᠠᠬᠢᠳᠠᠭ ᠪᠢᠯᠡ︖︾ ᠭᠡᠰᠡᠨ ᠰᠤᠷᠪᠤᠯᠵᠢᠯᠠᠭᠴᠢ ᠶᠢᠨ ᠠᠰᠠᠭᠤᠯᠳᠠ ᠳᠤ᠂ ︽ᠡᠶᠢᠮᠦ ᠪᠠᠶᠢᠳᠠᠯ ᠳᠤ ᠪᠢᠳᠡ ᠲᠤᠰᠬᠠᠶᠢᠯᠠᠨ ᠵᠢᠷᠮᠦᠰᠦᠯᠡᠬᠦ ᠶᠢ ᠵᠣᠭᠰᠣᠭᠠᠬᠤ ᠰᠠᠨᠠᠭᠤᠯᠭ᠎ᠠ ᠦᠭᠬᠦ ᠥᠬᠡᠶ᠃ ᠲᠣᠭᠲᠠᠭᠰᠠᠨ ᠬᠤᠭᠤᠴᠠᠭ᠎ᠠ ᠲᠠᠢ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠪᠠ ᠬᠡᠪᠡᠯᠢ ᠳᠠᠬᠢ ᠬᠡᠦᠬᠡᠳ ᠤᠨ ᠵᠡᠷᠡᠮᠳᠡᠭ ᠤᠨ ᠪᠠᠶᠢᠴᠠᠭᠠᠯᠲᠠ ᠬᠢᠪᠡᠯ ᠪᠣᠯᠴᠢᠬᠠᠨ᠎ᠠ︾ ᠭᠡᠵᠦ ᠲᠢᠶᠠᠨ ᠰᠢᠶᠤᠤ ᠯᠢᠩ ᠬᠠᠷᠢᠭᠤᠯᠤᠯ᠎ᠠ᠃      ︽ᠵᠠᠷᠢᠮ ᠵᠢᠷᠮᠦᠰᠦᠨ ᠡᠮᠡᠭᠳᠡᠢ ᠠᠮᠠᠷᠬᠠᠨ ᠬᠢᠮᠤᠷᠠᠳᠠᠭ᠂ ᠭᠡᠬᠦ ᠳᠤ ᠰᠡᠷᠭᠡᠶᠢᠯᠡᠨ ᠬᠠᠮᠠᠭᠠᠯᠠᠬᠤ ᠤᠬᠠᠮᠰᠠᠷ ᠲᠠᠢ ᠵᠢᠷᠮᠤᠰᠤᠨ ᠡᠮᠡᠭᠳᠡᠢ ᠨᠢ ᠵᠢᠷᠮᠦᠰᠦᠯᠡᠭᠰᠡᠨ ᠬᠤᠭᠤᠴᠠᠭᠠᠨ ᠳᠠᠭᠠᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠳᠠᠷᠢᠭᠤᠯᠳᠠᠭ᠂ ᠪᠠᠰᠠ ᠵᠠᠷᠢᠮ ᠵᠢᠷᠮᠦᠰᠦᠨ ᠡᠮᠡᠭᠳᠡᠢ ᠵᠢᠷᠮᠦᠰᠦᠯᠡᠭᠰᠡᠨ ᠬᠤᠭᠤᠴᠠᠭᠠᠨ ᠳᠠᠭᠠᠨ ᠮᠤᠤᠷ ᠲᠤ ᠮᠠᠭᠠᠵᠢᠭᠳᠠᠬᠤ ᠪᠤᠶᠤ ᠨᠣᠬᠠᠶ ᠳᠤ ᠬᠠᠵᠠᠭᠳᠠᠵᠦ ᠰᠢᠷᠬᠠᠲᠤᠪᠠᠯ ᠭᠠᠯᠵᠠᠭᠤ ᠡᠪᠡᠳᠴᠢᠨ ᠤ ᠸᠠᠺᠼᠢᠨ ᠳᠠᠷᠢᠭᠤᠯᠳᠠᠭ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠪᠣᠯᠤᠨ ᠵᠣᠩᠬᠢᠯᠠᠬᠤ ᠲᠣᠭᠠᠨ ᠤ ᠭᠠᠯᠵᠠᠭᠤ ᠡᠪᠡᠳᠴᠢᠨ ᠤ ᠸᠠᠺᠼᠢᠨ ᠵᠢᠴᠢ ᠡᠩ ᠤᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠨᠢ ᠪᠦᠷ ᠢᠳᠡᠪᠬᠢ ᠥᠬᠡᠶᠢᠳᠡᠭᠦᠯᠬᠦ ᠸᠠᠺᠼᠢᠨ ᠳᠤ ᠲᠣᠭᠠᠴᠠᠭᠳᠠᠨ᠎ᠠ᠂ ᠪᠡᠶ᠎ᠡ ᠮᠠᠬᠠᠪᠣᠳ ᠲᠤ ᠪᠠᠳᠠᠷᠠᠭᠤᠯᠬᠤ ᠲᠣᠭᠲᠠᠴᠠ ᠪᠣᠯᠤᠨ ᠠᠮᠤᠷ ᠲᠦᠪᠰᠢᠨ ᠤ ᠬᠡᠮᠵᠢᠶ᠎ᠡ ᠨᠢ ᠴᠦ ᠳᠠᠮᠠᠢ ᠵᠦᠷᠢᠶ᠎ᠠ ᠦᠭᠡᠢ ᠪᠠᠶᠢᠳᠠᠭ᠃ ᠡᠭᠦᠨ ᠢᠶᠠᠷ ᠪᠠᠷᠠᠬᠤ ᠦᠭᠡᠢ ᠪᠢᠳᠡ ᠬᠡᠪ ᠤᠨ ᠪᠤᠰᠤ ᠤᠷᠪᠠᠯ ᠢ ᠬᠢᠨᠠᠨ ᠪᠠᠶᠢᠴᠠᠭᠠᠬᠤ ᠪᠠᠷ ᠳᠡᠮᠵᠢᠨ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠨᠢ ᠪᠤᠰᠤᠳ ᠸᠠᠺᠼᠢᠨ ᠤ ᠬᠡᠪ ᠤᠨ ᠪᠤᠰᠤ ᠤᠷᠪᠠᠯ ᠡᠭᠦᠰᠬᠦ ᠨᠣᠷᠮ᠎ᠠ ᠠᠴᠠ ᠪᠠᠰᠠ ᠳᠤᠤᠷ᠎ᠠ ᠪᠠᠶᠢᠬᠤ ᠶᠢ ᠣᠯᠵᠤ ᠮᠡᠳᠡᠵᠡᠶ︾ ᠭᠡᠵᠦ ᠲᠢᠶᠠᠨ ᠰᠢᠶᠤᠤ ᠯᠢᠩ ᠨᠦᠬᠦᠪᠤᠷᠢᠯᠡᠨ ᠭᠡᠯᠠᠯ᠎ᠠ᠃      ︽ᠬᠥᠬᠦᠭᠦᠯ ᠤᠨ ᠬᠤᠭᠤᠴᠠᠭᠠᠨ ᠤ ᠡᠮᠡᠭᠲᠡᠶ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠳᠠᠷᠢᠬᠤ ᠴᠡᠭᠡᠷ ᠲᠠᠢ ᠦᠦ︖ ᠲᠠᠷᠢᠯᠭ᠎ᠠ ᠬᠢᠭᠰᠡᠨ ᠤ ᠲᠠᠷᠠᠭ᠎ᠠ ᠬᠡᠦᠬᠡᠳ ᠢᠶᠠᠨ ᠬᠦᠬᠦᠬᠦᠯᠵᠦ ᠪᠤᠯᠤᠨ᠎ᠠ ᠤᠤ︖︾ ᠭᠡᠰᠡᠨ ᠰᠤᠷᠪᠤᠯᠵᠢᠯᠠᠭᠴᠢ ᠶᠢᠨ ᠠᠰᠠᠭᠤᠯᠳᠠ ᠳᠤ᠂ ︽ᠬᠥᠬᠦᠭᠦᠯ ᠤᠨ ᠬᠤᠭᠤᠴᠠᠭᠠᠨ ᠤ ᠡᠮᠡᠭᠲᠡᠢ ᠴᠡᠭᠡᠷ ᠲᠠᠢ ᠬᠥᠮᠦᠰ ᠲᠤ ᠲᠣᠭᠠᠴᠠᠭᠳᠠᠬᠤ ᠥᠬᠡᠶ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠤᠯᠵᠤ ᠪᠠᠷᠠᠭᠰᠠᠨ ᠤ ᠳᠠᠷᠠᠭ᠎ᠠ᠂ ᠦᠷᠭᠦᠯᠵᠢᠯᠡᠨ ᠭᠡᠦᠭᠡᠳ ᠢᠶᠠᠨ ᠬᠥᠬᠦᠭᠦᠯᠵᠦ ᠪᠣᠯᠤᠨ᠎ᠠ︾ ᠭᠡᠵᠤ ᠲᠢᠶᠠᠨ ᠰᠢᠶᠤᠤ ᠯᠢᠩ ᠳᠠᠶᠢᠯᠪᠤᠷᠢᠯᠡᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ