ᠡᠷᠡᠭᠦᠯ ᠮᠡᠨᠳᠦ ᠶᠢᠨ ᠺᠣᠳ᠋ ᠪᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠭᠡᠷᠡᠴᠢ ᠪᠠᠷᠢᠮᠲᠠ ᠶᠢ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2021/8/23
                    ᠡᠷᠡᠭᠦᠯ ᠮᠡᠨᠳᠦ ᠶᠢᠨ ᠺᠣᠳ᠋ ᠪᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ                    ᠭᠡᠷᠡᠴᠢ ᠪᠠᠷᠢᠮᠲᠠ ᠶᠢ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠬᠦ ᠲᠤᠬᠠᠶ ᠵᠠᠷᠯᠠᠯ                                     ︵2021 ᠣᠨ ᠤ 37 ᠳ᠋ᠤᠭᠠᠷ ᠲᠤᠭᠠᠲᠤ︶      ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠡᠷᠬᠡ ᠪᠤᠳᠤᠯᠢᠶᠠᠨᠲᠠᠶ ᠪᠠᠶᠢᠨ᠎ᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠣᠯᠤᠨ ᠰᠢᠨ᠎ᠡ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠥᠷᠪᠢᠰᠦᠯ ᠤᠨ  ︽ᠬᠥᠬᠡᠭᠴᠢᠨ ᠲᠥᠷᠥᠯ ᠤᠨ ᠬᠠᠯᠳᠠᠪᠤᠷᠢᠲᠤ ᠡᠪᠡᠳᠴᠢᠨ ᠢ ᠬᠥᠬᠡ ᠲᠥᠷᠥᠯ ᠢᠶᠠᠷ ᠯᠠᠪᠯᠠᠯᠲᠠ ᠪᠣᠯᠭᠠᠨ ᠬᠠᠮᠢᠶᠠᠷᠬᠤ︾ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂  ᠰᠢᠨ᠎ᠡ ᠲᠢᠲᠢᠮᠯᠢᠭ  ᠸᠢᠷᠦ᠋ᠰ ᠤᠨ ᠸᠠᠺᠼᠢᠨ ᠢ ᠳᠠᠷᠢᠬᠤ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠂  ᠲᠣᠬᠢᠷᠠᠬᠤ ᠨᠠᠰᠤᠨ ᠤ ᠲᠠᠷᠢᠯᠭ᠎ᠠ ᠲᠠᠷᠢᠭᠤᠯᠬᠤ  ᠶᠢ ᠴᠡᠭᠡᠷᠯᠡᠬᠦ ᠡᠪᠡᠳᠴᠢᠨ ᠦᠭᠡᠶ ᠬᠥᠮᠦᠰ ︽  ᠲᠠᠷᠢᠭᠤᠯᠬᠤ ᠶᠣᠰᠣᠲᠠᠶ  ᠨᠢ  ᠴᠦᠮ ᠲᠠᠷᠢᠭᠤᠯᠬᠤ︾ ᠶᠢ ᠪᠡᠶᠡᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠪᠥᠬᠦ ᠬᠤᠲᠠ ᠶᠢᠨ ᠠᠵᠤ ᠠᠬᠤᠶ ᠶᠢᠨ ᠲᠣᠭᠲᠠᠭᠤᠨ ᠠᠵᠢᠯᠯᠠᠭᠠᠨ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠦᠴᠦᠲᠡᠶ ᠪᠠᠲᠤᠯᠠᠬᠤ ᠶᠢᠨ ᠲᠥᠯᠥᠭᠡ᠂ ᠡᠳᠦᠭᠡ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠲᠣᠰ ᠡᠳᠦᠷ ᠠᠴᠠ ᠡᠬᠢᠯᠡᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠢᠭᠤᠯᠴᠢᠯᠠᠯ ᠤᠨ ᠦᠵᠡᠮᠵᠢ ᠶᠢᠨ ᠭᠠᠵᠠᠷ ︵ᠦᠵᠡᠮᠵᠢ ᠶᠢᠨ ᠣᠷᠣᠨ︶᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠬᠡᠷ ᠳᠣᠲᠣᠷᠠᠬᠢ ᠨᠢᠭᠲᠠ ᠪᠢᠲᠡᠭᠦᠮᠵᠢᠯᠡᠭᠰᠡᠨ ᠵᠤᠭ᠎ᠠ ᠴᠡᠩᠭᠡᠯ ᠤᠨ ᠲᠠᠯᠠᠪᠤᠷ ᠭᠠᠵᠠᠷ᠂ ᠺᠢᠨᠣ᠋ ᠶᠢᠨ ᠣᠷᠳᠣᠨ ᠂ ᠰᠣᠶᠣᠯ ᠤᠨ ᠣᠷᠳᠣᠨ᠂ ᠨᠣᠮ ᠤᠨ ᠰᠠᠩ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠭᠠᠵᠠᠷ ᠬᠡᠲᠦ ᠳᠡᠯᠭᠡᠭᠦᠷ᠂ ᠡᠮᠴᠢᠯᠡᠭᠡᠨ ᠤ ᠪᠠᠶᠢᠭᠤᠯᠤᠮᠵᠢ᠂ ᠠᠵᠢᠯᠯᠠᠬᠤ ᠲᠠᠯᠠᠪᠤᠷ ᠭᠠᠵᠠᠷ᠂ ᠮᠧᠲᠷᠤ᠋ ︵ᠳᠣᠷᠣᠭᠰᠢ ᠭᠤᠤᠯᠳᠠᠯᠭ᠎ᠠ ᠲᠠᠢ ᠲᠠᠯᠠᠪᠤᠷ ᠭᠠᠵᠠᠷ᠂ ᠣᠯᠠᠨ ᠨᠡᠶᠢᠲᠡ ᠶᠢᠨ ᠲᠠᠯᠠᠪᠤᠷ ᠭᠡᠵᠦ ᠲᠣᠪᠴᠢᠯᠠᠨ᠎ᠠ︶ ᠵᠢᠴᠢ ᠰᠠᠭᠤᠭᠠᠯᠢ ᠠᠷᠠᠳ ᠤᠨ ᠲᠣᠭᠤᠷᠢᠭ  ᠬᠡᠨ ᠭᠤᠤᠯᠯᠠᠨ ᠡᠷᠬᠢᠯᠡᠪᠡᠯ ︵ᠬᠠᠮᠢᠶᠠᠷᠪᠠᠯ︶ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠰᠬᠠᠶ ᠬᠥᠮᠦᠨ ᠳᠣᠭᠢᠷᠠᠭᠤᠯᠤᠨ ᠣᠷᠣᠵᠤ ᠢᠷᠡᠬᠦ ᠬᠦᠮᠦᠰ ᠤᠨ ᠡᠷᠡᠭᠦᠯ ᠮᠡᠨᠳᠦ ᠶᠢᠨ ᠺᠣᠳ᠋ ᠪᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠡᠮᠳᠡᠭᠯᠡᠯ ᠤᠨ ︽ᠬᠤᠶᠠᠷ ᠺᠣᠳ᠋︾ ᠢ ᠬᠠᠮᠳᠤ ᠳᠤᠨᠢ ᠪᠠᠶᠢᠴᠠᠭᠠᠵᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠤᠯᠤᠭᠰᠠᠨ ᠥᠬᠡᠶ ᠬᠥᠮᠦᠰ ᠤᠨ ᠣᠪᠣᠭ ᠨᠡᠷ᠎ᠡ ᠂ ᠤᠳᠠᠰᠤᠨ ᠳ᠋ᠤᠭᠠᠷ ᠪᠠ ᠣᠷᠣᠰᠢᠨ ᠰᠠᠭᠤᠵᠤ ᠪᠠᠶᠢᠭ᠎ᠠ ᠬᠠᠶ᠋ᠢᠭ ᠢ ᠬᠢᠨᠠᠨ ᠬᠠᠷᠭᠤᠭᠤᠯᠵᠤ ᠲᠡᠮᠳᠡᠭᠯᠡᠨ᠂ ᠵᠠᠷᠴᠢᠮ ᠳᠡᠭᠡᠷ᠎ᠡ ᠪᠠᠨ ᠳᠡᠭᠡᠷ᠎ᠡ ᠳᠤᠷᠠᠳᠤᠭᠰᠠᠨ ᠲᠠᠯᠠᠪᠤᠷ ᠲᠤ ᠣᠷᠣᠵᠤ ᠪᠣᠯᠬᠤ ᠥᠬᠡᠶ ︵ᠲᠠᠷᠢᠯᠭ᠎ᠠ ᠲᠠᠷᠢᠭᠤᠯᠬᠤ ᠶᠢ ᠴᠡᠭᠡᠷᠯᠡᠬᠦ ᠭᠡᠷᠡᠴᠢ ᠲᠠᠢ / ᠡᠪᠡᠳᠴᠢᠨ ᠲᠠᠢ ᠪᠠᠷ ᠣᠨᠤᠰᠢᠯᠠᠭᠰᠠᠨ ᠬᠦᠮᠦᠰ ᠢ ᠪᠠᠭᠲᠠᠭᠠᠬᠤ ᠥᠬᠡᠶ︶᠃      ᠬᠤᠶᠠᠷ᠂ ᠡᠯ᠎ᠡ ᠲᠥᠷᠥᠯ ᠤᠨ ᠭᠤᠤᠯᠳᠠᠯᠭ᠎ᠠ ᠲᠠᠢ ᠲᠠᠯᠠᠪᠤᠷ ᠭᠠᠵᠠᠷ᠂ ᠣᠯᠠᠨ ᠨᠡᠶᠢᠲᠡ ᠶᠢᠨ ᠲᠠᠯᠠᠪᠤᠷ ᠨᠢ ᠡᠳᠦᠷ ᠪᠦᠷᠢ ᠶᠢᠨ ᠲᠠᠩᠰᠠᠯᠠᠭᠰᠠᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠤᠯᠤᠭᠰᠠᠨ ᠥᠬᠡᠶ ᠬᠥᠮᠦᠰ ᠤᠨ ᠨᠡᠷᠡᠰ ᠢ ᠬᠠᠷᠢᠶ᠎ᠠ ᠣᠷᠣᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠰᠢᠶᠠᠩ ᠪᠠᠯᠭᠠᠰᠤ︶ ᠲᠤ ᠮᠡᠳᠡᠭᠦᠯᠦᠨ ᠬᠦᠷᠭᠡᠬᠦ ᠬᠡᠷᠡᠭᠲᠡᠶ᠃ ᠰᠠᠭᠤᠭᠠᠯᠢ ᠠᠷᠠᠳ ᠤᠨ ᠲᠣᠭᠤᠷᠢᠭ ︵ᠲᠣᠰᠬᠤᠨ︶  ᠰᠢᠭᠤᠳ ᠨᠡᠶᠢᠭᠡᠮ ᠲᠣᠭᠤᠷᠢᠭ ︵ᠲᠣᠰᠬᠤᠨ ᠤ ᠠᠷᠠᠳ ᠤᠨ ᠵᠥᠪᠯᠡᠯ︶ ᠲᠤ ᠮᠡᠳᠡᠭᠦᠯᠦᠨ ᠬᠦᠷᠭᠡᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠰᠢᠶᠠᠩ ᠪᠠᠯᠭᠠᠰᠤ︶ ᠠᠴᠠ ᠦᠨᠳᠦᠰᠦᠨ ᠱᠠᠲᠤᠨ ᠤ ᠺᠠᠳ᠋ᠷ᠂ ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠵᠤ᠂ ᠬᠠᠮᠢᠶ᠎ᠠ ᠪᠥᠬᠦᠶ ᠬᠥᠮᠦᠰ ᠤᠨ ᠱᠠᠭᠠᠷᠳᠠᠯᠭ᠎ᠠ ᠶᠣᠰᠣᠭᠠᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠠᠷᠢᠭᠤᠯᠤᠭᠰᠠᠨ ᠥᠬᠡᠶ ᠰᠢᠯᠲᠠᠭᠠᠨ ᠢ ᠣᠶᠢᠯᠠᠭᠠᠬᠤ ᠶᠢᠨ ᠬᠠᠮᠲᠤ ᠤᠬᠠᠭᠤᠯᠤᠨ ᠳᠠᠶᠢᠴᠢᠯᠠᠬᠤ ᠪᠠ ᠲᠠᠷᠢᠯᠭ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃      ᠭᠤᠷᠪᠠ᠂ ᠬᠡᠷᠡᠭᠯᠡᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡ ᠪᠠ ᠡᠵᠡᠩᠨᠡᠯᠲᠡ ᠶᠢᠨ ᠠᠵᠤ ᠠᠬᠤᠶᠢᠯᠠᠯ ᠵᠠᠷᠴᠢᠮ ᠳᠡᠭᠡᠷ᠎ᠡ ᠪᠠᠨ ᠨᠢᠭᠡᠨᠲᠡ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠤᠯᠤᠭᠰᠠᠨ ᠠᠵᠢᠯᠲᠠᠨ ᠢ ᠬᠡᠷᠡᠭᠯᠡᠭᠴᠢᠳ ᠲᠤ ᠰᠢᠭᠤᠳ ᠬᠠᠨᠳᠤᠬᠤ ᠦᠢᠯᠡᠴᠢᠯᠡᠭᠡᠨ ᠤ ᠠᠵᠢᠯ ᠤᠨ ᠪᠠᠶᠢᠷᠢ ᠳᠤ ᠲᠣᠬᠢᠷᠠᠭᠤᠯᠤᠨ᠎ᠠ᠃      ᠳᠥᠷᠪᠡ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠠᠵᠢᠯᠴᠢᠨ ᠪᠣᠯᠤᠨ ᠥᠷᠭᠡᠨ ᠣᠯᠠᠨ ᠨᠠᠮ ᠤᠨ ᠭᠡᠰᠢᠭᠦᠨ ᠴᠡᠭᠡᠷᠯᠡᠬᠦ ᠡᠪᠡᠳᠴᠢᠨ ᠤ ᠭᠡᠷᠡᠴᠢᠯᠡᠯ ᠲᠠᠢ ᠬᠦᠮᠦᠰ ᠠᠴᠠ ᠪᠣᠰᠤᠳ ᠨᠢ ︽ᠲᠠᠷᠢᠭᠤᠯᠬᠤ ᠶᠣᠰᠣᠲᠠᠶ ᠨᠢ ᠴᠦᠮ ᠲᠠᠷᠢᠭᠤᠯᠬᠤ︾ ᠶᠢ ᠪᠡᠶᠡᠯᠡᠭᠦᠯᠵᠦ᠂ ᠲᠠᠷᠢᠯᠭ᠎ᠠ ᠲᠠᠷᠢᠭᠤᠯᠤᠭᠰᠠᠨ ᠦᠭᠡᠶ ᠬᠥᠮᠦᠰ ᠢ ᠪᠠᠶᠢᠭ᠎ᠠ ᠨᠢᠭᠡᠴᠡ ᠠᠴᠠ ᠨᠢ 8  ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠷᠭᠡᠬᠡᠨ ᠲᠠᠷᠢᠯᠭ᠎ᠠ ᠲᠠᠷᠢᠭᠤᠯᠬᠤ ᠪᠠᠷ ᠢᠳᠬᠠᠬᠤ ᠬᠡᠷᠡᠭᠲᠡᠶ᠃ ᠴᠡᠭᠡᠷᠯᠡᠬᠦ ᠡᠪᠡᠳᠴᠢᠨ ᠥᠬᠡᠶ ᠪᠠᠶᠢᠲᠠᠯ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠤᠯᠤᠭᠰᠠᠨ ᠥᠬᠡᠶ ᠬᠥᠮᠦᠰ ᠵᠠᠷᠴᠢᠮ ᠳᠡᠭᠡᠷ᠎ᠡ ᠪᠠᠨ ᠬᠤᠷᠠᠯ᠂ ᠪᠣᠯᠪᠠᠰᠤᠷᠠᠭᠤᠯᠤᠯ ᠵᠡᠷᠭᠡ ᠳᠤ ᠣᠷᠣᠯᠴᠠᠵᠤ ᠪᠣᠯᠬᠤ ᠥᠬᠡᠶ ᠪᠥᠭᠡᠳ ᠭᠠᠳᠠᠷ ᠮᠤᠵᠢ ᠳᠤ ᠠᠯᠪᠠᠨ ᠠᠵᠢᠯ ᠢᠶᠠᠷ ᠶᠠᠪᠤᠬᠤ ᠵᠡᠷᠭᠡ ᠠᠯᠪᠠᠨ ᠶᠠᠪᠤᠳᠠᠯ ᠤᠨ ᠠᠵᠢᠯᠯᠠᠭ᠎ᠠ ᠶᠢ ᠨᠢ ᠪᠠᠭᠠᠰᠬᠠᠨ᠎ᠠ᠃      ᠲᠠᠪᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠰᠤᠷᠭᠠᠭᠤᠯᠢ ᠡᠬᠢᠯᠡᠬᠦ ᠠᠴᠠ ᠨᠢᠭᠡ ᠭᠠᠷᠠᠭ ᠤᠨ ᠡᠮᠦᠨ᠎ᠡ ᠪᠣᠶ ᠪᠥᠬᠦᠶ ᠪᠠᠭᠰᠢ ᠠᠵᠢᠯᠲᠠᠨ ᠠᠵᠢᠯᠴᠢᠨ᠂ ᠰᠣᠷᠣᠭᠴᠢ ᠶᠢᠨ ᠲᠠᠷᠢᠯᠭ᠎ᠠ  ᠲᠠᠷᠢᠭᠤᠯᠤᠭᠰᠠᠨ ᠪᠠᠶᠢᠳᠠᠯ ᠢ ᠪᠠᠶᠢᠴᠠᠭᠠᠨ ᠣᠶᠢᠯᠠᠭᠠᠵᠤ᠂ ᠲᠠᠷᠢᠯᠭ᠎ᠠ ᠲᠠᠷᠢᠭᠤᠯᠤᠭᠠᠳᠤᠢ ᠶᠢ ᠪᠠᠶᠢᠭ᠎ᠠ ᠰᠤᠷᠭᠠᠭᠤᠯᠢ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠰᠢᠨ᠎ᠡ ᠪᠠᠷ ᠳᠡᠪᠰᠢᠭᠰᠡᠨ ᠰᠣᠷᠣᠭᠴᠢ ᠪᠠᠭᠲᠠᠨ᠎ᠠ︶ ᠠᠴᠠ  ᠨᠢ ᠰᠤᠷᠭᠠᠭᠤᠯᠢ ᠡᠬᠢᠯᠡᠬᠦ ᠠᠴᠠ ᠡᠮᠦᠨ᠎ᠡ ᠲᠦᠷᠬᠡᠭᠡᠨ ᠲᠠᠷᠢᠯᠭ᠎ᠠ ᠲᠠᠷᠢᠭᠤᠯᠬᠤ ᠪᠠᠷ ᠢᠳᠬᠠᠬᠤ ᠬᠡᠷᠡᠭᠲᠡᠶ᠃      ᠵᠢᠷᠭᠤᠭ᠎ᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠤᠯᠬᠤ ᠶᠢ ᠴᠡᠭᠡᠷᠯᠡᠬᠦ ᠡᠪᠡᠳᠴᠢᠨ ᠤ ᠭᠡᠷᠡᠴᠢ ᠭᠠᠷᠭᠠᠬᠤ ᠴᠢᠬᠤᠯᠠ ᠲᠠᠢ ᠪᠣᠯ ᠪᠡᠶ᠎ᠡ ᠶᠢᠨ ᠦᠨᠡᠮᠯᠡᠯ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠬᠤᠯᠪᠤᠭᠳᠠᠯ ᠪᠥᠬᠦᠶ ᠣᠨᠣᠰᠢᠯᠠᠨ ᠡᠮᠨᠡᠭᠰᠡᠨ ᠲᠡᠮᠳᠡᠭᠯᠡᠯ᠂ ᠡᠪᠡᠳᠴᠢᠨ ᠡᠮᠭᠡᠭ ᠤᠨ ᠭᠡᠷᠡᠴᠢ ᠵᠡᠷᠭᠡ ᠪᠠᠨ ᠠᠪᠴᠤ᠂ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠭᠡᠷᠡᠴᠢ ᠬᠢᠯᠭᠡᠵᠦ ᠠᠪᠤᠭᠠᠷᠠᠢ᠃      ᠳᠣᠯᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠭᠤᠯᠤᠭᠰᠠᠨ ᠥᠬᠡᠶ ︵ᠴᠡᠭᠡᠷᠯᠡᠬᠦ ᠡᠪᠡᠳᠴᠢᠨ  ᠲᠠᠢ ᠠᠴᠠ ᠪᠤᠰᠤᠳ︶  ᠠᠴᠠ ᠪᠣᠯᠵᠣ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠡᠷᠡᠭ ᠡᠭᠦᠰᠭᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠥᠷᠭᠡᠨ ᠤᠯᠠᠨ ᠬᠤᠳᠠ ᠶᠢᠨ ᠠᠷᠠᠳ ᠭᠤᠣᠯᠳᠠᠯᠭ᠎ᠠ ᠲᠠᠢ ᠲᠠᠯᠠᠪᠤᠷ ᠭᠠᠵᠠᠷ᠂ ᠤᠯᠠᠨ ᠨᠡᠶᠢᠲᠡ ᠶᠢᠨ ᠲᠠᠯᠠᠪᠤᠷ ᠵᠢᠴᠢ ᠰᠠᠭᠤᠭᠠᠯᠢ ᠠᠷᠠᠳ ᠤᠨ ᠲᠣᠭᠤᠷᠢᠭ ᠢᠶᠠᠷ ᠣᠷᠣᠵᠤ ᠭᠠᠷᠬᠤ ᠳᠠᠭᠠᠨ ᠬᠤᠯᠪᠤᠭᠳᠠᠯ ᠪᠦᠬᠦᠢ ᠬᠠᠮᠢᠶᠠᠷᠤᠯᠲᠠ ᠶᠢᠨ ᠨᠢᠭᠡᠴᠡ ᠲᠠᠢ ᠢᠳᠡᠪᠬᠢᠲᠡᠢ ᠬᠠᠮᠵᠢᠯᠴᠠᠨ ︽ᠬᠤᠶᠠᠷ ᠺᠣᠳ᠋︾ ᠢ ᠬᠠᠮᠳᠤ  ᠳᠤᠨᠢ ᠪᠠᠶᠢᠴᠠᠭᠠᠬᠤ ᠱᠠᠭᠠᠷᠳᠠᠯᠭ᠎ᠠ ᠶᠢ ᠪᠡᠶᠡᠯᠡᠭᠦᠯᠬᠦ ᠬᠡᠷᠡᠭᠲᠡᠢ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠴᠠᠭ ᠲᠤᠬᠠᠶ ᠳᠤᠨᠢ  ᠲᠠᠷᠢᠭᠤᠯᠤᠭᠰᠠᠨ ᠥᠬᠡᠶ ᠠᠴᠠ ᠪᠣᠯᠵᠣ ᠭᠠᠳᠠᠭᠰᠢ ᠶᠠᠪᠤᠬᠤ ᠪᠠ ᠠᠵᠢᠯᠯᠠᠬᠤ ᠳᠤ ᠳᠥᠭᠦᠮ ᠦᠭᠡᠢ ᠪᠣᠯᠬᠤ ᠠᠴᠠ ᠵᠠᠶᠢᠯᠠᠰᠬᠢᠬᠦ ᠶᠢᠨ ᠲᠥᠯᠥᠭᠡ᠂ ᠴᠡᠭᠡᠷᠯᠡᠬᠦ ᠡᠪᠡᠳᠴᠢᠨ ᠥᠬᠡᠶ ᠪᠠᠶᠢᠳᠠᠯ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠬᠠᠷᠠᠬᠠᠨ ᠲᠠᠷᠢᠭᠤᠯᠤᠭᠠᠳᠤᠢ ᠬᠤᠲᠠ ᠶᠢᠨ ᠠᠷᠠᠳ ᠲᠤ ᠲᠦᠷᠭᠡᠬᠡᠨ ᠳᠠᠷᠢᠵᠤ᠂ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠪᠣᠶ ᠪᠣᠯᠭᠠᠵᠤ᠂ ᠲᠠᠨ ᠤ ᠪᠣᠯᠤᠨ ᠪᠣᠰᠤᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠳᠤᠯᠠᠬᠤ ᠶᠢ ᠣᠨᠴᠠᠭᠠᠶᠢᠯᠠᠨ ᠰᠠᠨᠠᠭᠤᠯᠵᠤ ᠪᠠᠶᠢᠨ᠎ᠠ᠃                    ᠬᠥᠬᠡᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ                   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                   2021 ᠣᠨ ᠤ 8 ᠳ᠋ᠤᠭᠠᠷ ᠰᠠᠷ᠎ᠠ ᠶᠢᠨ 21 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ