ᠮᠠᠨ ᠤ ᠬᠤᠲᠠ 2020 ᠣᠨ ᠤ ᠰᠣᠩᠭᠤᠨ ᠰᠢᠯᠵᠢᠭᠦᠯᠦᠭᠰᠡᠨ ᠰᠣᠷᠣᠭᠴᠢ ᠶᠢ ᠲᠣᠰᠬᠤᠨ ᠳᠤ ᠣᠴᠢᠭᠤᠯᠵᠤ ᠲᠤᠰᠢᠶᠠᠯ ᠡᠭᠦᠷᠭᠡᠯᠡᠭᠦᠯᠬᠦ ᠳᠤ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠶᠢᠨ ᠪᠠᠯᠠ ᠮᠥᠩᠭᠦ ᠶᠢ ᠭᠦᠢᠴᠡᠳ ᠲᠤᠭ᠎ᠠ ᠪᠠᠷ ᠪᠠᠭᠤᠯᠭᠠᠪᠠ
ᠨᠡᠶᠢᠲᠡᠯᠡᠭᠰᠡᠨ ᠴᠠᠭ᠄
2021/8/23
      ︵ᠰᠤᠷᠪᠤᠯᠵᠢᠯᠠᠭᠴᠢ ᠰᠥᠩ ᠰᠢᠶᠠᠩ ᠬᠤᠸᠠ︶ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠰᠤᠩᠭᠤᠨ ᠲᠣᠬᠢᠷᠠᠭᠤᠯᠤᠭᠰᠠᠨ ᠰᠣᠷᠤᠭᠴᠢ  ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠮᠠᠨ ᠤ ᠬᠤᠲᠠ ᠶᠢᠨ 2020 ᠣᠨ ᠤ ᠰᠣᠩᠭᠤᠨ ᠲᠣᠬᠢᠷᠠᠭᠤᠯᠤᠭᠰᠠᠨ ᠰᠣᠷᠣᠭᠴᠢ ᠶᠢᠨ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠥᠪᠡᠷᠲᠡᠭᠡᠨ ᠵᠠᠰᠠᠬᠤ ᠣᠷᠣᠨ ᠤ 108.55 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠳ᠋ᠦᠩᠨᠡᠨ ᠪᠤᠳᠤᠵᠤ ᠪᠠᠭᠤᠯᠭᠠᠪᠠ᠃      ᠣᠶᠢᠯᠠᠭᠠᠭᠰᠠᠨ ᠢᠶᠠᠷ᠂ ᠲᠣᠰ ᠵᠦᠢᠯ ᠤᠨ ᠪᠠᠯᠠ ᠮᠥᠩᠭᠦ ᠶᠢ ᠭᠤᠤᠯᠳᠠᠭᠤ  ᠰᠤᠩᠭᠤᠨ ᠲᠣᠬᠢᠷᠠᠭᠤᠯᠤᠭᠰᠠᠨ ᠰᠤᠷᠤᠭᠴᠢ ᠶᠢᠨ ᠲᠣᠰᠬᠤᠨ ᠳᠤ ᠰᠠᠭᠤᠬᠤ ᠠᠮᠢᠳᠤᠷᠠᠯ ᠤᠨ ᠡᠳ᠋ ᠪᠣᠳᠠᠰ ᠬᠤᠳᠠᠯᠳᠤᠨ ᠠᠪᠬᠤ᠂ ᠬᠦᠮᠦᠵᠢᠯ ᠪᠣᠯᠪᠠᠰᠤᠷᠠᠭᠤᠯᠤᠯ᠂ ᠤᠯᠤᠰ ᠤᠨ ᠪᠠᠶᠢᠳᠠᠯ ᠤᠨ ᠪᠠᠶᠢᠴᠠᠭᠠᠨ ᠰᠤᠳᠤᠯᠤᠯᠳ᠋᠊᠂ ᠣᠯᠠᠨ ᠲᠦᠮᠡᠨ ᠳᠤ ᠦᠢᠯᠡᠴᠢᠯᠡᠬᠦ ᠵᠡᠷᠭᠡ ᠳᠥᠷᠪᠡᠨ ᠲᠠᠯ᠎ᠠ ᠳᠤ ᠬᠡᠷᠡᠭᠯᠡᠨ᠎ᠡ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠰᠢᠯᠵᠢᠭᠦᠯᠦᠨ ᠥᠭᠬᠦ ᠶᠢᠨ ᠬᠠᠮᠲᠤ ᠡᠯ᠎ᠡ ᠭᠠᠵᠠᠷ ᠣᠷᠣᠨ ᠤ ᠵᠣᠭᠤᠰ ᠬᠡᠷᠡᠭᠯᠡᠬᠦ  ᠨᠢᠭᠡᠴᠡ ᠳᠤ ᠪᠡᠯᠡ ᠮᠥᠩᠭᠦ ᠬᠡᠷᠡᠭᠯᠡᠬᠦ ᠱᠠᠭᠠᠷᠳᠠᠯᠭ᠎ᠠ ᠳᠤᠷᠠᠳᠴᠤ᠂ ᠡᠯ᠎ᠡ ᠵᠣᠭᠤᠰ ᠬᠡᠷᠡᠭᠯᠡᠬᠦ ᠨᠢᠭᠡᠴᠡ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠴᠢᠩᠭ᠎ᠠ ᠬᠡᠷᠡᠭᠵᠢᠭᠦᠯᠵᠦ᠂ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ