ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠵᠣᠷᠢᠭᠤᠯᠤᠭᠰᠠᠨ ᠰᠦᠯᠵᠢᠶᠡᠨ ᠳᠡᠭᠡᠷᠡᠬᠢ ᠠᠵᠢᠯᠳᠠᠨ ᠡᠯᠰᠡᠬᠦ ᠴᠤᠭᠯᠠᠭᠠᠨ ᠡᠬᠢᠯᠡᠯ᠎ᠡ
ᠨᠡᠶᠢᠲᠡᠯᠡᠭᠰᠡᠨ ᠴᠠᠭ᠄
2021/8/20
      ᠮᠠᠨ ᠤ ᠣᠷᠤᠨ ᠤ ᠶᠡᠭᠡ ᠳᠡᠭᠡᠲᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠢ ᠬᠠᠪᠰᠤᠷᠤᠨ ᠳᠡᠮᠵᠢᠬᠦ ᠶᠢᠨ ᠲᠤᠰᠠᠳᠠ᠂ 8 ᠰᠠᠷ᠎ᠠ ᠶᠢᠨ 16 ᠤ ᠡᠳᠦᠷ ᠠᠴᠠ 9 ᠰᠠᠷ᠎ᠠ ᠶᠢᠨ15 ᠤ ᠡᠳᠦᠷ ᠪᠣᠯᠳᠠᠯ᠎ᠠ᠂ ᠦᠪᠦᠷ ᠮᠤᠩᠭᠤᠯ ᠤᠨ ᠠᠵᠢᠯᠴᠢᠨ ᠤ ᠶᠡᠷᠦᠩᠬᠡᠢ ᠡᠪᠯᠡᠯ ᠠᠴᠠ 2021 ᠣᠨ ᠤ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠭᠰᠠᠨ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠢ ᠣᠨᠴᠠᠭᠠᠶᠢᠯᠠᠨ ᠵᠣᠬᠢᠶᠠᠨ ᠪᠠᠶᠢᠭᠤᠯᠤᠨ ᠡᠷᠬᠢᠯᠡᠵᠦ ᠪᠣᠢ᠃       ᠣᠶᠢᠯᠠᠭᠠᠭᠰᠠᠨ ᠢᠶᠠᠷ ᠲᠤᠰ ᠤᠳᠠᠭᠠᠨ ᠤ ᠠᠵᠢᠯᠳᠠᠨ ᠡᠯᠰᠡᠬᠦ ᠴᠤᠭᠯᠠᠭᠠᠨ ᠨᠢ ᠰᠦᠯᠵᠢᠶᠡᠨ ᠳᠡᠭᠡᠷ᠎ᠡ ᠠᠵᠢᠯᠳᠠᠨ ᠡᠯᠰᠡᠬᠦ ᠲᠤᠰᠬᠠᠢ ᠲᠠᠯᠠᠪᠠᠢ᠂ ᠠᠵᠢᠯ ᠣᠯᠭᠤᠬᠤ ᠣᠨᠤᠴᠠᠳᠠᠢ ᠦᠢᠯᠡᠴᠢᠯᠡᠭᠡ᠂ ᠠᠵᠢᠯ ᠣᠯᠭᠤᠬᠤ ᠰᠡᠳᠬᠦᠯ᠂ ᠠᠵᠢᠯᠳᠠᠨ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠵᠡᠷᠭᠡ ︽ᠲᠦᠷᠪᠡ ᠶᠢ ᠨᠢᠭᠡ ᠴᠤᠭᠴᠠᠵᠢᠭᠤᠯᠬᠤ︾ ᠶᠢ ᠤᠶᠠᠯᠳᠤᠭᠤᠯᠤᠭᠰᠠᠨ ᠬᠡᠯᠪᠡᠷᠢ ᠪᠠᠷ ᠠᠵᠢᠯ ᠡᠷᠢᠭᠰᠡᠳ ᠲᠤ ᠦᠪᠡᠷᠮᠢᠴᠡ ᠪᠦᠭᠡᠳ ᠣᠯᠠᠨ ᠲᠦᠷᠦᠯ ᠤᠨ ᠠᠵᠢᠯ ᠣᠯᠭᠤᠬᠤ ᠦᠢᠯᠡᠴᠢᠯᠡᠭᠡ ᠬᠠᠩᠭᠠᠵᠤ ᠪᠣᠢ᠃ ᠨᠡᠶᠢᠲᠡ 100 ᠠᠵᠤ ᠠᠬᠤᠶᠢᠯᠠᠯ 294 ᠰᠢᠯᠢᠳᠡᠭ ᠠᠵᠢᠯ ᠤᠨ ᠪᠠᠶᠢᠷᠢ ᠬᠠᠩᠭᠠᠵᠤ᠂ 1735 ᠠᠵᠢᠯᠲᠠᠨ ᠡᠯᠰᠡᠬᠦ ᠪᠣᠯᠤᠨ᠎ᠠ᠃ ᠠᠵᠤ ᠠᠬᠤᠶᠢᠯᠠᠯ ᠪᠠ ᠠᠵᠢᠯ ᠡᠷᠢᠭᠰᠡᠳ ᠦᠪᠦᠷ ᠮᠤᠩᠭᠤᠯ ᠤᠨ ᠠᠵᠢᠯᠴᠢᠨ ᠤ ᠶᠡᠷᠦᠩᠬᠡᠢ ᠡᠪᠯᠡᠯ ᠤᠨ ᠵᠢᠷᠬᠢᠶ᠎ᠡ ᠶᠢᠨ ᠲᠠᠪᠴᠠᠩ ᠳᠠᠬᠢ ᠠᠵᠢᠯᠳᠠᠨ ᠡᠯᠰᠡᠬᠦ ᠡᠭᠦᠯᠡᠨ ᠳᠠᠪᠴᠠᠩ ᠳᠤ ᠭᠠᠷᠴᠤ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠳᠤ ᠣᠷᠤᠯᠴᠠᠵᠤ ᠪᠣᠯᠤᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ ᠤ ᠨᠡᠶᠢᠲᠡ ᠶᠢᠨ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ