ᠬᠢᠵᠢᠭ ᠤᠨ ᠪᠠᠶᠢᠳᠠᠯ ᠢ ᠰᠡᠷᠭᠡᠶᠢᠯᠡᠨ‌ᠡᠵᠡᠮᠳᠡᠬᠦ ᠠᠵᠢᠯ ᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2021/8/18
res01_attpic_brief888888.jpg
      ᠣᠶᠢᠷ᠎ᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠭᠠᠯᠲᠤ ᠲᠡᠷᠭᠡᠨ ᠥᠷᠲᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂  ᠠᠶᠠᠨᠴᠢᠳ ᠤᠨ ᠪᠡᠶ᠎ᠡ ᠶᠢᠨ ᠳᠤᠯᠠᠭᠠᠨ ᠢ ᠬᠡᠮᠵᠢᠵᠦ᠂ ᠠᠶᠠᠨᠴᠢᠳ ᠥᠷᠲᠡᠭᠡ ᠪᠠᠷ ᠣᠷᠣᠵᠤ ᠭᠠᠷᠬᠤ ᠳᠤ ᠪᠡᠶ᠎ᠡ ᠶᠢᠨ  ᠳᠤᠯᠠᠭᠠᠨ ᠢ ᠬᠡᠮᠵᠢᠬᠦ ᠪᠠ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠪᠠ᠃ ᠠᠶᠠᠨᠴᠢᠳ  ᠢ ᠪᠥᠬᠦ ᠶᠠᠪᠤᠴᠠ ᠳᠤ ᠠᠮᠠᠪᠴᠢ ᠵᠡᠭᠦᠵᠦ᠂ ᠠᠮᠤᠷ ᠲᠦᠪᠰᠢᠨ ᠤ ᠵᠠᠶ ᠶᠢ ᠪᠠᠲᠤᠯᠠᠬᠤ ᠬᠡᠷᠡᠭᠲᠡᠶ ᠭᠡᠵᠦ  ᠱᠠᠭᠠᠷᠳᠠᠪᠠ᠃ ᠡᠭᠦᠨ ᠤ ᠵᠡᠷᠭᠡᠪᠡᠷ ᠬᠢᠵᠢᠭ ᠢ ᠰᠡᠷᠭᠡᠶᠢᠯᠡᠬᠦ ᠠᠵᠢᠯᠲᠠᠳ ᠪᠠᠰᠠ ᠥᠷᠲᠡᠭᠡᠨ ᠤ ᠲᠡᠷᠭᠡ ᠶᠢ ᠪᠦᠬᠦᠨ  ᠢ ᠠᠷᠢᠭᠤᠳᠬᠠᠵᠤ᠂ ᠣᠯᠠᠨ ᠨᠡᠶᠢᠲᠡ ᠶᠢᠨ ᠲᠠᠯᠠᠪᠤᠷ ᠢ ᠲᠣᠭᠲᠠᠭᠰᠠᠨ ᠴᠠᠭ  ᠲᠠᠢ ᠴᠡᠪᠡᠷᠯᠡᠨ  ᠠᠷᠢᠭᠤᠳᠬᠠᠨ᠂ ᠠᠶᠤᠯᠭᠦᠶ ᠶᠢᠨ ᠪᠠᠶᠢᠴᠠᠭᠠᠯᠲᠠ ᠶᠢᠨ ᠪᠠᠭᠠᠵᠢ᠂  ᠪᠡᠶ᠎ᠡ ᠵᠠᠰᠠᠬᠤ ᠭᠠᠵᠠᠷ᠂  ᠲᠦᠰᠢᠯᠭᠡ ᠶᠢᠨ  ᠪᠠᠷᠢᠭᠤᠯ᠂ ᠡᠭᠦᠳᠡᠨ ᠪᠠᠷᠢᠭᠤᠯ᠂ ᠥᠷᠲᠡᠭᠡᠨ ᠳᠤ ᠣᠷᠣᠬᠤ ᠬᠠᠭᠠᠯᠲᠠ᠂ ᠰᠠᠭᠤᠳᠠᠯ ᠵᠡᠷᠭᠡ ᠭᠤᠣᠯᠳᠠᠯᠭ᠎ᠠ ᠲᠠᠢ  ᠭᠠᠵᠠᠷ ᠤᠨ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠬᠤ ᠡᠷᠴᠢᠮ ᠢ ᠴᠢᠩᠭᠠᠷᠠᠭᠤᠯᠵᠠᠶ᠃ ᠲᠡᠷᠭᠡ ᠬᠦᠯᠢᠶᠡᠬᠦ ᠥᠷᠥᠭᠡ ᠳᠤ ᠡᠳᠦᠷ ᠪᠦᠷᠢ ᠨᠢᠭᠡ ᠤᠳᠠᠭ᠎ᠠ ᠰᠠᠯᠬᠢ ᠨᠡᠪᠲᠡᠷᠡᠭᠦᠯᠵᠦ᠂ ᠠᠶᠠᠨᠴᠢᠳ ᠤᠨ ᠭᠠᠳᠠᠭᠰᠢ ᠭᠠᠷᠴᠤ ᠶᠠᠪᠤᠵᠤ ᠰᠠᠭᠤᠬᠤ ᠳᠠᠭᠠᠨ ᠰᠠᠨᠠᠭ᠎ᠠ ᠠᠮᠤᠷ ᠪᠠᠶᠢᠬᠤ ᠶᠢ ᠪᠠᠳᠤᠯᠠᠵᠤ ᠪᠤᠢ᠃        ᠲᠤᠰ ᠰᠣᠨᠢᠨ ᠤ ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ