ᠬᠥᠬᠡᠬᠤᠲᠠ 12 ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠡᠵᠡᠩᠨᠡᠨ ᠪᠣᠷᠣᠯᠠᠭᠤᠯᠬᠤ ᠪᠡᠶᠡᠴᠢ ᠴᠣᠭᠴᠠ ᠶᠢ ᠵᠠᠷᠯᠠᠨ ᠲᠤᠩᠬᠠᠭᠯᠠᠪᠠ
ᠨᠡᠶᠢᠲᠡᠯᠡᠭᠰᠡᠨ ᠴᠠᠭ᠄
2021/8/23
      ᠤᠶᠢᠷ᠎ᠠ ᠳᠤ᠂ ᠰᠤᠷᠪᠤᠯᠵᠢᠯᠠᠭᠴᠢ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠬᠤᠭᠤᠴᠠᠭᠠᠨ ᠳᠤ᠂ ᠲᠣᠰ ᠲᠣᠪᠴᠢᠶ᠎ᠠ ᠭᠤᠤᠯᠳᠠᠯᠭ᠎ᠠ ᠲᠠᠢ ᠪᠠᠶᠢᠴᠠᠭᠠᠯᠲᠠ ᠪᠠᠷ ᠳᠡᠮᠵᠢᠨ᠂ ᠬᠥᠬᠡᠬᠤᠲᠠ ᠶᠢᠨ ᠮᠠ ᠯᠧ ᠴᠢᠩ ᠢᠳᠡᠭᠡᠨ ᠤ ᠬᠢᠵᠠᠭᠠᠷᠲᠤ ᠺᠣᠮᠫᠠᠨᠢ ᠵᠡᠷᠭᠡ 12 ᠡᠷᠦᠬᠡ ᠢᠳᠡᠭᠡᠨ ᠤ ᠡᠵᠡᠩᠨᠡᠨ ᠪᠣᠷᠣᠯᠠᠭᠤᠯᠬᠤ ᠭᠤᠤᠯ ᠴᠣᠭᠴᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠥᠬᠡᠶ᠂ ︽ᠦᠪᠦᠷ ᠮᠤᠩᠭᠤᠯ ᠤᠨ ᠬᠦᠢᠲᠡᠨ ᠬᠡᠯᠬᠢᠶᠡᠲᠦ ᠢᠳᠡᠭᠡᠨ ᠤ ᠮᠦᠷᠳᠡᠯᠲᠡ ᠶᠢᠨ ᠰᠢᠰᠲ᠋ᠧᠮ︾ ᠳᠤ ᠰᠠᠭᠤᠷᠢᠰᠢᠬᠤ᠂ ᠭᠤᠶᠤᠴᠢᠯᠠᠨ ᠮᠡᠳᠡᠭᠦᠯᠬᠦ᠂ ᠬᠥᠮᠥᠷᠭᠡ ᠠᠴᠠ ᠭᠠᠷᠭᠠᠬᠤ᠂ ᠺᠣᠳ᠋ ᠣᠯᠭᠤᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠦᠭᠰᠡᠨ ᠥᠬᠡᠶ ᠪᠠᠶᠢᠳᠠᠯ ᠢ ᠣᠯᠵᠤ ᠮᠡᠳᠡᠵᠦ᠂ ᠢᠯᠡ ᠪᠠᠷ ᠵᠠᠷᠯᠠᠨ ᠲᠤᠩᠬᠠᠭᠯᠠᠪᠠ᠃       ᠵᠠᠷᠯᠠᠯ ᠳᠤ᠂ ᠬᠦᠬᠡᠬᠤᠲᠠ ᠶᠢᠨ ᠮᠠ ᠯᠧ ᠴᠢᠩ ᠢᠳᠡᠭᠡᠨ ᠤ ᠬᠢᠵᠠᠭᠠᠷᠲᠤ ᠺᠣᠮᠫᠠᠨᠢ᠂ ᠬᠦᠬᠡᠬᠤᠲᠠ ᠶᠢᠨ ᠢᠦ᠋ᠢᠴᠢᠤᠸᠠᠡ ᠲᠣᠭᠤᠷᠢᠭ ᠤᠨ ᠰᠢᠨ ᡁᠢ ᠬᠠᠶ ᠲᠤᠤ ᠬᠥᠯᠳᠡᠭᠡᠭᠰᠡᠨ ᠢᠳᠡᠭᠡᠨ ᠤ ᠳᠡᠯᠭᠡᠭᠦᠷ᠂ ᠬᠦᠬᠡᠬᠤᠲᠠ ᠶᠢᠨ ᠢᠦ᠋ᠢᠴᠢᠤᠸᠠᠡ ᠲᠣᠭᠤᠷᠢᠭ ᠤᠨ ᠰᠢ ᠸᠠᠩ ᠲᠢᠶᠠᠨ ᠶᠧ ᠤᠰᠤᠨ ᠭᠠᠷᠤᠯᠲᠠ ᠡᠵᠡᠩᠨᠡᠨ ᠪᠣᠷᠣᠯᠠᠭᠤᠯᠬᠤ ᠬᠤᠳᠠᠯᠳᠤᠭ᠎ᠠ᠂ ᠬᠦᠬᠡᠬᠤᠲᠠ ᠶᠢᠨ ᠢᠦ᠋ᠢᠴᠢᠤᠸᠠᠡ ᠲᠣᠭᠤᠷᠢᠭ ᠤᠨ ᠰᠢᠶᠠᠩ ᠴᠢᠩ ᠮᠢᠬᠠᠨ ᠢᠳᠡᠭᠡᠨ ᠪᠣᠯᠪᠠᠰᠤᠷᠠᠭᠤᠯᠬᠤ ᠭᠠᠵᠠᠷ᠂ ᠬᠦᠬᠡᠬᠤᠲᠠ ᠶᠢᠨ ᠢᠦ᠋ᠢᠴᠢᠤᠸᠠᠡ ᠲᠣᠭᠤᠷᠢᠭ ᠤᠨ ᠺᠠᠩ ᠮᠧᠩ ᠢᠳᠡᠭᠡᠨ ᠪᠣᠷᠣᠯᠠᠭᠤᠯᠬᠤ ᠭᠠᠵᠠᠷ᠂ ᠬᠦᠬᠡᠬᠤᠲᠠ ᠶᠢᠨ ᠢᠦ᠋ᠢᠴᠢᠤᠸᠠᠡ ᠲᠣᠭᠤᠷᠢᠭ ᠤᠨ ᠲᠢᠶᠠᠨ ᠴᠦᠨ ᠴᠢᠶᠠᠩ ᠤᠰᠤᠨ ᠭᠠᠷᠤᠯᠲᠠ ᠪᠥᠭᠡᠮ ᠢᠶᠠᠷ ᠪᠣᠷᠣᠯᠠᠭᠤᠯᠬᠤ ᠭᠠᠵᠠᠷ᠂ ᠥᠪᠥᠷ ᠮᠣᠩᠭᠤᠯ ᠤᠨ ᠰᠠᠨ ᠯᠢᠦ ᠡᠤ ᠬᠠᠭᠰᠠᠭᠠᠭᠰᠠᠨ ᠪᠤᠭᠤᠷᠰᠤᠭ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠲᠢᠶᠠᠨ ᠳ᠋ᠧ ᠸᠧᠶ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠦ᠋ ᠶᠤᠸᠠᠶ ᠰᠢᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠪᠡᠭᠡᠵᠢᠩ ᠤᠨ ᠰᠢᠩ ᠪᠠ ᠺᠧ ᠺᠣᠹᠧ ᠶᠢᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠮᠥᠸᠧ ᠡᠯ ᠴᠧᠩ ᠺᠣᠹᠧ ᠶᠢᠨ ᠳᠡᠯᠭᠡᠭᠦᠷ᠂ ᠬᠦᠬᠡᠬᠤᠲᠠ ᠶᠢᠨ ᠰᠠᠶᠢᠬᠠᠨ ᠲᠣᠭᠤᠷᠢᠭ ᠤᠨ ᠰᠢᠶᠧ ᠬᠤ᠋ ᠡᠤ ᠶᠠᠫᠤᠨ ᠬᠤᠭᠤᠯᠠᠨ ᠭᠡᠷ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠲᠢᠩ ᠲᠢᠩ ᠰᠢᠷᠠᠭᠰᠠᠨ ᠮᠢᠬᠠᠨ ᠬᠤᠭᠤᠯᠠᠨ ᠭᠡᠷ ᠵᠡᠷᠭᠡ 12 ᠡᠷᠦᠬᠡ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠡᠵᠡᠩᠨᠡᠨ ᠪᠣᠷᠣᠯᠠᠭᠤᠯᠬᠤ ᠭᠤᠤᠯ ᠴᠣᠭᠴᠠ ᠶᠢ 5 ᠡᠳᠦᠷ ᠤᠨ ᠳᠣᠲᠣᠷ᠎ᠠ ︽ᠦᠪᠦᠷ ᠮᠤᠩᠭᠤᠯ ᠤᠨ ᠬᠦᠢᠲᠡᠨ ᠬᠡᠯᠬᠢᠶᠡᠲᠦ ᠢᠳᠡᠭᠡᠨ ᠤ ᠮᠦᠷᠳᠡᠯᠲᠡ ᠶᠢᠨ ᠰᠢᠰᠲ᠋ᠧᠮ︾ ᠮᠡᠳᠡᠭᠡ ᠵᠠᠩᠭᠢ ᠶᠢ ᠨᠥᠬᠦᠵᠦ ᠲᠡᠮᠳᠡᠭᠯᠡᠬᠦ ᠠᠵᠢᠯ ᠢ ᠪᠡᠶᠡᠯᠡᠭᠦᠯᠬᠦ ᠬᠡᠷᠡᠭᠲᠡᠶ᠂ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ