ᠬᠥᠬᠡᠬᠤᠲᠠ ᠶᠢᠨ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 113.7% ᠪᠠᠷ ᠨᠡᠮᠡᠭᠳᠡᠪᠠ
ᠨᠡᠶᠢᠲᠡᠯᠡᠭᠰᠡᠨ ᠴᠠᠭ᠄
2021/8/21
      ᠬᠥᠬᠡᠬᠤᠲᠠ ᠡᠨᠡ ᠵᠢᠯ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ  ᠦᠢᠯᠡᠳᠪᠦᠷᠢ ᠶᠢᠨ 63 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠤᠢ᠂ ᠡᠬᠦᠨ ᠳᠤ 32 ᠲᠥᠷᠥᠯ ᠵᠦᠢᠯ ᠢ ᠦᠷᠭᠦᠯᠵᠢᠯᠡᠨ ᠪᠦᠳᠦᠬᠡᠨ ᠪᠠᠶᠢᠭᠤᠯᠵᠤ᠂ 31 ᠲᠥᠷᠥᠯ ᠵᠦᠢᠯ ᠢ ᠰᠢᠨ᠎ᠡ ᠪᠠᠷ ᠪᠦᠳᠦᠬᠡᠨ ᠪᠠᠶᠢᠭᠤᠯᠵᠤ ᠂ ᠶᠡᠷᠦᠩᠬᠡᠶ ᠪᠠᠯᠠ ᠣᠷᠣᠭᠤᠯᠤᠯᠲᠠ ᠨᠢ 719.1 ᠳ᠋ᠦᠩᠰᠢᠭᠤᠷ ᠲᠥᠭᠦᠷᠢᠭ ᠲᠤ ᠬᠥᠷᠬᠦ ᠪᠣᠯᠤᠨ᠎ᠠ᠃ ᠳᠡᠭᠡᠷ᠎ᠠ ᠬᠠᠭᠠᠰ ᠵᠢᠯ ᠳᠤ ᠲᠤᠰ ᠬᠤᠳᠠ ᠶᠢᠨ ᠠᠵᠤ  ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 113.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠥᠬᠦ ᠣᠷᠣᠨ ᠳᠤ ᠲᠡᠳ᠋ᠯᠡᠪᠡ᠃      ᠬᠦᠬᠡᠬᠤᠳᠠ ᠡᠩ ᠲᠠᠷᠢᠬᠦᠨ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠨ ᠠᠬᠢᠭᠤᠯᠵᠤ᠂ ᠢᠯᠢ ᠡᠷᠡᠬᠦᠯ ᠮᠡᠨᠳᠤ ᠶᠢᠨ ᠬᠦᠨᠳᠠᠢ ᠶᠢᠨ 3 ᠲᠦᠮᠡᠨ ᠲᠣᠨ ᠤ ᠰᠦᠨ ᠲᠠᠯᠬ᠎ᠠ ᠶᠢᠨ ᠲᠥᠷᠥᠯ ᠵᠦᠢᠯ ᠪᠤᠯᠤᠨ 45 ᠲᠦᠮᠡᠨ ᠲᠣᠨ ᠤ ᠰᠢᠩᠭᠡᠨ ᠰᠦ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠪᠡ︔ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠠᠷᠢᠯᠭ᠎ᠠ ᠶᠢ ᠡᠬᠢᠯᠡᠬᠦᠯᠪᠡ︔ ᠰᠢ ᠪᠧᠢ ᠶᠢᠨ ᠵᠢᠶᠠ ᠭᠦᠸᠧ ᠯᠦᠩ ᠤᠨ ᠬᠡᠲᠦ ᠲᠡᠰ ᠤᠨ ᠭᠤᠣᠯ ᠲᠣᠭᠤᠭᠠᠨ ᠭᠡᠷ᠂ ᠳ᠋ᠠ ᠳᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠮᠧᠩ ᠨᠢᠤ ᠶᠢᠨ ᠳᠡᠭᠡᠳᠤ ᠰᠢᠨ᠎ᠡ ᠮᠡᠷᠭᠡᠵᠢᠯ ᠤᠨ ᠰᠦᠨ ᠤ ᠦᠢᠯᠡᠰ ᠤᠨ ᠳᠣᠯᠣᠳᠤᠭᠠᠷ ᠬᠤᠭᠤᠴᠠᠭᠠᠨ ᠤ ᠣᠯᠠᠨ ᠳᠠᠪᠬᠤᠷᠭᠠᠲᠤ ᠯᠣᠩᠬᠤ᠂ ᠧᠦ ᠱᠢ ᠮᠧᠩ ᠨᠢᠦ ᠶᠠ ᠱᠢ ᠯᠢ ᠶᠢᠨ ᠬᠤᠷᠢᠨᠭᠡᠷ ᠲᠠᠬᠢ ᠦᠢᠯᠡᠳᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ᠂ ᠵᠦᠩ ᠱᠢ ᠳ᠋ᠡ ᠶᠢᠨ ᠨᠠᠷᠢᠯᠢᠭ ᠪᠣᠭᠤᠳᠠᠯᠯᠠᠬᠤ ᠲᠦᠷᠦᠯ ᠵᠦᠢᠯ ᠵᠡᠷᠭᠡ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠪᠠ︔ ᠵᠦᠩ ᠬᠤᠸᠠᠨ ᠤ ᠲᠠᠪᠤᠳᠤᠭᠠᠷ ᠬᠤᠭᠤᠴᠠᠭᠠᠨ ᠤ ᠲᠥᠷᠥᠯ ᠵᠦᠢᠯ ᠢ ᠪᠠᠷᠢᠯᠭ᠎ᠠ ᠳᠠᠭᠤᠰᠬᠠᠨ ᠠᠰᠢᠡᠡᠯᠡᠯᠳᠡ ᠳᠤ ᠣᠷᠣᠭᠤᠯᠪᠠ︔ ᠵᠢᠤᠲ᠋ᠠᠢ ᠶᠢᠨ 100 ᠲᠦᠮᠡᠨ ᠲᠣᠨ ᠤ ᠡᠲ᠋ᠠ ᠬᠤᠶᠠᠷᠴᠢ ᠠᠯᠺᠣᠣᠯ ᠤᠨ ᠲᠥᠷᠥᠯ  ᠵᠦᠢᠯ ᠤᠨ ᠨᠢᠭᠡ ᠭᠦᠸᠧᠯᠦ ᠶᠢ ᠲᠤᠷᠰᠢᠨ ᠠᠵᠢᠯᠯᠠᠭᠤᠯᠵᠤ᠂ ᠵᠢᠱᠢᠯᠲᠡ ᠪᠠᠷ 11 ᠰᠠᠷ᠎ᠠ ᠠᠴᠠ ᠡᠮᠦᠨ᠎ᠡ ᠬᠡᠰᠡᠭ ᠲᠠᠯ᠎ᠠ ᠪᠠᠷ ᠲᠤᠷᠰᠢᠨ ᠦᠢᠯᠡᠳᠪᠦᠷᠢᠯᠡᠬᠦ ᠱᠠᠲᠤᠨ ᠳᠤ ᠤᠷᠤᠬᠤ ᠪᠤᠯᠤᠨ᠎ᠠ︔ ᠵᠢᠨᠱᠠᠨ ᠢᠯᠴᠢ ᠶᠢᠨ ᠴᠠᠬᠢᠯᠭᠠᠨ ᠤ 2 × 66 ᠲᠦᠮᠡᠨ ᠺᠢᠯᠦᠸᠠᠲ ᠤᠨ ᠢᠯᠴᠢ ᠶᠢᠨ ᠴᠠᠬᠢᠯᠭᠠᠨ ᠤ ᠲᠥᠷᠥᠯ ᠵᠦᠢᠯ ᠵᠡᠷᠭᠡ ᠲᠤᠮᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠥᠮ ᠵᠣᠬᠢᠬᠤ ᠬᠡᠮᠵᠢᠶ᠎ᠡ ᠪᠠᠷ ᠲᠦᠷᠭᠡᠳᠬᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ